ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠨᠢᠭᠤᠷ   -   ᠲᠡᠷᠢᠭᠦᠨ ᠵᠣᠷᠪᠣᠰ
ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯᠳᠤᠭ᠋ᠠᠨ ᠬᠤᠷᠠᠯᠳᠤᠪᠠ ᠰᠢ ᠵᠢᠨ ᠫᠢᠩ ᠬᠤᠷᠠᠯᠳᠤᠭ᠋ᠠᠨ᠎ᠢ ᠡᠷᠬᠢᠯᠡᠪᠡ
ᠨᠡᠶ᠋ᠢᠲᠡᠯᠡᠭᠰᠡᠨ ᠴᠠᠭ᠄ 2025-07-01

    ᠰᠢᠨᠬᠤᠸᠠ ᠬᠤᠷᠢᠶᠠᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 30᠎ᠤ ᠡᠳᠦᠷ᠎ᠤᠨ ᠴᠠᠬᠢᠯᠭ᠋ᠠᠨ ᠮᠡᠳᠡᠭᠡ  ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠠ 6 ᠳ᠋ᠤᠭ᠋ᠠᠷ ᠰᠠᠷ᠎ᠠ ᠵᠢᠨ 30᠎ᠤ ᠡᠳᠦᠷ ᠬᠤᠷᠠᠯᠳᠤᠭ᠋ᠠᠨ ᠬᠤᠷᠠᠯᠳᠤᠭᠤᠯᠵᠤ᠂ 《ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ ᠵᠢᠨ ᠠᠵᠢᠯ᠎ᠤᠨ ᠳᠦᠷᠢᠮ》᠎ᠢ ᠬᠢᠨᠠᠨ ᠶᠠᠷᠢᠯᠴᠠᠪᠠ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠲᠣᠰ ᠬᠤᠷᠠᠯᠳᠤᠭ᠋ᠠᠨ᠎ᠢ ᠡᠷᠬᠢᠯᠡᠪᠡ᠃
    ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ ᠵᠢ ᠪᠠᠶ᠋ᠢᠭᠤᠯᠬᠤ ᠪᠣᠯ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠦᠷᠢᠨᠰᠢᠭᠦᠯᠬᠦ᠂ ᠴᠢᠬᠤᠯᠠ ᠶᠡᠭᠡ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠳᠦᠷᠢᠮ᠎ᠤᠨ ᠴᠢᠬᠤᠯᠠ ᠲᠣᠬᠢᠷᠠᠭᠤᠯᠤᠯᠲᠠ ᠪᠣᠯᠣᠨ᠎ᠠ᠃ 《ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ ᠵᠢᠨ ᠠᠵᠢᠯ᠎ᠤᠨ ᠳᠦᠷᠢᠮ》᠎ᠢ ᠲᠣᠭᠲᠠᠭ᠋ᠠᠨ ᠨᠡᠶ᠋ᠢᠲᠡᠯᠡᠵᠦ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ ᠵᠢᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠠᠵᠢᠯᠯᠠᠭ᠋ᠠᠨ᠎ᠢ ᠤᠯᠠᠮ ᠨᠢᠭᠡ ᠠᠯᠬᠤᠮ ᠵᠢᠷᠤᠮᠵᠢᠭᠤᠯᠬᠤ᠎ᠨᠢ ᠴᠢᠬᠤᠯᠠ ᠶᠡᠭᠡ ᠠᠵᠢᠯ᠎ᠳᠠᠬᠢ ᠦᠵᠦ ᠲᠥᠯᠥᠪᠯᠡᠭᠡ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠦᠬᠦᠯᠢ ᠴᠣᠭᠴᠠ᠎ᠪᠠᠷ ᠠᠬᠢᠭᠤᠯᠬᠤ᠂ ᠡᠭᠦᠷᠭᠡ ᠴᠢᠳᠠᠪᠬᠢ ᠵᠢ ᠰᠢᠮᠳᠠᠭᠤᠯᠤᠨ ᠨᠠᠶ᠋ᠢᠳᠠᠪᠤᠷᠢᠵᠢᠭᠤᠯᠬᠤ ᠦᠢ᠍ᠯᠡᠳᠦᠯ᠎ᠢ᠎ᠨᠢ ᠰᠠᠶ᠋ᠢᠲᠤᠷ ᠪᠠᠳᠠᠷᠠᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ ᠭᠡᠵᠡᠢ᠃
    ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ᠎ᠨᠢ ᠡᠭᠦᠷᠭᠡ ᠬᠠᠷᠢᠭᠤᠴᠠᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠣᠨᠣᠪᠴᠢᠲᠠᠢ ᠡᠵᠡᠮᠳᠡᠵᠦ᠂ ᠶᠡᠭᠡ ᠶᠠᠪᠤᠳᠠᠯ᠎ᠢ ᠲᠥᠯᠥᠪᠯᠡᠬᠦ᠂ ᠶᠡᠭᠡ ᠶᠠᠪᠤᠳᠠᠯ᠎ᠢ ᠵᠥᠪᠯᠡᠬᠦ᠂ ᠶᠡᠭᠡ ᠶᠠᠪᠤᠳᠠᠯ᠎ᠢ ᠠᠳᠬᠤᠬᠤ ᠵᠢ ᠪᠠᠷᠢᠮᠲᠠᠯᠠᠵᠤ᠂ ᠴᠢᠬᠤᠯᠠ ᠶᠡᠭᠡ ᠠᠵᠢᠯ᠎ᠳᠤ ᠨᠡᠩ ᠪᠦᠲᠦᠮᠵᠢᠲᠡᠢ ᠶᠡᠷᠦᠩᠬᠡᠶ᠋ᠢᠯᠡᠭᠰᠡᠨ ᠵᠢᠯᠣᠭᠤᠳᠤᠯᠭ᠎ᠠ ᠪᠠ ᠵᠣᠬᠢᠴᠠᠭᠤᠯᠭ᠎ᠠ ᠵᠢ ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠬᠦ᠎ᠠᠴᠠ ᠪᠢᠰᠢ ᠲᠡᠭᠦᠨ᠎ᠢ ᠣᠷᠣᠯᠠᠨ ᠪᠡᠶᠡᠯᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠠᠴᠠ ᠪᠢᠰᠢ ᠡᠷᠬᠡ ᠳᠠᠪᠠᠭᠤᠯᠤᠨ ᠬᠡᠷᠡᠭᠵᠢᠭᠦᠯᠬᠦ ᠪᠢᠰᠢ ᠪᠠᠶ᠋ᠢᠬᠤ ᠬᠡᠷᠡᠭᠲᠡᠢ᠃ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠵᠦ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠬᠦ ᠵᠢᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠣᠳᠠᠲᠠᠢ᠎ᠲᠠᠢ ᠨᠡᠶ᠋ᠢᠴᠡᠭᠰᠡᠨ᠂ ᠪᠦᠲᠦᠮᠵᠢᠲᠡᠢ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠤᠷᠠᠳᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠬᠡᠷᠡᠭᠲᠡᠢ ᠭᠡᠵᠡᠢ᠃
    ᠬᠤᠷᠠᠯᠳᠤᠭ᠋ᠠᠨ ᠵᠶ᠋ᠠᠷ ᠪᠠᠰᠠ ᠪᠤᠰᠤᠳ ᠵᠦᠢ᠍ᠯᠡᠰ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠥᠪᠡᠳ᠎ᠲᠦ ᠪᠠᠢᠴᠠᠭᠠᠨ ᠰᠤᠳᠤᠯᠤᠯᠲᠠ ᠬᠢᠬᠦ᠎ᠳᠦ᠎ᠪᠡᠨ ᠴᠢᠬᠤᠯᠠᠴᠢᠯᠠᠭᠰᠠᠨ ᠨᠢ ᠄ ᠤᠯᠤᠰ᠎ᠤᠨ ᠴᠢᠬᠤᠯᠠ ᠶᠡᠬᠡ ᠢᠨᠵᠧᠨᠧᠷᠢᠩ᠎ᠦᠨ ᠲᠥᠷᠥᠯ ᠵᠦᠢᠯ᠎ᠢ ᠴᠢᠨᠠᠷ ᠰᠠᠢᠲᠠᠢ ᠬᠡᠷᠡᠭᠵᠢᠭᠦᠯᠵᠦ  ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠵᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠤᠶᠠᠨ ᠵᠢᠷᠭᠠᠯ᠎ᠢ ᠨᠡᠮᠡᠭᠳᠡᠭᠦᠯᠬᠦ ᠬᠡᠷᠡᠭᠲᠡᠢ
ᠰᠢ ᠵᠢᠨ ᠫᠢᠩ ᠲᠦᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠲᠡᠭᠡᠳᠤ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠤᠯᠪᠠᠰᠤᠷᠠᠯ᠎ᠤᠨ ᠠᠩᠭᠢ ᠵᠢᠨ ᠬᠢᠴᠢᠶᠡᠯ ᠡᠬᠢᠯᠡᠬᠦ ᠶᠤᠰᠤᠯᠠᠯ ᠲᠡᠭᠡᠷ᠎ᠡ ᠴᠢᠬᠤᠯᠠ ᠶᠠᠷᠢᠶ᠎ᠡ ᠲᠠᠯᠪᠢᠵᠤ ᠴᠢᠬᠤᠯᠠᠴᠢᠯᠠᠬᠰᠡᠨ᠎ᠨᠢ ᠨᠠᠮ᠎ᠤᠨ ᠢᠷᠠᠭᠤ ᠠᠯᠳᠠᠷᠳᠤ ᠤᠯᠠᠮᠵᠢᠯᠠᠯ ᠪᠠ ᠰᠢᠯᠢᠳᠡᠭ ᠰᠤᠷᠳᠠᠯ᠎ᠤᠨ ᠦᠨᠡᠨᠴᠢ ᠰᠢᠳᠤᠷᠭᠤ ᠵᠠᠯᠭ᠋ᠠᠮᠵᠢᠯᠠᠬ᠍ᠴᠢ ᠪᠤᠯᠬᠤ᠎ᠪᠠᠷ ᠵᠤᠷᠢᠭ ᠰᠢᠭᠤᠳᠴᠤ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠲᠡᠷᠢᠬᠦᠨ᠎ᠤ᠎ᠬᠢ ᠵᠢ ᠡᠭᠦᠳᠬᠦ᠎ᠪᠠᠷ ᠡᠷᠡᠮᠡᠭᠡᠶ᠋ᠢᠯᠡᠨ ᠲᠠᠮᠠᠴᠡᠵᠤ ᠭᠠᠪᠢᠶ᠎ᠡ ᠪᠠᠶ᠋ᠢᠭᠤᠯᠤᠨ ᠦᠢ᠍ᠯᠡᠰ ᠪᠦᠳᠦᠭᠡᠬᠦ ᠭᠡᠷᠡᠭᠳᠠᠢ ᠸᠠᠩ ᠬᠤ᠌ ᠨᠢᠩ ᠤᠷᠤᠯᠴᠠᠵᠠᠢ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 2020 ᠣᠨ᠎ᠤ ᠪᠦᠬᠦ ᠤᠯᠤᠰ᠎ᠤᠨ ᠬᠤᠶᠠᠷ ᠬᠤᠷᠠᠯ᠎ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠤᠰᠪᠠ
ᠶᠡᠷᠦᠩᠬᠡᠢ ᠰᠠᠶ᠋ᠢᠳ᠎ᠤᠨ ᠬᠡᠯᠡᠭᠰᠡᠨ ᠡᠨᠡ 9 ᠵᠦᠢ᠍ᠯ᠂ ᠵᠣᠷᠢᠭ᠎ᠢ ᠬᠥᠪᠴᠢᠯᠡᠵᠦ ᠰᠡᠳᠬᠢᠯ᠎ᠢ ᠳᠣᠭᠳᠣᠯᠤᠭᠤᠯᠤᠨᠠᠮ!
ᠪᠦᠬᠦ ᠤᠯᠤᠰ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠢ ᠳ᠋ᠦᠩᠨᠡᠵᠥ ᠬᠦᠬᠢᠬᠦᠯᠦᠨ ᠰᠠᠶ᠋ᠢᠰᠢᠶᠠᠬᠤ ᠶᠡᠭᠡ ᠬᠤᠷᠠᠯ ᠪᠡᠬᠡᠵᠢᠩ᠎ᠳᠤ ᠦᠪᠡᠳᠡᠭᠰᠢ ᠶᠡᠭᠡ᠎ᠪᠠᠷ ᠬᠤᠷᠠᠯᠳᠤᠪᠠ ᠰᠢ ᠵᠢᠨ ᠫᠢᠩ ᠪᠦᠬᠦ ᠤᠯᠤᠰ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠤᠨ ᠵᠢᠱ᠌ᠢᠶᠠᠴᠢ ᠵᠢᠨ ᠢᠷᠠᠭᠤ ᠠᠯᠳᠠᠷ᠎ᠤᠨ ᠴᠤᠯᠠ ᠬᠦᠷᠳᠡᠭᠰᠡᠳ ᠵᠡᠷᠬᠡ᠎ᠳᠤ ᠱᠠᠩᠨᠠᠯ ᠤᠯᠭᠤᠬᠰᠠᠨ ᠪᠦᠬᠡᠳ ᠴᠢᠬᠤᠯᠠ ᠶᠠᠷᠢᠶ᠎ᠠ ᠳᠠᠯᠪᠢᠵᠠᠢ
 
            