ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠨᠢᠭᠤᠷ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-06-16

    ᠰᠢᠨᠬᠤᠸᠠ ᠬᠤᠷᠢᠶᠠᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 13᠎ᠤ ᠡᠳᠦᠷ᠎ᠤᠨ ᠴᠠᠬᠢᠯᠭ᠋ᠠᠨ ᠮᠡᠳᠡᠭᠡ  ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ 6 ᠳ᠋ᠤᠭ᠋ᠠᠷ ᠰᠠᠷ᠎ᠠ ᠵᠢᠨ 13᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠤᠯᠤᠰ (ᠱᠠᠩᠬᠠᠢ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠬᠢᠬᠦ ᠣᠷᠣᠨ᠎ᠤ ᠲᠤᠷᠰᠢᠯᠲᠠ ᠵᠢᠨ ᠴᠡᠭ᠎ᠤᠨ ᠠᠷᠭ᠎ᠠ ᠬᠡᠮᠵᠢᠶ᠎ᠡ ᠵᠢ ᠬᠠᠭᠤᠯᠪᠤᠷᠢᠯᠠᠨ ᠳᠡᠯᠭᠡᠷᠡᠭᠦᠯᠬᠦ ᠠᠵᠢᠯ᠎ᠢ ᠪᠠᠶ᠋ᠢᠷᠢᠯᠠᠭᠤᠯᠵᠤ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠬᠡᠪ ᠵᠠᠭᠪᠤᠷ᠎ᠢ ᠪᠠᠶ᠋ᠢᠭᠤᠯᠬᠤ ᠪᠠ ᠰᠠᠶ᠋ᠢᠨ ᠭᠡᠷ ᠪᠠᠶ᠋ᠢᠰᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠬᠤᠯᠪᠣᠭᠳᠠᠯ ᠪᠦᠬᠦᠢ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ 《ᠢᠲᠡᠭᠡᠮᠵᠢ ᠵᠢᠨ ᠢᠯᠭ᠋ᠠᠷᠠᠭᠤᠯᠤᠨ ᠰᠡᠷᠭᠦᠭᠡᠬᠦ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠲᠥᠰᠥᠯ》᠎ᠢ ᠬᠢᠨᠠᠨ ᠶᠠᠷᠢᠯᠴᠠᠵᠤ ᠪᠠᠲᠤᠯᠠᠨ᠂ ᠡᠮ᠎ᠤᠨ ᠵᠦᠢ᠍ᠯ ᠪᠠ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠵᠢᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ᠎ᠪᠠᠨ ᠰᠢᠯᠢᠳᠡᠭᠵᠢᠭᠦᠯᠬᠦ ᠵᠢ ᠰᠤᠳᠤᠯᠪᠠ᠃
    ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠳᠤ ᠳᠤᠮᠳᠠᠳᠤ ᠤᠯᠤᠰ (ᠱᠠᠩᠬᠠᠢ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠬᠢᠬᠦ ᠣᠷᠣᠨ ᠵᠶ᠋ᠠᠨ ᠪᠦᠬᠦ ᠲᠠᠯ᠎ᠠ᠎ᠪᠠᠷ ᠵᠣᠯᠭ᠋ᠠᠭᠤᠯᠤᠭᠰᠠᠨ ᠲᠤᠷᠰᠢᠯᠲᠠ ᠵᠢᠨ ᠴᠡᠭ᠎ᠤᠨ ᠲᠤᠷᠰᠢᠯᠭ᠎ᠠ ᠵᠢ ᠰᠠᠶ᠋ᠢᠲᠤᠷ ᠠᠰᠢᠭᠯᠠᠵᠤ᠂ ᠨᠡᠩ ᠶᠡᠭᠡ ᠬᠡᠪᠴᠢᠶᠡᠨ᠎ᠳᠤ ᠳᠦᠷᠢᠮ᠎ᠤᠨ ᠰᠢᠨ᠎ᠡ ᠡᠭᠦᠳᠦᠯᠲᠡ ᠵᠢᠨ ᠴᠡᠪᠡᠷ ᠠᠰᠢᠭ᠎ᠢ ᠪᠠᠳᠠᠷᠠᠭᠤᠯᠵᠤ᠂ ᠥᠨᠳᠥᠷ ᠲᠦᠪᠰᠢᠨ᠎ᠲᠠᠢ ᠨᠡᠭᠡᠭᠡᠯᠲᠡ᠎ᠪᠠᠷ ᠭᠦᠨᠵᠡᠭᠡᠢ ᠥᠭᠡᠷᠡᠴᠢᠯᠡᠯᠲᠡ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠲᠤᠬᠠᠢ ᠵᠢᠨ ᠭᠠᠵᠠᠷ᠎ᠤᠨ ᠪᠠᠶ᠋ᠢᠳᠠᠯ᠎ᠳᠤ᠎ᠨᠢ ᠲᠣᠬᠢᠷᠠᠭᠤᠯᠤᠨ ᠬᠠᠭᠤᠯᠪᠤᠷᠢᠯᠠᠨ ᠳᠡᠯᠭᠡᠷᠡᠭᠦᠯᠬᠦ ᠠᠵᠢᠯ᠎ᠢ ᠰᠠᠶ᠋ᠢᠲᠤᠷ ᠬᠢᠵᠦ᠂ ᠡᠯ᠎ᠡ ᠭᠠᠵᠠᠷ᠎ᠤᠨ ᠪᠣᠳᠠᠲᠠᠢ ᠪᠠᠶ᠋ᠢᠳᠠᠯ᠎ᠢ ᠭᠦᠢ᠍ᠴᠡᠳ ᠪᠣᠳᠣᠯᠬᠢᠯᠠᠨ᠂ ᠠᠵᠤ ᠠᠬᠤᠶ᠋ᠢᠯᠠᠯ ᠪᠠ ᠤᠯᠠᠨ ᠲᠦᠮᠡᠨ᠎ᠳᠤ ᠪᠠᠴᠢᠮ ᠱᠠᠭ᠋ᠠᠷᠳᠠᠭᠳᠠᠵᠤ ᠪᠠᠶ᠋ᠢᠭ᠎ᠠ ᠲᠤᠷᠰᠢᠯᠲᠠ ᠵᠢᠨ ᠴᠡᠭ᠎ᠤᠨ ᠠᠷᠭ᠎ᠠ ᠬᠡᠮᠵᠢᠶ᠎ᠡ ᠵᠢ ᠭᠤᠣᠯᠳᠠᠯᠭ᠎ᠠ᠎ᠲᠠᠢ᠎ᠪᠠᠷ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠵᠢᠨ ᠲᠤᠷᠰᠢᠯᠲᠠ ᠵᠢᠨ ᠴᠡᠭ᠎ᠤᠨ ᠪᠤᠰᠤᠳ ᠠᠷᠭ᠎ᠠ ᠬᠡᠮᠵᠢᠶ᠎ᠡ᠎ᠯᠦᠭᠡ ᠵᠣᠬᠢᠴᠠᠭᠤᠯᠬᠤ ᠪᠠ ᠵᠣᠯᠭ᠋ᠠᠭᠤᠯᠬᠤ ᠵᠢ ᠰᠠᠶ᠋ᠢᠲᠤᠷ ᠬᠢᠬᠦ ᠬᠡᠷᠡᠭᠲᠡᠢ᠃ ᠲᠦᠭᠰᠢᠭᠦᠷᠢ ᠵᠢᠨ ᠬᠤᠷᠢᠭ᠎ᠠ ᠱᠤᠭᠤᠮ᠎ᠢ ᠪᠠᠲᠤ ᠰᠠᠬᠢᠭᠰᠠᠨ ᠤᠷᠢᠲᠠᠯ ᠳᠣᠣᠷ᠎ᠠ᠂ ᠳᠦᠷᠢᠮ᠎ᠤᠨ ᠬᠡᠯᠪᠡᠷᠢ ᠪᠦᠬᠦᠢ ᠨᠡᠭᠡᠭᠡᠯᠲᠡ ᠬᠢᠬᠦ ᠲᠤᠷᠰᠢᠯᠲᠠ ᠵᠢ ᠨᠡᠩ ᠴᠢᠩᠭ᠎ᠠ ᠡᠷᠴᠢᠮ᠎ᠲᠠᠢ ᠥᠷᠨᠢᠭᠦᠯᠵᠦ᠂ ᠨᠡᠩ ᠥᠨᠳᠥᠷ ᠲᠦᠪᠰᠢᠨ᠎ᠲᠠᠢ ᠨᠡᠭᠡᠭᠡᠯᠲᠡᠲᠦ ᠬᠡᠯᠪᠡᠷᠢ ᠪᠦᠬᠦᠢ ᠠᠵᠤ ᠠᠬᠤᠢ ᠵᠢᠨ ᠰᠢᠨ᠎ᠡ ᠪᠠᠶ᠋ᠢᠭᠤᠯᠤᠯ᠎ᠢ ᠲᠦᠷᠭᠡᠨ ᠪᠠᠶ᠋ᠢᠭᠤᠯᠬᠤ ᠬᠡᠷᠡᠭᠲᠡᠢ ᠭᠡᠵᠡᠢ᠃
    ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠬᠡᠪ ᠵᠠᠭᠪᠤᠷ᠎ᠢ ᠪᠠᠶ᠋ᠢᠭᠤᠯᠬᠤ᠎ᠨᠢ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ᠂ ᠡᠷᠡᠭᠦᠯ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠂ ᠠᠯᠤᠰ᠎ᠢ ᠪᠣᠳᠣᠯᠬᠢᠯᠠᠨ᠂ ᠲᠣᠭᠲᠠᠭᠤᠨ᠎ᠤ ᠳᠤᠮᠳᠠ ᠤᠷᠤᠭᠰᠢᠯᠠᠬᠤ᠂ ᠤᠷᠢᠳ ᠵᠶ᠋ᠠᠷ ᠰᠢᠨ᠎ᠡ ᠵᠢ ᠪᠠᠶ᠋ᠢᠭᠤᠯᠤᠨ ᠳᠠᠷᠠᠭ᠎ᠠ᠎ᠨᠢ ᠬᠠᠭᠤᠴᠢᠨ᠎ᠢ ᠠᠷᠢᠯᠭ᠋ᠠᠬᠤ᠎ᠪᠠᠨ ᠪᠠᠷᠢᠮᠲᠠᠯᠠᠵᠤ᠂ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ᠎ᠢ ᠡᠮᠬᠢ ᠵᠢᠷᠤᠮ᠎ᠲᠠᠢ ᠪᠠᠶ᠋ᠢᠭᠤᠯᠬᠤ ᠬᠡᠷᠡᠭᠲᠡᠢ᠃ 《ᠰᠠᠶ᠋ᠢᠨ ᠭᠡᠷ ᠪᠠᠶ᠋ᠢᠰᠢᠩ》᠎ᠤᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠬᠦᠴᠦᠲᠡᠢ ᠠᠬᠢᠭᠤᠯᠵᠤ᠂ ᠬᠤᠲᠠ ᠵᠢᠨ ᠰᠢᠨᠡᠳᠬᠡᠬᠦ ᠲᠣᠭᠲᠠᠴᠠ᠎ᠳᠤ ᠣᠷᠣᠭᠤᠯᠤᠭ᠋ᠠᠳ ᠠᠵᠢᠯ ᠵᠶ᠋ᠠᠨ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠵᠤ᠂ ᠲᠥᠯᠦᠪᠵᠢᠭᠦᠯᠭᠡ᠂ ᠭᠠᠵᠠᠷ ᠰᠢᠷᠣᠢ᠂ ᠡᠳ᠋᠎ᠤᠨ ᠵᠠᠰᠠᠭ᠂ ᠮᠥᠩᠭᠦᠨ ᠭᠦᠢ᠍ᠯᠭᠡᠭᠡ ᠵᠡᠷᠭᠡ ᠲᠠᠯ᠎ᠠ᠎ᠪᠠᠷ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ ᠬᠡᠷᠡᠭᠲᠡᠢ᠃ ᠪᠥᠬᠦ ᠤᠯᠤᠰ᠎ᠤᠨ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠢᠭᠡᠨᠲᠡ ᠬᠠᠩᠭ᠋ᠠᠭᠰᠠᠨ ᠭᠠᠵᠠᠷ ᠰᠢᠷᠣᠢ ᠪᠠ ᠪᠠᠶ᠋ᠢᠭᠤᠯᠵᠤ ᠪᠠᠶ᠋ᠢᠭ᠎ᠠ ᠲᠥᠷᠥᠯ ᠵᠦᠢ᠍ᠯ᠎ᠤᠨ ᠪᠠᠶ᠋ᠢᠳᠠᠯ᠎ᠢ ᠣᠶ᠋ᠢᠯᠠᠭ᠋ᠠᠵᠤ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠥᠷᠥ ᠵᠢᠨ ᠪᠣᠳᠣᠯᠭ᠎ᠠ ᠬᠡᠷᠡᠭᠵᠢᠭᠦᠯᠬᠦ ᠰᠢᠰᠲ᠋ᠧᠮᠲᠦ ᠴᠢᠨᠠᠷ ᠪᠠ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ᠂ ᠣᠯᠠᠨ ᠠᠷᠭ᠎ᠠ ᠵᠢ ᠵᠡᠷᠭᠡ᠎ᠪᠠᠷ ᠬᠡᠷᠡᠭᠯᠡᠵᠦ ᠪᠠᠶ᠋ᠢᠭ᠋ᠠᠳ ᠵᠢᠱ᠌ᠢᠯᠲᠡ ᠵᠢ ᠲᠣᠭᠲᠠᠪᠤᠷᠢᠵᠢᠭᠤᠯᠤᠨ᠂ ᠬᠡᠷᠡᠭᠴᠡᠭᠡ ᠵᠢ ᠬᠥᠭᠵᠢᠭᠡᠨ᠂ ᠬᠠᠩᠭ᠋ᠠᠯᠭ᠎ᠠ ᠵᠢ ᠰᠢᠯᠢᠳᠡᠭᠵᠢᠭᠦᠯᠦᠨ᠂ ᠲᠦᠭᠰᠢᠭᠦᠷᠢ ᠵᠢ ᠠᠷᠢᠯᠭ᠋ᠠᠵᠤ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠯᠲᠠ ᠵᠢ ᠵᠣᠭᠰᠣᠭ᠋ᠠᠵᠤ ᠲᠣᠭᠲᠠᠭᠤᠨ ᠪᠠᠶ᠋ᠢᠳᠠᠯ᠎ᠳᠤ ᠣᠷᠣᠭᠤᠯᠬᠤ ᠵᠢ ᠨᠠᠩ ᠴᠢᠩᠭ᠎ᠠ ᠡᠷᠴᠢᠮ᠎ᠲᠠᠢ ᠠᠬᠢᠭᠤᠯᠬᠤ ᠬᠡᠷᠡᠭᠲᠡᠢ ᠭᠡᠵᠡᠢ᠃
    ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠨᠢᠭᠡᠳᠦᠯᠲᠡᠢ ᠵᠢᠷᠤᠮᠵᠢᠭᠤᠯᠬᠤ᠂ ᠬᠠᠮᠵᠢᠯᠴᠠᠨ ᠬᠠᠮᠲᠤ᠎ᠪᠠᠷ ᠡᠳ᠋ᠯᠡᠬᠦ᠂ ᠰᠢᠨᠵᠢᠯᠡᠬᠦ ᠤᠬᠠᠭ᠋ᠠᠨᠴᠢ ᠥᠨᠳᠥᠷ ᠪᠦᠲᠦᠮᠵᠢᠲᠡᠢ ᠪᠠᠶ᠋ᠢᠯᠭ᠋ᠠᠬᠤ ᠢᠲᠡᠭᠡᠮᠵᠢ ᠵᠢᠨ ᠢᠯᠭ᠋ᠠᠷᠠᠭᠤᠯᠤᠨ ᠰᠡᠷᠭᠦᠭᠡᠬᠦ ᠲᠣᠭᠲᠠᠴᠠ ᠵᠢ ᠲᠡᠭᠦᠯᠳᠡᠷᠵᠢᠭᠦᠯᠬᠦ᠎ᠪᠠᠨ ᠲᠦᠷᠭᠡᠳᠬᠡᠵᠦ᠂ ᠢᠲᠡᠭᠡᠯ ᠠᠯᠳᠠᠭᠰᠠᠨ ᠭᠤᠣᠯ ᠴᠣᠭᠴᠠ ᠵᠢᠨ ᠢᠲᠡᠭᠡᠮᠵᠢ᠎ᠪᠠᠨ ᠳᠠᠬᠢᠨᠲᠠ ᠴᠣᠭᠴᠠᠯᠠᠬᠤ ᠵᠢ᠎ᠨᠢ ᠨᠡᠩ ᠰᠠᠶ᠋ᠢᠲᠤᠷ ᠬᠠᠪᠰᠤᠷᠬᠤ ᠬᠡᠷᠡᠭᠲᠡᠢ᠃ ᠳᠦᠷᠢᠮ᠎ᠢ ᠨᠢᠭᠡᠳᠦᠯᠲᠡᠢ ᠢᠯᠭ᠋ᠠᠷᠠᠭᠤᠯᠤᠨ ᠰᠡᠷᠭᠦᠭᠡᠵᠦ᠂ ᠬᠢᠷᠢ ᠬᠡᠮ᠎ᠢ ᠬᠢᠨᠠᠨ ᠪᠠᠶ᠋ᠢᠴᠠᠭ᠋ᠠᠬᠤ᠂ ᠶᠠᠪᠤᠴᠠ᠎ᠳᠤ ᠬᠢᠨᠠᠯᠲᠠ ᠲᠠᠯᠪᠢᠬᠤ᠂ ᠦᠷ᠎ᠡ ᠳ᠋ᠦᠩ᠎ᠢ ᠦᠨᠡᠯᠡᠬᠦ ᠵᠡᠷᠭᠡ ᠭᠤᠭᠴᠣᠭ᠋ᠠᠨ᠎ᠤ ᠪᠠᠷᠢᠮᠵᠢᠶ᠎ᠠ ᠪᠠ ᠵᠢᠷᠤᠮᠵᠢᠯ᠎ᠢ᠎ᠨᠢ ᠪᠦᠷᠢᠨᠰᠢᠭᠦᠯᠬᠦ ᠬᠡᠷᠡᠭᠲᠡᠢ᠃ ᠳ᠋ᠠᠶ᠋ᠢᠲ᠋ᠠ ᠵᠢᠨ ᠬᠤᠷᠢᠭ᠎ᠠ ᠰᠠᠭ᠋ᠠᠳ᠎ᠢ ᠠᠷᠢᠯᠭ᠋ᠠᠨ᠂ ᠳ᠋ᠠᠶ᠋ᠢᠲ᠋ᠠ ᠵᠢ ᠬᠠᠮᠲᠤ᠎ᠪᠠᠷ ᠡᠳ᠋ᠯᠡᠬᠦ ᠬᠡᠪᠴᠢᠶ᠎ᠡ᠂ ᠠᠷᠭ᠎ᠠ᠂ ᠳᠠᠪᠲᠠᠮᠵᠢ ᠵᠢ ᠲᠦᠷᠭᠡᠬᠡᠨ ᠲᠣᠳᠣᠷᠬᠠᠶ᠋ᠢᠯᠠᠵᠤ᠂ ᠬᠠᠮᠢᠶ᠎ᠠ ᠪᠦᠬᠦᠢ ᠬᠦᠷᠢᠶᠡᠨ᠎ᠳᠠᠬᠢ ᠨᠡᠶ᠋ᠢᠭᠡᠮ᠎ᠤᠨ ᠳ᠋ᠠᠶ᠋ᠢᠲ᠋ᠠ ᠵᠢᠨ ᠬᠤᠯᠪᠣᠯᠳᠤᠨ ᠨᠡᠪᠲᠡᠷᠡᠯᠴᠡᠬᠦ ᠵᠢ ᠠᠬᠢᠭᠤᠯᠬᠤ ᠬᠡᠷᠡᠭᠲᠡᠢ᠃ ᠰᠠᠯᠠᠭ᠎ᠠ ᠮᠥᠴᠢᠷ᠎ᠤᠳ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠭᠥᠯᠢᠶᠡᠨ ᠠᠪᠴᠤ ᠭᠦᠢ᠍ᠴᠡᠳᠬᠡᠬᠦ᠂ ᠰᠢᠨᠡᠳᠬᠡᠨ ᠬᠠᠷᠢᠭᠤ ᠲᠤᠰᠬᠠᠬᠤ᠂ ᠣᠨᠳᠣᠣ ᠰᠠᠨᠠᠯ᠎ᠢ ᠰᠢᠢ᠍ᠳᠪᠦᠷᠢᠯᠡᠬᠦ ᠵᠡᠷᠭᠡ ᠠᠵᠢᠯ᠎ᠳᠤ᠎ᠪᠠᠨ ᠨᠢᠭᠲᠠ ᠬᠠᠮᠵᠢᠯᠴᠠᠵᠤ᠂ ᠨᠡᠶ᠋ᠢᠯᠡᠯ ᠬᠦᠴᠦᠨ᠎ᠢ ᠪᠦᠷᠢᠯᠳᠦᠭᠦᠯᠬᠦ ᠬᠡᠷᠡᠭᠲᠡᠢ ᠭᠡᠵᠡᠢ᠃
    ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠡᠮ᠎ᠤᠨ ᠵᠦᠢ᠍ᠯ ᠪᠠ ᠬᠤᠷᠣᠭᠳᠠᠯ ᠮᠠᠲ᠋ᠧᠷᠢᠶᠠᠯ᠎ᠤᠨ ᠲᠥᠪᠯᠡᠷᠡᠭᠦᠯᠦᠨ ᠬᠤᠳᠠᠯᠳᠤᠨ ᠠᠪᠬᠤ ᠲᠦᠷᠦ ᠵᠢᠨ ᠪᠣᠳᠣᠯᠭ᠎ᠠ ᠵᠢ ᠦᠨᠡᠯᠡᠨ ᠵᠢᠱ᠌ᠢᠬᠦ᠎ᠪᠠᠨ ᠴᠢᠩᠭ᠋ᠠᠳᠬᠠᠵᠤ᠂ ᠲᠤᠷᠰᠢᠯᠭ᠎ᠠ᠎ᠪᠠᠨ ᠳ᠋ᠦᠩᠨᠡᠨ᠂ ᠳᠤᠲᠠᠭᠤᠳᠠᠯ ᠵᠶ᠋ᠠᠨ ᠨᠥᠬᠦᠪᠦᠷᠢᠯᠡᠵᠦ᠂ ᠲᠥᠪᠯᠡᠷᠡᠭᠦᠯᠦᠨ ᠬᠤᠳᠠᠯᠳᠤᠨ ᠠᠪᠬᠤ ᠠᠵᠢᠯ᠎ᠢ ᠵᠢᠷᠤᠮᠵᠢᠭᠤᠯᠤᠨ ᠳᠦᠷᠢᠮᠵᠢᠭᠦᠯᠵᠦ ᠪᠠᠶ᠋ᠢᠩᠭᠤᠰᠢᠭᠤᠯᠤᠨ ᠥᠷᠨᠢᠭᠦᠯᠬᠦ ᠵᠢ ᠠᠬᠢᠭᠤᠯᠬᠤ ᠬᠡᠷᠡᠭᠲᠡᠢ᠃ ᠡᠮᠴᠢᠯᠡᠭᠡ᠂ ᠡᠮᠴᠢᠯᠡᠭᠡᠨ᠎ᠤ ᠪᠠᠲᠤᠯᠠᠭ᠎ᠠ᠂ ᠡᠮ ᠡᠮᠨᠡᠯᠭᠡ ᠵᠢᠨ ᠬᠠᠮᠵᠢᠯᠴᠠᠭᠰᠠᠨ ᠬᠥᠭᠵᠢᠯᠲᠡ ᠪᠠ ᠵᠠᠰᠠᠯᠲᠠ ᠵᠢ ᠨᠠᠩ ᠰᠠᠶ᠋ᠢᠲᠤᠷ ᠠᠬᠢᠭᠤᠯᠵᠤ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠨᠥᠬᠦᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠦᠨ᠂ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ᠎ᠨᠢ ᠳᠡᠮᠵᠢᠵᠦ᠂ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮ ᠬᠡᠷᠡᠭᠯᠡᠬᠦ ᠣᠯᠠᠨ ᠡᠰᠢᠴᠢᠯᠡᠭᠰᠡᠨ ᠬᠡᠷᠡᠭᠴᠡᠭᠡ ᠵᠢ ᠨᠠᠩ ᠰᠠᠶ᠋ᠢᠲᠤᠷ ᠬᠠᠩᠭ᠋ᠠᠬᠤ ᠬᠡᠷᠡᠭᠲᠡᠢ᠃ ᠡᠮ᠎ᠤᠨ ᠵᠦᠢ᠍ᠯ ᠪᠠ ᠬᠤᠷᠣᠭᠳᠠᠯ ᠮᠠᠲ᠋ᠧᠷᠢᠶᠠᠯ᠎ᠤᠨ ᠦᠢ᠍ᠯᠡᠳᠪᠦᠷᠢᠯᠡᠯ᠂ ᠭᠦᠢ᠍ᠯᠭᠡᠭᠡ᠂ ᠬᠡᠷᠡᠭᠯᠡᠯᠲᠡ ᠵᠢᠨ ᠪᠦᠬᠦ ᠬᠡᠯᠬᠢᠶᠡᠨ᠎ᠳᠠᠬᠢ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠳᠠᠭᠤᠷᠢᠶᠠᠮᠠᠯ ᠡᠮ᠎ᠤᠨ ᠶᠠᠰᠤ ᠴᠢᠨᠠᠷ ᠪᠠ ᠡᠮᠴᠢᠯᠡᠭᠡᠨ᠎ᠤ ᠦᠢ᠍ᠯᠡᠳᠦᠯ᠎ᠤᠨ ᠨᠢᠭᠡᠳᠦᠯᠲᠡᠢ ᠴᠢᠨᠠᠷ᠎ᠤᠨ ᠦᠨᠡᠯᠡᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠯᠠᠨ᠎ᠤ ᠰᠠᠨᠠᠭ᠎ᠠ ᠠᠮᠤᠷ ᠡᠮ ᠬᠡᠷᠡᠭᠯᠡᠬᠦ ᠵᠢ ᠪᠠᠲᠤᠯᠠᠬᠤ ᠬᠡᠷᠡᠭᠲᠡᠢ ᠭᠡᠵᠡᠢ᠃
    ᠬᠤᠷᠠᠯᠳᠤᠭ᠋ᠠᠨ ᠵᠶ᠋ᠠᠷ ᠪᠠᠰᠠ ᠪᠤᠰᠤᠳ ᠵᠦᠢ᠍ᠯᠡᠰ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠺᠠᠽᠠᠬᠰᠲ᠋ᠠᠨ᠎ᠤ ᠶᠡᠷᠦᠩᠬᠡᠶ᠋ᠢᠯᠡᠭᠴᠢ ᠲᠦᠸᠧᠺᠠᠶᠧᠹ᠎ᠲᠠᠢ ᠬᠡᠯᠡᠯᠴᠡᠭᠡ ᠬᠢᠪᠡ
ᠰᠢ ᠵᠢᠨ ᠫᠢᠩ ᠬᠤᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠳᠤᠮᠳᠠ ᠠᠽᠢᠶ᠎ᠠ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠦᠭᠡ ᠬᠡᠯᠡᠪᠡ
ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯᠳᠤᠭ᠋ᠠᠨ ᠬᠤᠷᠠᠯᠳᠤᠪᠠ ᠰᠢ ᠵᠢᠨ ᠫᠢᠩ ᠬᠤᠷᠠᠯᠳᠤᠭ᠋ᠠᠨ᠎ᠢ ᠡᠷᠬᠢᠯᠡᠪᠡ
ᠯᠢ ᠴᠢᠶᠠᠩ ᠲᠥᠪᠡᠳ᠎ᠲᠦ ᠪᠠᠢᠴᠠᠭᠠᠨ ᠰᠤᠳᠤᠯᠤᠯᠲᠠ ᠬᠢᠬᠦ᠎ᠳᠦ᠎ᠪᠡᠨ ᠴᠢᠬᠤᠯᠠᠴᠢᠯᠠᠭᠰᠠᠨ ᠨᠢ ᠄ ᠤᠯᠤᠰ᠎ᠤᠨ ᠴᠢᠬᠤᠯᠠ ᠶᠡᠬᠡ ᠢᠨᠵᠧᠨᠧᠷᠢᠩ᠎ᠦᠨ ᠲᠥᠷᠥᠯ ᠵᠦᠢᠯ᠎ᠢ ᠴᠢᠨᠠᠷ ᠰᠠᠢᠲᠠᠢ ᠬᠡᠷᠡᠭᠵᠢᠭᠦᠯᠵᠦ  ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠵᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠤᠶᠠᠨ ᠵᠢᠷᠭᠠᠯ᠎ᠢ ᠨᠡᠮᠡᠭᠳᠡᠭᠦᠯᠬᠦ ᠬᠡᠷᠡᠭᠲᠡᠢ
ᠰᠢ ᠵᠢᠨ ᠫᠢᠩ ᠲᠦᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠲᠡᠭᠡᠳᠤ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠤᠯᠪᠠᠰᠤᠷᠠᠯ᠎ᠤᠨ ᠠᠩᠭᠢ ᠵᠢᠨ ᠬᠢᠴᠢᠶᠡᠯ ᠡᠬᠢᠯᠡᠬᠦ ᠶᠤᠰᠤᠯᠠᠯ ᠲᠡᠭᠡᠷ᠎ᠡ ᠴᠢᠬᠤᠯᠠ ᠶᠠᠷᠢᠶ᠎ᠡ ᠲᠠᠯᠪᠢᠵᠤ ᠴᠢᠬᠤᠯᠠᠴᠢᠯᠠᠬᠰᠡᠨ᠎ᠨᠢ ᠨᠠᠮ᠎ᠤᠨ ᠢᠷᠠᠭᠤ ᠠᠯᠳᠠᠷᠳᠤ ᠤᠯᠠᠮᠵᠢᠯᠠᠯ ᠪᠠ ᠰᠢᠯᠢᠳᠡᠭ ᠰᠤᠷᠳᠠᠯ᠎ᠤᠨ ᠦᠨᠡᠨᠴᠢ ᠰᠢᠳᠤᠷᠭᠤ ᠵᠠᠯᠭ᠋ᠠᠮᠵᠢᠯᠠᠬ᠍ᠴᠢ ᠪᠤᠯᠬᠤ᠎ᠪᠠᠷ ᠵᠤᠷᠢᠭ ᠰᠢᠭᠤᠳᠴᠤ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠲᠡᠷᠢᠬᠦᠨ᠎ᠤ᠎ᠬᠢ ᠵᠢ ᠡᠭᠦᠳᠬᠦ᠎ᠪᠠᠷ ᠡᠷᠡᠮᠡᠭᠡᠶ᠋ᠢᠯᠡᠨ ᠲᠠᠮᠠᠴᠡᠵᠤ ᠭᠠᠪᠢᠶ᠎ᠡ ᠪᠠᠶ᠋ᠢᠭᠤᠯᠤᠨ ᠦᠢ᠍ᠯᠡᠰ ᠪᠦᠳᠦᠭᠡᠬᠦ ᠭᠡᠷᠡᠭᠳᠠᠢ ᠸᠠᠩ ᠬᠤ᠌ ᠨᠢᠩ ᠤᠷᠤᠯᠴᠠᠵᠠᠢ
 
            