ᠰᠢᠨᠬᠤᠸᠠ ᠬᠤᠷᠢᠶ᠎ᠠ ᠵᠢᠨ ᠠᠰᠲ᠋ᠠᠨᠠ ᠵᠢᠨ 6 ᠰᠠᠷ᠎ᠠ ᠵᠢᠨ 16᠎ᠤ ᠴᠠᠭᠢᠯᠭ᠋ᠠᠨ ᠮᠡᠳᠡᠭᠡ ᠲᠤᠬᠠᠢ ᠵᠢᠨ ᠭᠠᠵᠠᠷ᠎ᠤᠨ ᠴᠠᠭ ᠵᠶ᠋ᠠᠷ 6 ᠰᠠᠷ᠎ᠠ ᠵᠢᠨ 16᠎ᠤ ᠦᠳᠡ ᠵᠢᠨ ᠬᠤᠶ᠋ᠢᠨ᠎ᠠ᠂ ᠺᠠᠽᠠᠬᠰᠲ᠋ᠠᠨ᠎ᠤ ᠶᠡᠷᠦᠩᠬᠡᠶ᠋ᠢᠯᠡᠭᠴᠢ ᠲᠦᠸᠧᠺᠠᠶᠧᠹ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠲᠠᠢ ᠠᠰᠲ᠋ᠠᠨᠠ᠎ᠳᠠᠬᠢ ᠶᠡᠷᠦᠩᠬᠡᠶ᠋ᠢᠯᠡᠭᠴᠢ ᠵᠢᠨ ᠣᠷᠳᠣᠨ᠎ᠳᠤ ᠬᠡᠯᠡᠯᠴᠡᠭᠡ ᠬᠢᠪᠡ᠃

ᠲᠤᠬᠠᠢ ᠵᠢᠨ ᠭᠠᠵᠠᠷ᠎ᠤᠨ ᠴᠠᠭ ᠵᠶ᠋ᠠᠷ 6 ᠰᠠᠷ᠎ᠠ ᠵᠢᠨ 16᠎ᠤ ᠦᠳᠡ ᠵᠢᠨ ᠬᠤᠶ᠋ᠢᠨ᠎ᠠ᠂ ᠺᠠᠽᠠᠬᠰᠲ᠋ᠠᠨ᠎ᠤ ᠶᠡᠷᠦᠩᠬᠡᠶ᠋ᠢᠯᠡᠭᠴᠢ ᠲᠦᠸᠧᠺᠠᠶᠧᠹ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠲᠠᠢ ᠠᠰᠲ᠋ᠠᠨᠠ᠎ᠳᠠᠬᠢ ᠶᠡᠷᠦᠩᠬᠡᠶ᠋ᠢᠯᠡᠭᠴᠢ ᠵᠢᠨ ᠣᠷᠳᠣᠨ᠎ᠳᠤ ᠬᠡᠯᠡᠯᠴᠡᠭᠡ ᠬᠢᠪᠡ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠬᠤᠸᠠᠩ ᠵᠢᠩ ᠸᠧᠨ ᠰᠡᠭᠦᠳᠡᠷᠯᠡᠪᠡ
ᠰᠢ ᠵᠢᠨ ᠫᠢᠩ᠂ ᠳᠤᠮᠳᠠᠳᠤ ᠺᠠᠽᠠᠬᠰᠲ᠋ᠠᠨ᠎ᠤ ᠬᠠᠷᠢᠯᠴᠠᠭ᠎ᠠ ᠳᠡᠯᠡᠬᠡᠢ ᠵᠢᠨ ᠤᠷᠪᠠᠭ᠋ᠠᠨ ᠬᠥᠷᠪᠡᠭᠡᠨ᠎ᠲᠠᠢ ᠪᠠᠶ᠋ᠢᠳᠠᠯ᠎ᠤᠨ ᠰᠢᠯᠭ᠋ᠠᠯᠲᠠ ᠵᠢ ᠲᠤᠭᠤᠯᠵᠤ᠂ ᠢᠮᠠᠭᠲᠠ ᠥᠨᠳᠥᠷ ᠲᠦᠪᠰᠢᠨ ᠪᠦᠬᠦᠢ ᠠᠵᠢᠯᠯᠠᠭ᠋ᠠᠨ ᠵᠶ᠋ᠠᠨ ᠪᠠᠲᠤᠯᠠᠭᠰᠠᠭ᠋ᠠᠷ ᠢᠷᠡᠵᠠᠢ᠂ ᠡᠨᠡ᠎ᠨᠢ ᠠᠭᠤᠯᠠ ᠤᠰᠤ᠎ᠪᠠᠷ ᠵᠶ᠋ᠠᠨ ᠵᠠᠯᠭ᠋ᠠᠯᠳᠤᠭᠰᠠᠨ ᠭᠠᠵᠠᠷ ᠣᠷᠣᠨ᠎ᠤ ᠳᠠᠪᠠᠭᠤᠯᠢᠭ ᠪᠣᠯᠣᠨ ᠦᠶ᠎ᠡ ᠵᠢᠨ ᠦᠶ᠎ᠡ᠎ᠳᠡᠭᠡᠨ ᠨᠥᠭᠦᠷᠰᠡᠭ ᠪᠠᠶ᠋ᠢᠭᠰᠠᠨ ᠲᠡᠦᠬᠡ ᠵᠢᠨ ᠤᠯᠠᠮᠵᠢᠯᠠᠯ᠎ᠠᠴᠠ ᠪᠣᠯᠤᠭᠰᠠᠨ ᠶᠤᠮ᠂ ᠪᠠᠰᠠ ᠴᠤ᠌ ᠬᠤᠶᠠᠷ ᠤᠯᠤᠰ᠎ᠤᠨ ᠬᠠᠮᠲᠤ᠎ᠪᠠᠷ ᠬᠥᠭᠵᠢᠯᠲᠡ ᠵᠢ ᠡᠷᠢᠯᠬᠢᠯᠡᠬᠦ ᠵᠠᠶ᠋ᠢᠯᠠᠰᠢ ᠦᠭᠡᠢ ᠰᠣᠩᠭᠤᠯᠲᠠ ᠪᠣᠯᠣᠨ᠎ᠠ᠃ ᠣᠶ᠋ᠢᠷ᠎ᠠ ᠵᠢᠨ ᠵᠢᠯ᠎ᠠᠴᠠ᠂ ᠪᠢᠳᠡᠨ᠎ᠤ ᠬᠠᠮᠲᠤ ᠵᠢᠨ ᠵᠢᠷᠤᠭ ᠲᠥᠯᠥᠪᠯᠡᠭᠡ ᠳᠣᠣᠷ᠎ᠠ᠂ ᠳᠤᠮᠳᠠᠳᠤ ᠺᠠᠽᠠᠬᠰᠲ᠋ᠠᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠶᠠᠰᠤ ᠴᠢᠨᠠᠷ ᠨᠡᠩ ᠭᠦᠢ᠍ᠴᠡᠳ᠂ ᠠᠭᠤᠯᠤᠭᠳᠠᠬᠤᠨ ᠨᠡᠩ ᠪᠠᠶᠠᠯᠢᠭ ᠪᠣᠯᠵᠤ᠂ ᠦᠨᠡᠨ ᠪᠣᠳᠠᠲᠠᠢ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠦᠷ᠎ᠡ ᠪᠦᠲᠦᠭᠡᠯ ᠦᠷᠭᠦᠯᠵᠢᠯᠡᠨ ᠢᠯᠡᠷᠡᠵᠦ᠂ ᠬᠤᠶᠠᠷ ᠤᠯᠤᠰ᠎ᠤᠨ ᠠᠷᠠᠳ ᠲᠦᠮᠡᠨ᠎ᠤ ᠬᠦᠷᠲᠡᠮᠵᠢ ᠵᠢᠨ ᠲᠥᠷᠥᠭᠳᠡᠯ᠎ᠢ ᠬᠦᠴᠦᠲᠡᠢ ᠳᠡᠭᠡᠭᠰᠢᠯᠡᠭᠦᠯᠪᠡ᠃ ᠳᠤᠮᠳᠠᠳᠤ ᠤᠯᠤᠰ ᠢᠮᠠᠭᠲᠠ ᠪᠠᠶ᠋ᠢᠯᠳᠤᠬᠤ ᠪᠣᠳᠣᠯᠭ᠎ᠠ ᠵᠢᠨ ᠥᠨᠳᠥᠷᠴᠡ ᠪᠣᠯᠣᠨ ᠠᠯᠤᠰ ᠭᠡᠳᠤ ᠵᠢᠨ ᠬᠠᠷᠠᠭ᠋ᠠᠰᠤ᠎ᠠᠴᠠ ᠳᠤᠮᠳᠠᠳᠤ ᠺᠠᠽᠠᠬᠰᠲ᠋ᠠᠨ᠎ᠤ ᠬᠠᠷᠢᠯᠴᠠᠭ᠎ᠠ᠎ᠳᠤ ᠬᠠᠨᠳᠤᠵᠤ᠂ ᠳᠤᠷᠠᠲᠠᠶ᠎ᠠ ᠺᠠᠽᠠᠬᠰᠲ᠋ᠠᠨ᠎ᠤ᠎ᠬᠢᠨ᠎ᠲᠠᠢ ᠬᠠᠮᠲᠤ᠎ᠪᠠᠷ ᠳᠤᠮᠳᠠᠳᠤ ᠺᠠᠽᠠᠬᠰᠲ᠋ᠠᠨ᠎ᠤ ᠨᠥᠬᠦᠷᠯᠡᠯ᠎ᠢ ᠡᠷᠡᠰ ᠭᠤᠶ᠋ᠢᠪᠢᠰᠢ ᠦᠭᠡᠢ ᠪᠠᠬᠢᠵᠢᠭᠦᠯᠵᠦ᠂ ᠳᠤᠮᠳᠠᠳᠤ ᠺᠠᠽᠠᠬᠰᠲ᠋ᠠᠨ᠎ᠤ ᠬᠠᠷᠢᠯᠴᠠᠭ᠋ᠠᠨ᠎ᠤ ᠲᠣᠭᠲᠠᠭᠤᠨ ᠴᠢᠨᠠᠷ ᠪᠣᠯᠣᠨ ᠢᠳᠡᠪᠬᠢ ᠬᠦᠴᠦᠨ ᠵᠶ᠋ᠠᠷ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠵᠢᠨ ᠡᠩᠬᠡ ᠲᠠᠶ᠋ᠢᠪᠤᠩ ᠪᠣᠯᠣᠨ ᠬᠥᠭᠵᠢᠯᠲᠡ᠎ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠦ ᠵᠢᠭ᠋ᠠᠵᠤ ᠭᠠᠷᠭ᠋ᠠᠪᠠ᠃

ᠲᠤᠬᠠᠢ ᠵᠢᠨ ᠭᠠᠵᠠᠷ᠎ᠤᠨ ᠴᠠᠭ ᠵᠶ᠋ᠠᠷ 6 ᠰᠠᠷ᠎ᠠ ᠵᠢᠨ 16᠎ᠤ ᠦᠳᠡ ᠵᠢᠨ ᠬᠤᠶ᠋ᠢᠨ᠎ᠠ᠂ ᠺᠠᠽᠠᠬᠰᠲ᠋ᠠᠨ᠎ᠤ ᠶᠡᠷᠦᠩᠬᠡᠶ᠋ᠢᠯᠡᠭᠴᠢ ᠲᠦᠸᠧᠺᠠᠶᠧᠹ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ᠎ᠲᠠᠢ ᠠᠰᠲ᠋ᠠᠨᠠ᠎ᠳᠠᠬᠢ ᠶᠡᠷᠦᠩᠬᠡᠶ᠋ᠢᠯᠡᠭᠴᠢ ᠵᠢᠨ ᠣᠷᠳᠣᠨ᠎ᠳᠤ ᠬᠡᠯᠡᠯᠴᠡᠭᠡ ᠬᠢᠪᠡ᠃ ᠬᠡᠯᠡᠯᠴᠡᠭᠡ ᠲᠡᠭᠦᠰᠦᠭᠰᠡᠨ᠎ᠤ ᠳᠠᠷᠠᠭ᠎ᠠ᠂ ᠬᠤᠶᠠᠷ ᠤᠯᠤᠰ᠎ᠤᠨ ᠲᠡᠷᠢᠭᠦᠨ ᠬᠤᠶᠠᠷ ᠲᠠᠯ᠎ᠠ᠎ᠪᠠᠷ ᠵᠶ᠋ᠠᠨ 10 ᠭᠠᠷᠤᠢ ᠬᠤᠪᠢ ᠬᠤᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ ᠰᠣᠯᠢᠯᠴᠠᠬᠤ ᠵᠢ ᠬᠠᠮᠲᠤ᠎ᠪᠠᠷ ᠭᠡᠷᠡᠴᠢᠯᠡᠪᠡ᠃ ᠵᠢᠷᠤᠭ ᠪᠣᠯ ᠰᠢ ᠵᠢᠨ ᠫᠢᠩ ᠲᠦᠸᠧᠺᠠᠶᠧᠹ᠎ᠲᠠᠢ ᠭᠠᠷ ᠠᠳᠬᠤᠵᠤ ᠪᠠᠶ᠋ᠢᠭ᠎ᠠ᠎ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠯᠢ ᠲᠤᠤ ᠰᠡᠭᠦᠳᠡᠷᠯᠡᠪᠡ
ᠰᠢ ᠵᠢᠨ ᠫᠢᠩ᠂ ᠳᠤᠮᠳᠠᠳᠤ ᠺᠠᠽᠠᠬᠰᠲ᠋ᠠᠨ ᠴᠥᠮ ᠲᠤᠰ ᠲᠤᠰ᠎ᠤᠨ ᠵᠶ᠋ᠠᠨ ᠬᠥᠭᠵᠢᠯ ᠮᠠᠨᠳᠤᠯ᠎ᠤᠨ ᠵᠠᠩᠭᠢᠯᠠᠭ᠎ᠠ ᠵᠢᠨ ᠱᠠᠲᠤᠨ᠎ᠳᠤ ᠣᠷᠣᠰᠢᠵᠤ ᠪᠤᠢ᠂ ᠬᠤᠶᠠᠷ ᠤᠯᠤᠰ ᠵᠶ᠋ᠠᠷ ᠵᠶ᠋ᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠦᠭᠦ ᠲᠠᠯ᠎ᠠ ᠵᠢᠨ ᠬᠠᠮᠲᠤᠷᠠᠯᠴᠠᠭ᠎ᠠ ᠵᠢ ᠠᠬᠢᠭᠤᠯᠤᠶ᠎ᠠ᠃ ᠨᠢᠭᠡ᠎ᠳᠤ᠂ ᠥᠨᠳᠥᠷ ᠲᠦᠪᠰᠢᠨ ᠪᠦᠬᠦᠢ ᠪᠠᠶ᠋ᠢᠯᠳᠤᠬᠤ ᠪᠣᠳᠣᠯᠭ᠎ᠠ ᠵᠢᠨ ᠢᠲᠡᠭᠡᠯᠴᠡᠭᠡ᠎ᠪᠠᠷ ᠬᠤᠶᠠᠷ ᠲᠠᠯ᠎ᠠ ᠵᠢᠨ ᠬᠠᠷᠢᠯᠴᠠᠭ᠎ᠠ ᠵᠢᠨ ᠬᠥᠭᠵᠢᠯᠲᠡ ᠵᠢ ᠬᠥᠲᠥᠯᠥᠨ ᠳᠠᠭ᠋ᠠᠭᠤᠯᠵᠤ᠂ ᠲᠤᠰ ᠲᠤᠰ᠎ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶ᠋ᠢᠭ᠎ᠠ ᠴᠢᠬᠤᠯᠠ ᠶᠡᠭᠡ ᠠᠰᠠᠭᠤᠳᠠᠯ᠎ᠤᠨ ᠲᠠᠯ᠎ᠠ᠎ᠪᠠᠷ ᠦᠷᠭᠦᠯᠵᠢᠯᠡᠨ ᠬᠠᠷᠢᠯᠴᠠᠨ ᠡᠷᠡᠰ ᠳᠡᠮᠵᠢᠯᠴᠡᠵᠦ᠂ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠪᠠᠨ ᠵᠣᠯᠭ᠋ᠠᠭᠤᠯᠬᠤ ᠵᠢ ᠠᠬᠢᠭᠤᠯᠵᠤ᠂ ᠤᠷᠪᠠᠭ᠋ᠠᠨ ᠬᠥᠷᠪᠡᠭᠡᠨᠤ ᠳᠤᠮᠳᠠ ᠲᠤᠰ ᠲᠤᠰ᠎ᠤᠨ ᠵᠶ᠋ᠠᠨ ᠪᠠᠲᠤ ᠴᠢᠩᠭ᠎ᠠ ᠥᠮᠥᠭ ᠲᠦᠰᠢᠭ ᠪᠣᠯᠵᠤ᠂ ᠬᠥᠭᠵᠢᠨ ᠮᠠᠨᠳᠤᠬᠤ ᠳᠤᠮᠳᠠ᠎ᠪᠠᠨ ᠬᠠᠷᠢᠯᠴᠠᠨ ᠠᠰᠢᠭᠲᠠᠢ ᠲᠤᠰᠠᠯᠠᠬᠤ ᠬᠦᠴᠦᠨ ᠪᠣᠯᠣᠯᠴᠠᠶ᠎ᠠ᠃ ᠬᠤᠶᠠᠷ᠎ᠲᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠵᠤ ᠬᠤᠶᠠᠷ ᠤᠯᠤᠰ᠎ᠤᠨ ᠬᠠᠮᠲᠤᠷᠠᠯᠴᠠᠭ᠋ᠠᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ ᠵᠡᠷᠭᠡ ᠤᠯᠠᠮᠵᠢᠯᠠᠯᠲᠤ ᠬᠠᠮᠲᠤᠷᠠᠯᠴᠠᠭ᠋ᠠᠨ᠎ᠤ ᠳᠠᠪᠠᠭᠤᠯᠢᠭ ᠵᠶ᠋ᠠᠨ ᠪᠠᠬᠢᠵᠢᠭᠦᠯᠵᠦ᠂ ᠬᠢᠯᠢ ᠠᠯᠤᠰᠯᠠᠭᠰᠠᠨ ᠲᠡᠮᠦᠷ ᠵᠠᠮ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠪᠣᠯᠣᠨ ᠬᠢᠯᠢ ᠵᠢᠨ ᠪᠣᠭᠤᠮᠲᠠ ᠵᠢᠨ ᠰᠠᠭᠤᠷᠢ ᠲᠥᠬᠦᠭᠡᠷᠦᠮᠵᠢ ᠵᠢᠨ ᠥᠭᠡᠷᠡᠴᠢᠯᠡᠯᠲᠡ ᠵᠢ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠵᠶ᠋ᠠᠨ ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ᠎ᠤᠨ ᠬᠠᠮᠲᠤᠷᠠᠯᠴᠠᠭ᠎ᠠ ᠵᠢ ᠥᠷᠭᠡᠳᠬᠡᠵᠦ᠂ ᠪᠣᠬᠢᠷᠳᠤᠯ ᠦᠭᠡᠢ ᠦᠷᠭᠦᠯᠵᠢᠯᠡᠬᠦ ᠬᠥᠭᠵᠢᠯᠲᠡ ᠵᠢ ᠠᠬᠢᠭᠤᠯᠤᠶ᠎ᠠ᠃ ᠭᠤᠷᠪᠠ᠎ᠳᠤ᠂ ᠪᠦᠭᠦ ᠲᠠᠯ᠎ᠠ ᠵᠢᠨ ᠠᠮᠤᠷ ᠲᠦᠪᠰᠢᠨ᠎ᠤ ᠬᠠᠮᠲᠤᠷᠠᠯᠴᠠᠭ᠎ᠠ᠎ᠪᠠᠷ ᠬᠤᠶᠠᠷ ᠤᠯᠤᠰ᠎ᠤᠨ ᠡᠩᠬᠡ ᠲᠠᠶ᠋ᠢᠪᠤᠩ ᠠᠮᠤᠷ ᠲᠣᠭᠲᠠᠭᠤᠨ᠎ᠢ ᠬᠠᠮᠠᠭ᠋ᠠᠯᠠᠵᠤ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠪᠣᠯᠣᠨ ᠰᠡᠷᠭᠡᠶ᠋ᠢᠯᠡᠯᠲᠡ ᠵᠢᠨ ᠠᠵᠢᠯ᠎ᠤᠨ ᠰᠣᠯᠢᠯᠴᠠᠭ᠎ᠠ᠎ᠪᠠᠨ ᠥᠷᠭᠡᠳᠬᠡᠵᠦ᠂ 《ᠭᠤᠷᠪᠠᠨ ᠵᠦᠢ᠍ᠯ᠎ᠤᠨ ᠬᠦᠴᠦᠨ》᠎ᠳᠤ ᠬᠠᠮᠲᠤ᠎ᠪᠠᠷ ᠴᠣᠬᠢᠯᠲᠠ ᠥᠭᠴᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠪᠣᠯᠣᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠦᠶ᠎ᠡ᠃ ᠳᠥᠷᠪᠡ᠎ᠳᠤ᠂ ᠤᠯᠠᠨ ᠡᠰᠢᠴᠢᠯᠡᠭᠰᠡᠨ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠷ ᠳᠤᠮᠳᠠᠳᠤ ᠺᠠᠽᠠᠬᠰᠲ᠋ᠠᠨ᠎ᠤ ᠨᠥᠬᠦᠷᠯᠡᠯ᠎ᠤᠨ ᠰᠠᠭᠤᠷᠢ ᠵᠢ ᠪᠠᠬᠢᠵᠢᠭᠦᠯᠵᠦ᠂ ᠺᠠᠽᠠᠬᠰᠲ᠋ᠠᠨ᠎ᠤ 《ᠳᠤᠮᠳᠠᠳᠤ ᠤᠯᠤᠰ᠎ᠤᠨ ᠵᠢᠭᠤᠯᠴᠢᠯᠠᠯ᠎ᠤᠨ ᠣᠨ》᠎ᠢ ᠰᠠᠶ᠋ᠢᠲᠤᠷ ᠡᠷᠭᠢᠯᠡᠵᠤ᠂ ᠵᠠᠯᠠᠭᠤᠴᠤᠳ᠂ ᠵᠠᠭᠤᠴᠢᠯᠠᠭᠤᠷ᠂ ᠤᠶᠤᠨ᠎ᠤ ᠬᠥᠮᠥᠷᠭᠡ᠂ ᠣᠷᠣᠨ ᠨᠤᠲᠤᠭ᠎ᠤᠨ᠎ᠬᠢᠨ᠎ᠤ ᠰᠣᠯᠢᠯᠴᠠᠭ᠎ᠠ᠎ᠪᠠᠨ ᠴᠢᠩᠭ᠋ᠠᠳᠬᠠᠬᠤ ᠵᠢ ᠵᠣᠷᠢᠭᠵᠢᠭᠤᠯᠤᠶ᠎ᠠ ᠭᠡᠵᠦ ᠴᠢᠬᠤᠯᠠᠴᠢᠯᠠᠪᠠ᠃
ᠰᠢ ᠵᠢᠨ ᠫᠢᠩ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠵᠢᠨ ᠪᠠᠶ᠋ᠢᠳᠠᠯ᠎ᠤᠨ ᠡᠮᠦᠨ᠎ᠡ᠂ ᠳᠤᠮᠳᠠᠳᠤ ᠺᠠᠽᠠᠬᠰᠲ᠋ᠠᠨ ᠬᠤᠶᠠᠷ ᠲᠠᠯ᠎ᠠ᠎ᠪᠠᠷ ᠵᠶ᠋ᠠᠨ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠎ᠪᠠᠷ ᠭᠤᠣᠯ ᠪᠤᠯᠭ᠋ᠠᠬᠰᠠᠨ ᠤᠯᠠᠨ ᠤᠯᠤᠰ᠎ᠤᠨ ᠰᠢᠰᠲ᠋ᠧᠮ ᠪᠣᠯᠣᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠡᠮᠬᠢ ᠳᠢᠭᠯᠢᠮ᠎ᠢ ᠡᠷᠡᠰ ᠬᠠᠮᠠᠭ᠋ᠠᠯᠠᠵᠤ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ᠎ᠪᠠᠷ ᠥᠷᠭᠡᠨ ᠤᠯᠠᠨ ᠬᠥᠭᠵᠢᠵᠦ ᠪᠠᠶ᠋ᠢᠭ᠎ᠠ ᠤᠯᠤᠰ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠶ᠎ᠠ᠃ ᠺᠠᠽᠠᠬᠰᠲ᠋ᠠᠨ ᠬᠤᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠳᠤᠮᠳᠠ ᠠᠽᠢᠶ᠎ᠠ ᠵᠢᠨ ᠲᠦᠷᠦᠭᠦᠴᠦᠳ᠎ᠤᠨ ᠬᠤᠷᠠᠯ᠎ᠳᠤ ᠶᠡᠭᠡ ᠬᠡᠮᠵᠢᠶᠡᠨ᠎ᠤ ᠪᠡᠯᠡᠳᠬᠡᠯ ᠠᠵᠢᠯ ᠬᠢᠭᠰᠡᠨ᠎ᠢ ᠳᠤᠮᠳᠠᠳᠤ ᠤᠯᠤᠰ ᠳᠡᠭᠡᠳᠦ ᠬᠡᠮᠵᠢᠶ᠎ᠡ᠎ᠪᠠᠷ ᠦᠨᠡᠯᠡᠵᠦ ᠪᠠᠶ᠋ᠢᠨ᠎ᠠ᠂ ᠡᠨᠡ ᠤᠳᠠᠭ᠎ᠠ ᠵᠢᠨ ᠬᠤᠷᠠᠯ᠎ᠨᠢ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠵᠢᠨ ᠬᠠᠮᠲᠤᠷᠠᠯᠴᠠᠭ᠋ᠠᠨ᠎ᠤ ᠰᠢᠨ᠎ᠡ ᠬᠠᠭᠤᠳᠠᠰᠤ ᠵᠢ ᠪᠢᠴᠢᠭᠯᠡᠬᠦ ᠵᠢ ᠢᠲᠡᠭᠡᠵᠦ ᠪᠠᠶ᠋ᠢᠨ᠎ᠠ᠃ ᠡᠭᠦᠨ᠎ᠤ ᠬᠠᠮᠲᠤ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ ᠳᠤᠷᠠᠲᠠᠶ᠎ᠠ ᠡᠯ᠎ᠡ ᠪᠦᠷᠢᠯᠳᠦᠭᠦᠨ ᠤᠯᠤᠰ᠎ᠲᠠᠢ ᠬᠠᠮᠲᠤ᠎ᠪᠠᠷ᠂ ᠡᠨᠡ ᠵᠢᠯ᠎ᠤᠨ ᠲᠢᠶᠠᠨᠵᠢᠨ᠎ᠤ ᠲᠦᠷᠦᠭᠦᠴᠦᠳ᠎ᠤᠨ ᠬᠤᠷᠠᠯ ᠵᠶ᠋ᠠᠷ ᠠᠵᠠ ᠲᠣᠭᠢᠶᠠᠯ ᠪᠤᠯᠭ᠋ᠠᠵᠤ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢ ᠪᠣᠳᠠᠲᠠᠶ᠋ᠢᠵᠢᠭᠤᠯᠤᠨ ᠬᠦᠴᠦᠷᠬᠡᠭᠵᠢᠭᠦᠯᠵᠦ᠂ ᠰᠢᠨ᠎ᠡ ᠬᠥᠭᠵᠢᠯᠲᠡ᠂ ᠰᠢᠨ᠎ᠡ ᠰᠢᠪᠲᠤᠯᠤᠯᠲᠠ᠂ ᠰᠢᠨ᠎ᠡ ᠳᠦᠷᠰᠦ ᠪᠠᠶ᠋ᠢᠳᠠᠯ᠎ᠢ ᠢᠯᠡᠷᠡᠭᠦᠯᠦᠨ᠎ᠡ ᠭᠡᠵᠦ ᠵᠢᠭ᠋ᠠᠵᠤ ᠭᠠᠷᠭ᠋ᠠᠪᠠ᠃
ᠲᠦᠸᠧᠺᠠᠶᠧᠹ᠂ ᠳᠤᠮᠳᠠᠳᠤ ᠤᠯᠤᠰ ᠪᠣᠯ ᠺᠠᠽᠠᠬᠰᠲ᠋ᠠᠨ᠎ᠤ ᠨᠥᠭᠦᠷᠰᠡᠭ ᠬᠥᠷᠰᠢ᠂ ᠳᠣᠲᠣᠨᠣ ᠨᠠᠶ᠋ᠢᠵᠠ ᠪᠠ ᠨᠠᠶ᠋ᠢᠳᠠᠪᠤᠷᠢᠲᠠᠢ ᠬᠠᠨᠢᠲᠠᠨ ᠮᠥᠨ᠃ ᠺᠠᠽᠠᠬᠰᠲ᠋ᠠᠨ ᠳᠤᠮᠳᠠᠳᠤ ᠵᠢᠨ ᠥᠨᠢᠳᠡ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠶᠠᠭ ᠰᠢᠨ᠎ᠡ ᠰᠢᠵᠢᠷ ᠠᠯᠳᠠᠨ ᠴᠠᠭ ᠦᠶ᠎ᠡ᠎ᠳᠤ ᠣᠷᠣᠵᠤ᠂ ᠬᠤᠶᠠᠷ ᠤᠯᠤᠰ᠎ᠤᠨ ᠠᠵᠤ ᠠᠬᠤᠢ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ᠎ᠳᠤ ᠬᠦᠴᠦᠨ ᠨᠡᠮᠡᠷᠢᠯᠡᠵᠦ᠂ ᠬᠤᠶᠠᠷ ᠲᠠᠯ᠎ᠠ ᠵᠢᠨ ᠠᠷᠠᠳ ᠲᠦᠮᠡᠨ᠎ᠳᠤ ᠪᠤᠶᠠᠨ ᠦᠢ᠍ᠯᠡᠳᠴᠦ᠂ ᠤᠯᠤᠰ ᠪᠣᠯᠣᠨ ᠤᠯᠤᠰ᠎ᠤᠨ ᠬᠤᠭᠤᠷᠣᠨᠳᠣᠭᠢ ᠬᠠᠷᠢᠯᠴᠠᠭ᠎ᠠ ᠵᠢᠨ ᠬᠡᠪ ᠳᠠᠭᠤᠷᠢᠶᠠᠯ ᠪᠣᠯᠵᠠᠢ᠃ ᠺᠠᠽᠠᠬᠰᠲ᠋ᠠᠨ ᠳᠤᠮᠳᠠᠳᠤ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠴᠢᠩᠭ᠎ᠠ ᠤᠯᠤᠰ ᠲᠦᠷᠦ ᠵᠢᠨ ᠬᠦᠰᠡᠯ᠎ᠲᠠᠢ ᠶᠤᠮ᠂ ᠡᠷᠬᠡ ᠮᠡᠳᠡᠯ᠂ ᠠᠮᠤᠷ ᠲᠦᠪᠰᠢᠨ ᠵᠡᠷᠭᠡ ᠲᠤᠰ ᠲᠤᠰ᠎ᠤᠨ ᠵᠶ᠋ᠠᠨ ᠭᠤᠣᠯᠯᠠᠭᠴᠢ ᠠᠰᠢᠭ ᠲᠤᠰᠠ᠎ᠳᠤ ᠬᠤᠯᠪᠣᠭᠳᠠᠬᠤ ᠠᠰᠠᠭᠤᠳᠠᠯ ᠳᠡᠭᠡᠷ᠎ᠡ ᠢᠮᠠᠭᠲᠠ ᠬᠠᠷᠢᠯᠴᠠᠨ ᠳᠡᠮᠵᠢᠯᠴᠡᠵᠦ᠂ ᠳᠡᠯᠡᠬᠡᠢ ᠵᠢᠨ ᠪᠠᠶ᠋ᠢᠳᠠᠯ᠎ᠤᠨ ᠬᠤᠪᠢᠷᠠᠯᠲᠠ᠎ᠳᠤ ᠨᠥᠯᠥᠭᠡᠯᠡᠭᠳᠡᠬᠦ ᠦᠭᠡᠢ ᠶᠤᠮ᠃ ᠲᠡᠷᠢᠭᠦᠯᠡᠭᠴᠢ ᠰᠢ ᠵᠢᠨ ᠫᠢᠩ᠎ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠢ᠍ᠯᠡᠰ ᠠᠭᠤᠤ ᠶᠡᠭᠡ ᠠᠮᠵᠢᠯᠲᠠ ᠣᠯᠪᠠ᠂ ᠡᠭᠦᠨ᠎ᠳᠤ ᠺᠠᠽᠠᠬᠰᠲ᠋ᠠᠨ᠎ᠤ᠎ᠬᠢᠨ ᠴᠢᠩ ᠰᠡᠳᠬᠢᠯ᠎ᠠᠴᠠ᠎ᠪᠠᠨ ᠪᠠᠶᠠᠷᠯᠠᠵᠤ᠂ ᠳᠤᠮᠳᠠᠳᠤ ᠤᠯᠤᠰ ᠲᠠᠰᠤᠷᠠᠯᠲᠠ ᠦᠭᠡᠢ ᠨᠡᠩ ᠶᠡᠭᠡ ᠬᠥᠭᠵᠢᠯᠲᠡ ᠵᠢᠨ ᠠᠮᠵᠢᠯᠲᠠ ᠣᠯᠬᠤ ᠵᠢ ᠪᠠᠲᠤ ᠢᠲᠡᠭᠡᠵᠦ ᠪᠠᠶ᠋ᠢᠨ᠎ᠠ᠃ ᠺᠠᠽᠠᠬᠰᠲ᠋ᠠᠨ᠎ᠤ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠪᠠᠶ᠋ᠢᠯᠳᠤᠬᠤ ᠪᠣᠳᠣᠯᠭ᠎ᠠ ᠵᠢᠨ ᠢᠲᠡᠭᠡᠯᠴᠡᠭᠡ ᠪᠣᠯᠣᠨ ᠪᠦᠭᠦ ᠲᠠᠯ᠎ᠠ ᠵᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠬᠤᠶᠠᠷ ᠤᠯᠤᠰ᠎ᠤᠨ ᠬᠠᠷᠢᠯᠴᠠᠭ᠎ᠠ ᠵᠢ ᠰᠢᠨ᠎ᠡ ᠲᠦᠪᠰᠢᠨ᠎ᠳᠤ ᠬᠦᠷᠭᠡᠨ᠎ᠡ᠃ ᠬᠤᠶᠠᠷ ᠤᠯᠤᠰ ᠵᠶ᠋ᠠᠷ ᠵᠶ᠋ᠠᠨ 《ᠨᠢᠭᠡ ᠪᠦᠰᠡ ᠨᠢᠭᠡ ᠵᠠᠮ》᠎ᠢ ᠴᠢᠨᠠᠷ ᠰᠠᠶ᠋ᠢᠲᠠᠢ ᠬᠠᠮᠲᠤ᠎ᠪᠠᠷ ᠪᠦᠲᠦᠭᠡᠨ ᠪᠠᠶ᠋ᠢᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠠᠵᠤ ᠦᠢ᠍ᠯᠡᠳᠪᠦᠷᠢ᠂ ᠬᠥᠳᠡᠭᠡ ᠠᠵᠤ ᠠᠬᠤᠢ᠂ ᠡᠨᠧᠷᠭᠢ᠂ ᠵᠠᠮ ᠬᠠᠷᠢᠯᠴᠠᠭ᠎ᠠ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠥᠷᠭᠡᠳᠬᠡᠵᠦ᠂ ᠰᠣᠶᠣᠯ᠂ ᠰᠤᠷᠭ᠋ᠠᠨ ᠬᠥᠮᠦᠵᠢᠯ᠂ ᠪᠡᠶ᠎ᠡ ᠵᠢᠨ ᠲᠠᠮᠢᠷ᠂ ᠵᠢᠭᠤᠯᠴᠢᠯᠠᠯ ᠵᠡᠷᠭᠡ ᠬᠦᠷᠢᠶᠡᠨ᠎ᠳᠠᠬᠢ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠨ ᠨᠢᠭᠲᠠᠷᠠᠭᠤᠯᠤᠶ᠎ᠠ᠃ ᠺᠠᠽᠠᠬᠰᠲ᠋ᠠᠨ᠎ᠤ᠎ᠬᠢᠨ ᠳᠤᠮᠳᠠᠳᠤ ᠤᠯᠤᠰ᠎ᠤᠨ ᠳᠡᠯᠡᠬᠡᠢ ᠵᠢᠨ ᠲᠥᠪ ᠭᠤᠣᠯᠴᠢ ᠰᠢᠳᠤᠷᠭᠤ ᠶᠣᠰᠣ ᠵᠢ ᠬᠠᠮᠠᠭ᠋ᠠᠯᠠᠬᠤ ᠡᠭᠦᠷᠭᠡᠯᠡᠯ ᠴᠢᠷᠮᠠᠶ᠋ᠢᠯᠭ᠎ᠠ ᠵᠢ ᠳᠡᠭᠡᠳᠦ ᠬᠡᠮᠵᠢᠶ᠎ᠡ᠎ᠪᠠᠷ ᠦᠨᠡᠯᠡᠬᠦ ᠵᠢᠨ ᠵᠡᠷᠭᠡ᠎ᠪᠠᠷ ᠢᠳᠡᠪᠬᠢᠲᠡᠢ ᠲᠡᠮᠵᠢᠵᠥ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ᠂ ᠠᠯᠳᠠᠨ ᠲᠣᠭᠤᠰᠭ᠋᠎ᠠ ᠤᠯᠤᠰ᠎ᠤᠳ᠂ ᠳᠤᠮᠳᠠᠳᠤ ᠤᠯᠤᠰ — ᠳᠤᠮᠳᠠ ᠠᠽᠢᠶ᠎ᠠ ᠵᠢᠨ ᠲᠣᠭᠲᠠᠴᠠ᠂ ᠠᠽᠢᠶ᠎ᠠ ᠲᠢᠪ᠎ᠤᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ ᠠᠷᠭ᠎ᠠ ᠬᠡᠮᠵᠢᠶ᠎ᠡ ᠵᠢᠨ ᠬᠤᠷᠠᠯ ᠵᠡᠷᠭᠡ ᠤᠯᠠᠨ ᠲᠠᠯᠠᠲᠤ ᠲᠣᠭᠲᠠᠴᠠ᠎ᠳᠤ ᠦᠷᠭᠦᠯᠵᠢᠯᠡᠨ ᠨᠢᠭᠲᠠ ᠬᠠᠮᠲᠤᠷᠠᠯᠴᠠᠵᠤ᠂ ᠬᠠᠷᠢᠯᠴᠠᠨ ᠲᠡᠮᠵᠢᠵᠥ᠂ ᠤᠯᠠᠨ ᠤᠯᠤᠰ᠎ᠤᠨ ᠡᠮᠬᠢ ᠳᠢᠭᠯᠢᠮ᠎ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶ᠋ᠢᠰᠢ ᠬᠥᠭᠵᠢᠬᠦ ᠵᠢ ᠠᠬᠢᠭᠤᠯᠤᠨ᠎ᠠ ᠭᠡᠵᠦ ᠢᠯᠡᠳᠬᠡᠪᠡ᠃
ᠬᠡᠯᠡᠯᠴᠡᠭᠡ ᠲᠡᠭᠦᠰᠦᠭᠰᠡᠨ᠎ᠤ ᠳᠠᠷᠠᠭ᠎ᠠ᠂ ᠬᠤᠶᠠᠷ ᠤᠯᠤᠰ᠎ᠤᠨ ᠲᠡᠷᠢᠭᠦᠨ ᠬᠤᠶᠠᠷ ᠲᠠᠯ᠎ᠠ᠎ᠪᠠᠷ ᠵᠶ᠋ᠠᠨ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠪᠣᠭᠤᠮᠲᠠ᠂ ᠵᠢᠭᠤᠯᠴᠢᠯᠠᠯ᠂ ᠵᠠᠭᠤᠴᠢᠯᠠᠭᠤᠷ ᠵᠡᠷᠭᠡ ᠬᠦᠷᠢᠶ᠎ᠡ ᠵᠢ ᠬᠠᠮᠤᠷᠤᠭᠰᠠᠨ 10 ᠭᠠᠷᠤᠢ ᠬᠤᠪᠢ ᠬᠤᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ ᠰᠣᠯᠢᠯᠴᠠᠬᠤ ᠵᠢ ᠬᠠᠮᠲᠤ᠎ᠪᠠᠷ ᠭᠡᠷᠡᠴᠢᠯᠡᠪᠡ᠃
ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃