ᠰᠢᠨᠬᠤᠸᠠ ᠬᠤᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 10᠎ᠤ ᠴᠠᠬᠢᠯᠭ᠋ᠠᠨ ᠮᠡᠳᠡᠭᠡ 7 ᠰᠠᠷ᠎ᠠ ᠵᠢᠨ 10᠎ᠤ ᠡᠳᠦᠷ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠥᠬᠥ ᠪᠥᠮᠪᠥᠷᠴᠡᠭ᠎ᠤᠨ ᠪᠣᠯᠪᠠᠰᠤᠨ᠎ᠤ ᠶᠠᠷᠢᠯᠴᠠᠭ᠋ᠠᠨ᠎ᠤ ᠰᠠᠢ᠌ᠳ᠎ᠤᠨ ᠲᠠᠰ᠎ᠤᠨ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ᠃
ᠰᠢ ᠵᠢᠨ ᠫᠢᠩ᠂ ᠤᠯᠠᠨ ᠶᠠᠩᠵᠤᠳᠤ ᠪᠣᠯᠪᠠᠰᠤᠨ ᠪᠣᠯ ᠳᠡᠯᠡᠬᠡᠢ ᠵᠢᠨ ᠳᠦᠷᠦᠯᠬᠢ ᠴᠢᠨᠠᠷ ᠪᠣᠯᠤᠨ᠎ᠠ᠃ ᠪᠣᠯᠪᠠᠰᠤᠨ᠎ᠤ ᠬᠥᠭᠵᠢᠯ ᠴᠡᠴᠡᠭᠯᠡᠯᠳᠡ᠂ ᠬᠥᠮᠦᠨ ᠲᠥᠷᠥᠯᠬᠢᠲᠡᠨ᠎ᠤ ᠲᠠᠪᠰᠢᠯᠳᠠ᠎ᠨᠢ ᠴᠥᠮ ᠪᠣᠯᠪᠠᠰᠤᠨ ᠵᠶ᠋ᠠᠨ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭ᠋ᠠᠬᠤ᠎ᠠᠴᠠ ᠰᠠᠯᠵᠤ ᠴᠢᠳᠠᠬᠤ ᠦᠭᠡᠢ ᠶᠤᠮ ᠭᠡᠳᠡᠭ᠎ᠢ ᠲᠡᠦᠬᠡ ᠪᠢᠳᠡᠨ᠎ᠳᠤ ᠬᠠᠷᠠᠭᠤᠯᠤᠭᠰᠠᠨ ᠪᠠᠢ᠌ᠨ᠎ᠠ᠃ ᠣᠳᠣᠬᠠᠨ᠎ᠳᠤ ᠳᠡᠯᠡᠬᠡᠢ ᠵᠢᠨ ᠪᠠᠢ᠌ᠳᠠᠯ ᠡᠭᠡᠳᠡᠷᠡᠭᠡᠨ ᠪᠤᠳᠤᠯᠢᠶᠠᠨᠲᠠᠢ ᠪᠤᠯᠵᠤ᠂ ᠬᠥᠮᠦᠨ ᠲᠥᠷᠥᠯᠬᠢᠲᠡᠨ ᠰᠢᠨ᠎ᠡ ᠲᠣᠨᠣᠯᠵᠢᠨ ᠵᠠᠮ᠎ᠳᠤ ᠵᠣᠭᠰᠣᠵᠤ᠂ ᠪᠣᠯᠪᠠᠰᠤᠨ᠎ᠤ ᠰᠣᠯᠢᠯᠴᠠᠭ᠎ᠠ᠎ᠪᠠᠷ ᠪᠣᠯᠪᠠᠰᠤᠨ᠎ᠤ ᠵᠠᠪᠰᠠᠷᠳᠠᠯ᠎ᠢ ᠳᠠᠪᠠᠵᠤ᠂ ᠪᠣᠯᠪᠠᠰᠤᠨ ᠵᠶ᠋ᠠᠨ ᠬᠠᠷᠢᠯᠴᠠᠨ ᠲᠤᠯᠢ ᠪᠤᠯᠭ᠋ᠠᠬᠤ᠎ᠪᠠᠷ ᠪᠣᠯᠪᠠᠰᠤᠨ᠎ᠤ ᠮᠥᠷᠭᠥᠯᠳᠦᠭᠡᠨ᠎ᠢ ᠳᠠᠪᠠᠬᠤ ᠵᠢ ᠲᠤᠯᠭ᠋ᠠᠮ ᠱᠠᠭ᠋ᠠᠷᠳᠠᠵᠤ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ᠎ᠲᠠᠢ ᠬᠠᠮᠲᠤ᠎ᠪᠠᠷ ᠡᠷᠬᠡ ᠲᠡᠭᠰᠢ᠂ ᠬᠠᠷᠢᠯᠴᠠᠨ ᠲᠤᠯᠢ ᠪᠣᠯᠭ᠋ᠠᠬᠤ᠂ ᠶᠠᠷᠢᠯᠴᠠᠭ᠎ᠠ ᠬᠢᠬᠦ᠂ ᠪᠠᠭᠲᠠᠭ᠋ᠠᠮᠵᠢᠲᠠᠢ ᠪᠠᠢ᠌ᠬᠤ ᠪᠣᠯᠪᠠᠰᠤᠨ᠎ᠤ ᠦᠵᠡᠯᠲᠡ ᠵᠢ ᠪᠠᠷᠢᠮᠲᠠᠯᠠᠵᠤ᠂ ᠪᠦᠬᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠦᠢ᠍ᠯᠡᠳᠦᠯᠭᠡᠵᠢᠭᠦᠯᠵᠦ᠂ ᠪᠦᠬᠦ ᠪᠥᠮᠪᠥᠷᠴᠡᠭ᠎ᠤᠨ ᠪᠣᠯᠪᠠᠰᠤᠨ᠎ᠤ ᠶᠠᠷᠢᠯᠴᠠᠭ᠎ᠠ ᠬᠠᠮᠲᠤᠷᠠᠯᠴᠠᠭ᠋ᠠᠨ᠎ᠤ ᠲᠣᠣᠷ᠎ᠢ ᠪᠠᠢ᠌ᠭᠤᠯᠬᠤ ᠵᠢ ᠠᠬᠢᠭᠤᠯᠵᠤ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠲᠠᠪᠰᠢᠯᠳᠠ᠂ ᠳᠡᠯᠡᠬᠡᠢ ᠵᠢᠨ ᠡᠩᠬᠡ ᠲᠠᠢ᠌ᠪᠤᠩ ᠬᠥᠭᠵᠢᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ ᠲᠥᠯᠥᠭᠡᠯᠡᠭᠴᠢᠳ ᠰᠠᠨᠠᠯ ᠵᠶ᠋ᠠᠨ ᠭᠦᠨᠵᠡᠭᠡᠢ ᠰᠣᠯᠢᠯᠴᠠᠵᠤ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠵᠤ᠂ ᠡᠯ᠎ᠡ ᠤᠯᠤᠰ᠎ᠤᠨ ᠠᠷᠠᠳ ᠲᠦᠮᠡᠨ᠎ᠤ ᠬᠠᠷᠢᠯᠴᠠᠨ ᠣᠢ᠌ᠯᠠᠭ᠋ᠠᠯᠴᠠᠵᠤ ᠬᠠᠷᠢᠯᠴᠠᠨ ᠳᠣᠲᠣᠨᠣᠴᠢᠯᠠᠬᠤ᠂ ᠠᠳᠠᠯᠢ ᠪᠤᠰᠤ ᠪᠣᠯᠪᠠᠰᠤᠨ ᠡᠶ᠎ᠡ ᠡᠪᠳᠡᠢ ᠬᠠᠮᠲᠤ᠎ᠪᠠᠷ ᠣᠷᠣᠰᠢᠬᠤ ᠵᠢ ᠠᠬᠢᠭᠤᠯᠬᠤ᠎ᠳᠤ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠢ᠌ᠨ᠎ᠠ ᠭᠡᠵᠦ ᠴᠢᠬᠤᠯᠠᠴᠢᠯᠠᠪᠠ᠃
ᠪᠦᠬᠦ ᠪᠥᠮᠪᠥᠷᠴᠡᠭ᠎ᠤᠨ ᠪᠣᠯᠪᠠᠰᠤᠨ᠎ᠤ ᠶᠠᠷᠢᠯᠴᠠᠭ᠋ᠠᠨ᠎ᠤ ᠰᠠᠢ᠌ᠳ᠎ᠤᠨ ᠲᠡᠰ᠎ᠤᠨ ᠬᠤᠷᠠᠯ 10᠎ᠤ ᠡᠳᠦᠷ ᠪᠡᠭᠡᠵᠢᠩ᠎ᠳᠤ ᠡᠬᠢᠯᠡᠵᠦ᠂ 《ᠬᠥᠮᠦᠨ ᠲᠥᠷᠥᠯᠬᠢᠲᠡᠨ᠎ᠤ ᠪᠣᠯᠪᠠᠰᠤᠨ᠎ᠤ ᠤᠯᠠᠨ ᠶᠠᠩᠵᠤᠲᠤ ᠴᠢᠨᠠᠷ᠎ᠢ ᠬᠠᠮᠠᠭ᠋ᠠᠯᠠᠵᠤ ᠳᠡᠯᠡᠬᠡᠢ ᠵᠢᠨ ᠡᠩᠬᠡ ᠲᠠᠢ᠌ᠪᠤᠩ ᠬᠥᠭᠵᠢᠯᠲᠡ ᠵᠢ ᠬᠠᠮᠲᠤ᠎ᠪᠠᠷ ᠠᠬᠢᠭᠤᠯᠤᠶ᠎ᠠ》 ᠬᠡᠬᠥ᠎ᠪᠠᠷ ᠭᠣᠣᠯ ᠰᠡᠳᠦᠪ ᠪᠤᠯᠭ᠋ᠠᠵᠤ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠤᠬᠠᠭᠤᠯᠬᠤ ᠬᠡᠯᠲᠡᠰ ᠪᠣᠯᠤᠨ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠭᠠᠳᠠᠭ᠋ᠠᠳᠤ᠎ᠲᠠᠢ ᠬᠣᠯᠪᠣᠭ᠎ᠠ ᠠᠪᠬᠤ ᠬᠡᠯᠲᠡᠰ᠎ᠠᠴᠠ ᠬᠠᠮᠲᠤ᠎ᠪᠠᠷ ᠭᠤᠤᠯᠯᠠᠨ ᠡᠷᠬᠢᠯᠡᠪᠡ᠃