ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠨᠢᠭᠤᠷ   -   ᠲᠡᠷᠢᠭᠦᠨ ᠵᠣᠷᠪᠣᠰ
ᠲᠥᠪ᠎ᠦᠨ ᠬᠤᠳᠠ᠎ᠶ᠋ᠢᠨ ᠠᠵᠢᠯ᠎ᠤᠨ ᠬᠤᠷᠠᠯ ᠪᠡᠭᠡᠵᠢᠩ᠎ᠳᠦ ᠬᠤᠷᠠᠯᠳᠤᠪᠠ  ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ ᠯᠢ ᠴᠢᠶᠠᠩ ᠳ᠋ᠦᠩᠨᠡᠯᠳᠡ᠎ᠶᠢᠨ ᠶᠠᠷᠢᠶ᠎ᠠ ᠲᠠᠯᠪᠢᠵᠠᠢ ᠵᠣᠣ ᠯᠸ ᠵᠢᠶ  ᠸᠠᠩ ᠬᠤ᠌ ᠨᠢᠩ  ᠼᠠᠢ ᠴᠢ ᠳ᠋ᠢᠩ ᠱᠢᠤᠸᠠᠢ ᠱᠢᠶᠠᠩ  ᠯᠢ ᠰᠢ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2025-07-16

    ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 7 ᠰᠠᠷ᠎ᠠ᠎ᠶ᠋ᠢᠨ 15᠎ᠤ ᠴᠠᠬᠢᠯᠭᠠᠨ ᠮᠡᠳᠡᠭᠡ  ᠲᠥᠪ᠎ᠦᠨ ᠬᠣᠲᠠ᠎ᠶ᠋ᠢᠨ ᠠᠵᠢᠯ᠎ᠤᠨ ᠬᠤᠷᠠᠯ 7 ᠰᠠᠷ᠎ᠠ᠎ᠶ᠋ᠢᠨ 14᠎ᠡᠴᠡ 15᠎ᠤ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠬᠤᠷᠠᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ ᠯᠢ ᠴᠢᠶᠠᠩ᠂          ᠵᠤᠤ ᠯᠸ ᠵᠶ᠋ᠢ᠂ ᠸᠠᠩ ᠬᠤ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ ᠬᠤᠷᠠᠯ᠎ᠳᠤ ᠣᠷᠣᠯᠴᠠᠵᠡᠢ᠃

    7 ᠰᠠᠷ᠎ᠠ᠎ᠶ᠋ᠢᠨ 14᠎ᠡᠴᠡ 15᠎ᠤ ᠡᠳᠦᠷ ᠪᠣᠯᠲᠠᠯ᠎ᠠ᠂ ᠲᠥᠪ᠎ᠦᠨ ᠬᠣᠲᠠ᠎ᠶ᠋ᠢᠨ ᠠᠵᠢᠯ᠎ᠤᠨ ᠬᠤᠷᠠᠯ ᠪᠡᠭᠡᠵᠢᠩ᠎ᠳᠦ ᠬᠤᠷᠠᠯᠳᠤᠪᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠬᠤᠷᠠᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠡ᠎ᠶᠢᠨ ᠰᠤᠷᠪᠤᠯᠵᠢᠯᠠᠭᠴᠢ ᠰᠢᠶᠸ ᠬᠤᠸᠠ ᡂᠢ ᠰᠡᠭᠦᠳᠡᠷᠯᠡᠪᠡ 

    ᠰᠢ᠎ᠶᠢᠨ ᠫᠢᠩ ᠴᠢᠬᠤᠯᠠ ᠶᠠᠷᠢᠶᠠᠨ᠎ᠳᠠᠭᠠᠨ ᠱᠢᠨ᠎ᠡ ᠴᠠᠭ ᠦᠶ᠎ᠡ᠎ᠳᠦ ᠤᠷᠤᠬᠰᠠᠨ᠎ᠡᠴᠡ ᠨᠠᠭᠠᠱᠢᠬᠢ ᠮᠠᠨ᠎ᠤ ᠤᠯᠤᠰ᠎ᠤᠨ ᠬᠤᠳᠠ᠎ᠶ᠋ᠢᠨ ᠬᠥᠭ᠌ᠵᠢᠯᠲᠡ᠎ᠶ᠋ᠢᠨ ᠠᠮᠵᠢᠯᠲᠠ ᠪᠦᠳᠦᠮᠵᠢ᠎ᠶ᠋ᠢ ᠳ᠋ᠦᠩᠨᠡᠵᠦ᠍᠂ ᠬᠤᠳᠠ᠎ᠶ᠋ᠢᠨ ᠠᠵᠢᠯ᠎ᠳᠤ ᠲᠤᠯᠭᠠᠷᠠᠵᠤ ᠪᠠᠢᠭ᠎ᠠ ᠪᠠᠢᠳᠠᠯ᠎ᠢ ᠵᠠᠳᠠᠯᠵᠤ᠂ ᠬᠤᠳᠠ᠎ᠶ᠋ᠢᠨ ᠠᠵᠢᠯ᠎ᠢ ᠰᠠᠢᠲᠤᠷ ᠬᠢᠬᠦ᠌ ᠶᠡᠷᠦᠩᠬᠡᠢ ᠱᠠᠭᠠᠷᠳᠠᠯᠭ᠎ᠠ᠂ ᠴᠢᠬᠤᠯᠠ ᠵᠠᠷᠴᠢᠮ᠂ ᠭᠣᠣᠯᠳᠠᠯᠭ᠎ᠠ᠎ᠲᠠᠶ ᠡᠭᠦᠷᠭᠡ᠎ᠶ᠋ᠢ ᠲᠣᠳᠣᠷᠬᠠᠢᠯᠠᠪᠠ᠃ ᠯᠢ ᠴᠢᠶᠠᠩ ᠳ᠋ᠦᠩᠨᠡᠯᠲᠡ᠎ᠶ᠋ᠢᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠬᠤᠳᠠ᠎ᠶ᠋ᠢᠨ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌ ᠲᠤᠬᠠᠢ ᠪᠣᠳᠠᠲᠠᠢ ᠪᠠᠢᠷᠢᠯᠠᠭᠤᠯᠤᠯᠲᠠ ᠬᠢᠵᠡᠢ᠃

    ᠬᠤᠷᠠᠯ᠎ᠡᠴᠡ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠱᠢᠨ᠎ᠡ ᠪᠠᠢᠳᠠᠯ ᠳᠣᠣᠷᠠᠬᠢ ᠮᠠᠨ᠎ᠤ ᠤᠯᠤᠰ᠎ᠤᠨ ᠬᠤᠳᠠ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠭᠦᠨᠵᠡᠭᠡᠢ ᠡᠵᠡᠮᠳᠡᠵᠦ᠍᠂ ᠬᠤᠳᠠ᠎ᠶ᠋ᠢᠨ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠤ ᠬᠤᠳᠠ᠎ᠶ᠋ᠢ ᠠᠷᠠᠳ ᠲᠦᠮᠡᠨ ᠪᠦᠳᠦᠭᠡᠨ ᠪᠠᠢᠭᠤᠯᠬᠤ᠂ ᠠᠷᠠᠳ ᠲᠦᠮᠡᠨ᠎ᠤ ᠬᠤᠳᠠ ᠨᠢ ᠠᠷᠠᠳ ᠲᠦᠮᠡᠨ᠎ᠤ ᠲᠥᠯᠥᠭᠡ ᠪᠠᠢᠬᠤ᠎ᠶ᠋ᠢ ᠪᠠᠷᠢᠮᠲᠠᠯᠠᠵᠤ᠂ ᠬᠤᠳᠠ᠎ᠶ᠋ᠢ ᠣᠷᠭᠠᠨᠢᠭ ᠠᠮᠢ ᠨᠠᠰᠤᠨ᠎ᠤ ᠴᠣᠭ᠍ᠴᠠ᠎ᠪᠠᠷ ᠦᠵᠡᠵᠤ ᠱᠢᠰᠲ᠋ᠧᠮ᠎ᠲᠡᠶ ᠤᠬᠠᠭᠠᠯᠠᠨ ᠲᠦᠯᠦᠪᠯᠡᠬᠦ᠎ᠶᠢ ᠪᠠᠷᠢᠮᠲᠠᠯᠠᠵᠤ᠂ ᠬᠤᠳᠠ᠎ᠶ᠋ᠢᠨ ᠬᠥᠭ᠌ᠵᠢᠯᠲᠡ᠎ᠶ᠋ᠢᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠤᠯᠬᠤ᠎ᠶ᠋ᠢ ᠠᠬᠢᠭᠤᠯᠵᠤ᠂ ᠮᠠᠨ᠎ᠤ ᠤᠯᠤᠰ᠎ᠤᠨ ᠱᠢᠨ᠎ᠡ ᠬᠡᠯᠪᠡᠷᠢ᠎ᠶ᠋ᠢᠨ ᠬᠤᠳᠠ ᠪᠠᠯᠭᠠᠰᠤᠵᠢᠯᠳᠠ᠎ᠶᠢᠨ ᠲᠦᠪᠱᠢᠨ ᠪᠣᠯᠤᠨ ᠬᠤᠳᠠ᠎ᠶ᠋ᠢᠨ ᠬᠥᠭ᠌ᠵᠢᠯᠲᠡ᠎ᠶ᠋ᠢᠨ ᠴᠢᠳᠠᠪᠬᠢ ᠳᠡᠰ᠂ ᠲᠥᠯᠥᠪᠵᠢᠭᠦᠯᠭᠡ ᠪᠦᠳᠦᠭᠡᠨ ᠪᠠᠢᠭᠤᠯᠤᠯᠲᠠ ᠵᠠᠰᠠᠯᠲᠠ᠎ᠶ᠋ᠢᠨ ᠲᠦᠪᠱᠢᠨ᠂ ᠠᠵᠢᠯᠯᠠᠵᠤ ᠤᠷᠤᠰᠢᠨ ᠰᠠᠭᠤᠷᠢᠰᠢᠬᠤ᠎ᠳᠤ ᠲᠣᠬᠢᠷᠠᠮᠵᠢᠲᠠᠢ ᠲᠦᠪᠱᠢᠨ᠂ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠲᠦᠪᠱᠢᠨ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠶᠡᠬᠡ᠎ᠪᠡᠷ ᠳᠡᠭᠡᠭ᠌ᠰᠢᠯᠡᠪᠡ ᠬᠡᠵᠤ ᠵᠢᠭᠠᠵᠤ ᠭᠠᠷᠭᠠᠪᠠ᠃

    ᠬᠤᠷᠠᠯ᠎ᠡᠴᠡ᠂ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠬᠣᠲᠠ᠎ᠶ᠋ᠢᠨ ᠠᠵᠢᠯ᠎ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠬᠣᠲᠠ᠎ᠶ᠋ᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠬᠠᠵᠤ᠂ ᠠᠷᠠᠳ ᠲᠦᠮᠡᠨ᠎ᠤ ᠬᠣᠲᠠ᠎ᠶ᠋ᠢᠨ ᠣᠢᠯᠠᠭᠠᠭ᠍ᠳᠠᠬᠤᠨ᠎ᠢ ᠨᠠᠷᠢᠨ ᠬᠢᠨᠠᠮᠠᠭᠠᠶ ᠦᠶ᠋ᠯᠡᠳᠦᠯᠭᠡᠵᠢᠭᠦᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠵᠢᠯᠣᠭᠣᠳᠭᠤ᠎ᠶᠢ ᠪᠠᠷᠢᠮᠳᠠᠯᠠᠵᠤ᠂ ᠱᠢᠨ᠎ᠡ᠎ᠶ᠋ᠢ ᠡᠭᠦᠳᠦᠭᠰᠡᠨ᠂ ᠤᠷᠤᠰᠢᠨ ᠰᠠᠭᠤᠷᠢᠱᠢᠬᠤ᠎ᠳᠤ ᠲᠣᠬᠢᠷᠠᠮᠵᠢᠲᠠᠶ᠂ ᠦᠵᠡᠰᠭᠦᠯᠡᠩᠳᠤ ᠰᠠᠢᠬᠠᠨ᠂ ᠤᠶᠠᠨ ᠬᠠᠳᠠᠨ ᠴᠢᠨᠠᠷᠳᠠᠢ᠂ ᠪᠣᠯᠪᠠᠰᠤᠨ᠂ ᠣᠶᠤᠨᠴᠢ ᠤᠳᠤᠬᠢᠴᠢᠯᠠᠭᠰᠠᠨ ᠠᠷᠠᠳ ᠲᠦᠮᠡᠨ᠎ᠤ ᠬᠣᠲᠠ᠎ᠶᠢ ᠪᠦᠲᠦᠭᠡᠨ ᠪᠠᠢᠭᠤᠯᠬᠤ᠎ᠪᠠᠷ ᠬᠠᠷᠠᠯᠲᠠ ᠪᠣᠯᠭᠠᠵᠤ᠂ ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠤ᠂ ᠬᠣᠲᠠ᠎ᠶ᠋ᠢᠨ ᠠᠭᠤᠯᠤᠭ᠍ᠳᠠᠬᠤᠨ᠎ᠤ ᠮᠠᠶᠢᠭ᠎ᠤᠨ ᠬᠥᠭ᠌ᠵᠢᠯᠲᠡ᠎ᠶ᠋ᠢ ᠪᠠᠷᠢᠮᠲᠠᠯᠠᠬᠤ᠎ᠪᠠᠷ ᠭᠤᠤᠯ ᠱᠢᠵᠢᠮ ᠪᠣᠯᠭᠠᠵᠤ᠂ ᠬᠣᠲᠠ᠎ᠶ᠋ᠢᠨ ᠱᠢᠨᠡᠴᠢᠯᠡᠯᠲᠡ᠎ᠶ᠋ᠢ ᠠᠬᠢᠭᠤᠯᠬᠤ᠎ᠪᠠᠷ ᠴᠢᠬᠤᠯᠠ ᠭᠠᠷᠳᠠᠴᠠ ᠪᠣᠯᠭᠠᠵᠤ᠂ ᠬᠣᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠬᠦ᠌᠂ ᠬᠥᠳᠡᠯᠭᠡᠬᠦ᠌ ᠡᠨᠧᠷᠭᠢ᠎ᠶ᠋ᠢ ᠰᠤᠯᠢᠬᠳᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠪᠣᠬᠢᠷᠲᠤᠯ ᠥᠬᠡᠶ ᠲᠡᠢᠰᠢ ᠬᠡᠯᠪᠡᠷᠢ ᠪᠡᠨ ᠬᠤᠪᠢᠷᠠᠭᠤᠯᠬᠤ᠂ ᠰᠣᠶᠣᠯ᠎ᠤᠨ ᠰᠤᠳᠠᠰᠤ᠎ᠶ᠋ᠢ ᠵᠠᠯᠭᠠᠮᠵᠢᠯᠠᠬᠤ᠂ ᠵᠠᠰᠠᠯᠲᠠ᠎ᠶ᠋ᠢᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠶᠡᠬᠡ᠎ᠪᠡᠷ ᠠᠬᠢᠭᠤᠯᠵᠤ᠂ ᠬᠣᠲᠠ᠎ᠶ᠋ᠢᠨ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠬᠣᠲᠠ᠎ᠶ᠋ᠢᠨ ᠣᠳᠣᠬᠢᠴᠢᠯᠠᠯᠲᠠ᠎ᠶ᠋ᠢᠨ ᠱᠢᠨ᠎ᠡ ᠵᠠᠮ᠎ᠢ ᠨᠡᠬᠡᠬᠡᠬᠦ ᠬᠡᠷᠡᠭ᠌ᠲᠡᠶ ᠭᠡᠵᠤ ᠴᠢᠬᠤᠯᠠᠴᠢᠯᠠᠪᠠ᠃

    ᠬᠤᠷᠠᠯ᠎ᠡᠴᠡ᠂ ᠮᠠᠨ᠎ᠤ ᠤᠯᠤᠰ᠎ᠤᠨ ᠬᠤᠳᠠ ᠪᠠᠯᠭᠠᠰᠤᠵᠢᠯᠳᠠ ᠶᠠᠭ ᠲᠦᠷᠭᠡᠨ ᠨᠡᠮᠡᠭ᠌ᠳᠡᠯ᠎ᠦᠨ ᠬᠤᠭᠤᠴᠠᠭ᠎ᠠ᠎ᠡᠴᠡ ᠲᠣᠭ᠍ᠲᠠᠭᠤᠨ᠎ᠢᠶᠠᠷ ᠬᠥᠭ᠌ᠵᠢᠬᠦ᠌ ᠬᠤᠭᠤᠴᠠᠭ᠎ᠠ ᠲᠡᠢᠰᠢ ᠱᠢᠯᠵᠢᠵᠦ᠍᠂ ᠬᠤᠳᠠ᠎ᠶ᠋ᠢᠨ ᠬᠥᠭ᠌ᠵᠢᠯᠲᠡ ᠶᠠᠭ ᠶᠡᠬᠡ ᠬᠡᠪᠴᠢᠶ᠎ᠠ᠎ᠪᠠᠷ ᠨᠡᠮᠡᠭ᠌ᠳᠡᠵᠤ ᠥᠷᠭᠡᠵᠢᠬᠦ᠌ ᠱᠠᠲᠤᠨ᠎ᠡᠴᠡ᠎ᠪᠠᠨ ᠬᠠᠳᠠᠭᠠᠯᠠᠬᠳᠠᠴᠠ᠎ᠶᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠪᠡᠷ ᠭᠣᠣᠯ ᠪᠣᠯᠭᠠᠬᠤ ᠱᠠᠳᠤ ᠦᠶ᠎ᠡ ᠲᠡᠢᠰᠢ ᠱᠢᠯᠵᠢᠵᠦ᠍ ᠪᠠᠢᠨ᠎ᠠ᠃ ᠬᠣᠲᠠ᠎ᠶ᠋ᠢᠨ ᠠᠵᠢᠯ ᠨᠢ ᠪᠠᠢᠳᠠᠯ᠎ᠤᠨ ᠬᠤᠪᠢᠷᠠᠯᠲᠠ᠎ᠶᠢ ᠭᠦᠨᠵᠡᠭᠡᠶ ᠡᠵᠡᠮᠳᠡᠵᠤ᠂ ᠰᠠᠨᠠᠭᠠᠴᠢᠯᠠᠭ᠎ᠠ᠎ᠡᠴᠡ᠎ᠪᠠᠨ ᠵᠣᠬᠢᠴᠠᠨ᠂ ᠬᠣᠲᠠ᠎ᠶ᠋ᠢᠨ ᠬᠥᠭ᠌ᠵᠢᠯᠲᠡ᠎ᠶ᠋ᠢᠨ ᠤᠢᠯᠠᠭᠠᠬᠳᠠᠬᠤᠨ᠎ᠢ ᠬᠤᠪᠢᠷᠠᠭᠤᠯᠵᠤ᠂ ᠬᠥᠮᠦᠨ᠎ᠢᠶᠡᠷ ᠦᠨᠳᠦᠰᠦ ᠪᠣᠯᠭᠠᠬᠤ᠎ᠶ᠋ᠢ ᠨᠡᠩ ᠴᠢᠬᠤᠯᠠᠴᠢᠯᠠᠬᠤ ᠬᠡᠷᠡᠭ᠌ᠲᠡᠶ; ᠬᠣᠲᠠ᠎ᠶ᠋ᠢᠨ ᠬᠥᠭ᠌ᠵᠢᠯᠲᠡ᠎ᠶ᠋ᠢᠨ ᠬᠡᠯᠪᠡᠷᠢ᠎ᠶ᠋ᠢ ᠬᠤᠪᠢᠷᠠᠭᠤᠯᠵᠤ᠂ ᠡᠷᠴᠢᠮᠯᠢᠭ ᠥᠨᠳᠥᠷ ᠪᠦᠲᠦᠮᠵᠢᠲᠡᠶ ᠪᠠᠢᠬᠤ᠎ᠶ᠋ᠢ ᠨᠠᠩ ᠴᠢᠬᠤᠯᠠᠴᠢᠯᠠᠬᠤ ᠭᠡᠷᠡᠭᠳᠠᠢ; ᠬᠣᠲᠠ᠎ᠶ᠋ᠢᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠬᠤᠪᠢᠷᠠᠭᠤᠯᠵᠤ᠂ ᠣᠨᠴᠠᠯᠢᠭ᠍ᠲᠤ ᠬᠥᠭ᠌ᠵᠢᠯᠲᠡ᠎ᠶ᠋ᠢ ᠨᠠᠩ ᠴᠢᠬᠤᠯᠠᠴᠢᠯᠠᠬᠤ ᠭᠡᠷᠡᠭᠳᠠᠢ; ᠬᠣᠲᠠ᠎ᠶ᠋ᠢᠨ ᠠᠵᠢᠯ᠎ᠤᠨ ᠭᠣᠣᠯᠳᠠᠯᠭ᠎ᠠ᠎ᠶ᠋ᠢ ᠬᠤᠪᠢᠷᠠᠭᠤᠯᠵᠤ᠂ ᠵᠠᠰᠠᠯᠲᠠ᠎ᠶ᠋ᠢᠨ ᠣᠷᠣᠭᠤᠯᠤᠯᠲᠠ᠎ᠶ᠋ᠢ ᠨᠠᠩ ᠴᠢᠬᠤᠯᠠᠴᠢᠯᠠᠬᠤ ᠭᠡᠷᠡᠭᠳᠠᠢ; ᠬᠣᠲᠠ᠎ᠶ᠋ᠢᠨ ᠠᠵᠢᠯ᠎ᠤᠨ ᠠᠷᠭ᠎ᠠ᠎ᠶ᠋ᠢ ᠬᠤᠪᠢᠷᠠᠭᠤᠯᠵᠤ᠂ ᠨᠢᠭᠡᠳᠦᠯᠲᠡᠶ ᠲᠥᠯᠥᠪᠵᠢᠬᠦᠯᠤᠨ ᠵᠣᠬᠢᠴᠠᠭᠤᠯᠬᠤ᠎ᠶ᠋ᠢ ᠨᠡᠩ ᠴᠢᠬᠤᠯᠠᠴᠢᠯᠠᠬᠤ ᠬᠡᠷᠡᠭ᠌ᠲᠡᠶ ᠭᠡᠵᠤ ᠵᠢᠭᠠᠵᠤ ᠭᠠᠷᠭᠠᠪᠠ᠃

    ᠬᠤᠷᠠᠯ᠎ᠡᠴᠡ ᠬᠤᠳᠠ᠎ᠶ᠋ᠢᠨ ᠠᠵᠢᠯ᠎ᠤᠨ 7 ᠲᠠᠯ᠎ᠠ᠎ᠶ᠋ᠢᠨ ᠭᠣᠣᠯᠳᠠᠯᠭ᠎ᠠ᠎ᠲᠠᠶ ᠡᠭᠦᠷᠭᠡ᠎ᠶ᠋ᠢ ᠪᠠᠢᠷᠢᠯᠠᠭᠤᠯᠪᠠ᠃ ᠨᠢᠭᠡ᠎ᠳᠦ᠂ ᠣᠳᠣᠬᠢᠴᠢᠯᠠᠭ᠍ᠰᠠᠨ ᠬᠣᠲᠠ᠎ᠶ᠋ᠢᠨ ᠱᠢᠰᠲ᠋ᠧᠮ᠎ᠢ ᠬᠦᠴᠦᠯᠡᠨ ᠱᠢᠯᠢᠳᠡᠭ᠌ᠵᠢᠭᠦᠯᠦᠨ᠎ᠡ᠃ ᠬᠤᠳᠠ᠎ᠶ᠋ᠢᠨ ᠬᠥᠮᠦᠨ ᠠᠮᠠ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠤᠬᠠᠢ ᠶᠡᠷᠦᠩᠬᠡᠢᠯᠡᠨ ᠳᠠᠭᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠲᠠᠯ᠎ᠠ᠎ᠠᠴᠠ ᠪᠣᠳᠣᠯᠬᠢᠯᠠᠵᠤ᠂ ᠪᠦᠯᠬᠦᠮ ᠴᠤᠬᠴᠠ᠎ᠶᠢᠨ ᠬᠡᠯᠪᠡᠷᠢ᠎ᠶ᠋ᠢᠨ᠂ ᠰᠦᠯᠵᠢᠶᠡᠵᠢᠭ᠌ᠰᠡᠨ ᠣᠳᠣᠬᠢᠴᠢᠯᠠᠭ᠍ᠰᠠᠨ ᠬᠤᠳᠠ᠎ᠶ᠋ᠢᠨ ᠰᠦᠷᠦᠭᠵᠢᠯ ᠪᠠ ᠭᠤᠤᠯ ᠬᠤᠳᠠ᠎ᠶ᠋ᠢᠨ ᠴᠠᠭᠠᠷᠢᠭ᠎ᠢ ᠬᠥᠭ᠌ᠵᠢᠭᠦᠯᠵᠦ᠍᠂ ᠱᠢᠶᠠᠨ᠎ᠤ ᠬᠤᠳᠠ᠎ᠪᠠᠷ ᠴᠢᠬᠤᠯᠠ ᠠᠴᠢᠶᠠᠯᠠᠭ᠍ᠴᠢ ᠪᠣᠯᠭᠠᠭ᠍ᠰᠠᠨ ᠬᠤᠳᠠ ᠪᠠᠯᠭᠠᠰᠤᠵᠢᠯᠳᠠ᠎ᠶᠢᠨ ᠪᠦᠳᠦᠭᠡᠨ ᠪᠠᠢᠭᠤᠯᠤᠯᠲᠠ᠎ᠶ᠋ᠢ ᠲᠦᠷᠦᠯ ᠬᠤᠪᠢᠶᠠᠨ ᠠᠬᠢᠭᠤᠯᠵᠤ᠂ ᠬᠦᠳᠡᠭᠡ᠎ᠠᠴᠠ ᠰᠢᠯᠵᠢᠭᠰᠡᠳ᠎ᠢ ᠬᠤᠳᠠ᠎ᠶ᠋ᠢᠨ ᠠᠷᠠᠳ ᠪᠣᠯᠭᠠᠬᠤ᠎ᠶ᠋ᠢ ᠦᠷᠭᠦᠯᠵᠢᠯᠡᠨ ᠠᠬᠢᠭᠤᠯᠵᠤ᠂ ᠲᠤᠮᠤ ᠳᠤᠮᠳᠠ ᠪᠠᠭ᠎ᠠ ᠬᠤᠳᠠ ᠪᠠ ᠵᠢᠵᠢᠭ ᠬᠣᠲᠠ ᠪᠠᠯᠭᠠᠰᠤ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠵᠤ᠂ ᠬᠤᠳᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠬᠣᠶᠠᠷ᠎ᠲᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠬᠰᠠᠨ ᠱᠢᠨ᠎ᠡ᠎ᠶ᠋ᠢ ᠡᠭᠦᠳᠬᠦ᠌ ᠬᠤᠳᠠ᠎ᠶ᠋ᠢ ᠬᠦᠴᠦᠯᠡᠨ ᠪᠠᠢᠭᠤᠯᠤᠨ᠎ᠠ᠃ ᠱᠢᠨ᠎ᠡ᠎ᠶ᠋ᠢ ᠡᠭᠦᠳᠬᠦ᠌ ᠠᠮᠢ ᠠᠬᠤᠶ᠎ᠶ᠋ᠢ ᠨᠠᠷᠢᠨ ᠨᠢᠮᠪᠠᠶ ᠪᠣᠢᠵᠢᠭᠤᠯᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠲᠠᠯ᠎ᠠ᠎ᠪᠠᠷ ᠲᠠᠰᠤᠷᠠᠯᠲᠠ ᠥᠬᠡᠶ ᠱᠢᠪᠲᠤᠯᠤᠯᠲᠠ ᠭᠠᠷᠭᠠᠨ᠎ᠠ; ᠥᠭᠡᠷᠡᠴᠢᠯᠡᠯᠲᠡ ᠨᠡᠭᠡᠭᠡᠯᠲᠡ᠎ᠳᠦ ᠲᠦᠱᠢᠭ᠌ᠯᠡᠨ ᠬᠣᠲᠠ᠎ᠶ᠋ᠢᠨ ᠬᠥᠳᠡᠯᠭᠡᠬᠦ᠌ ᠡᠨᠧᠷᠭᠢ᠎ᠶ᠋ᠢ ᠴᠢᠩᠭᠠᠷᠠᠭᠤᠯᠵᠤ᠂ ᠬᠣᠲᠠ᠎ᠶ᠋ᠢᠨ ᠱᠢᠨᠡᠴᠢᠯᠡᠯᠲᠡ᠎ᠶ᠋ᠢ ᠴᠢᠨᠠᠷ ᠰᠠᠢᠲᠠᠶ ᠥᠷᠨᠢᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠳᠠᠬᠢ ᠬᠣᠲᠠ᠎ᠶ᠋ᠢᠨ ᠬᠦᠶ᠋ᠰᠦ᠎ᠪᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠎ᠠ᠃ ᠭᠤᠷᠪᠠ᠎ᠳᠤ᠂ ᠠᠵᠢᠯᠯᠠᠵᠤ ᠠᠮᠢᠳᠤᠷᠠᠬᠤ᠎ᠳᠤ ᠲᠠᠭᠠᠯᠠᠮᠵᠢᠲᠠᠶ ᠪᠥᠭᠡᠳ ᠳᠥᠭᠥᠮ ᠳᠥᠲᠡ ᠬᠣᠲᠠ᠎ᠶ᠋ᠢ ᠬᠦᠴᠦᠯᠡᠨ ᠪᠥᠲᠥᠭᠡᠨ ᠪᠠᠢᠭᠤᠯᠤᠨ᠎ᠠ᠃ ᠬᠥᠮᠦᠨ ᠠᠮᠠ᠂ ᠠᠵᠤ ᠦᠢᠯᠡᠰ᠂ ᠬᠣᠲᠠ ᠪᠠᠯᠭᠠᠰᠤ᠂ ᠵᠠᠮ ᠬᠠᠷᠢᠯᠴᠠᠭ᠎ᠠ᠎ᠶ᠋ᠢ ᠨᠢᠭᠡ ᠴᠣᠭ᠍ᠴᠠᠵᠢᠭᠤᠯᠤᠨ ᠲᠥᠯᠥᠪᠵᠢᠭᠦᠯᠬᠦ᠎ᠶ᠋ᠢ ᠪᠠᠷᠢᠮᠲᠠᠯᠠᠵᠤ᠂ ᠬᠣᠲᠠ᠎ᠶ᠋ᠢᠨ ᠣᠷᠣᠨ ᠵᠠᠶ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠎ᠡ; ᠭᠡᠷ ᠭᠠᠵᠠᠷ᠎ᠤᠨ ᠬᠦᠷᠦᠨᠭ᠌ᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠲᠦᠷᠭᠡᠪᠴᠢᠯᠡᠨ ᠪᠠᠢᠭᠤᠯᠵᠤ᠂ ᠬᠤᠳᠠ᠎ᠶᠢᠨ ᠲᠤᠮᠳᠠᠬᠢ ᠲᠣᠰᠭᠣᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠢᠱᠢᠩ᠎ᠢ ᠥᠭᠡᠷᠡᠴᠢᠯᠡᠨ ᠵᠠᠰᠠᠬᠤ ᠠᠵᠢᠯ᠎ᠢ ᠯᠠᠪᠳᠠᠭᠤᠨ᠎ᠢᠶᠠᠷ ᠠᠬᠢᠭᠤᠯᠤᠨ᠎ᠠ; ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠢ ᠶᠡᠬᠡ᠎ᠪᠠᠷ ᠬᠥᠭ᠌ᠵᠢᠭᠦᠯᠵᠦ᠍᠂ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠦᠨ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠳᠥᠷᠪᠡ᠎ᠳᠦ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠦᠵᠡᠰᠭᠦᠯᠡᠩᠲᠦ ᠰᠠᠢᠬᠠᠨ ᠬᠣᠲᠠ᠎ᠶ᠋ᠢ ᠬᠦᠴᠦᠯᠡᠨ ᠪᠦᠲᠦᠭᠡᠨ ᠪᠠᠢᠭᠤᠯᠤᠨ᠎ᠠ᠃ ᠠᠮᠢ ᠠᠬᠤᠶ᠎ᠣᠷᠴᠢᠨ ᠲᠣᠭᠣᠷᠢᠨ᠎ᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠪᠡᠬᠢᠵᠢᠭᠦᠯᠵᠦ᠍᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌ ᠬᠣᠲᠠ᠎ᠶ᠋ᠢᠨ ᠠᠭᠠᠷ ᠮᠠᠨᠳᠠᠯ᠎ᠤᠨ ᠵᠠᠰᠠᠯᠲᠠ᠂ ᠤᠤᠭᠤᠬᠤ ᠤᠰᠤᠨ᠎ᠤ ᠡᠬᠢ ᠰᠤᠷᠪᠤᠯᠵᠢ᠎ᠶ᠋ᠢᠨ ᠭᠠᠵᠠᠷ᠎ᠤᠨ ᠬᠠᠮᠠᠭᠠᠯᠠᠯᠲᠠ᠂ ᠱᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠡᠷᠭᠡ ᠲᠠᠯ᠎ᠠ᠎ᠶ᠋ᠢᠨ ᠠᠰᠠᠭᠤᠳᠠᠯ᠎ᠢ ᠱᠢᠶ᠋ᠳᠪᠦᠷᠢᠯᠡᠵᠦ᠍᠂ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠤᠨ ᠨᠣᠭᠣᠭᠠᠷᠠᠭᠤᠯᠤᠯᠲᠠ᠎ᠶ᠋ᠢ ᠥᠷᠭᠡᠳᠭᠡᠬᠦ᠎ᠶᠢ ᠬᠠᠮᠵᠢᠯᠴᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠬᠣᠲᠠ᠎ᠶ᠋ᠢᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠳᠡᠭᠡᠭ᠌ᠰᠢᠯᠡᠭᠦᠯᠦᠨ᠎ᠡ᠃ ᠲᠠᠪᠤ᠎ᠳᠤ᠂ ᠠᠮᠤᠷ ᠲᠦᠪᠱᠢᠨ ᠨᠠᠢᠳᠠᠪᠤᠷᠢᠲᠠᠢ ᠤᠶᠠᠨ ᠴᠢᠨᠠᠷᠲᠠᠢ ᠬᠤᠳᠠ᠎ᠶ᠋ᠢ ᠬᠦᠴᠦᠯᠡᠨ ᠪᠦᠲᠦᠭᠡᠨ ᠪᠠᠢᠭᠤᠯᠤᠨ᠎ᠠ᠃ ᠬᠣᠲᠠ᠎ᠶ᠋ᠢᠨ ᠰᠠᠭᠤᠷᠢ ᠲᠦᠬᠦᠭᠡᠷᠦᠮᠵᠢ᠎ᠶ᠋ᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠬᠠᠭᠤᠴᠢᠨ ᠬᠣᠭᠣᠯᠠᠶ᠎ᠶᠢᠨ ᠱᠤᠭᠤᠮ᠎ᠢ ᠥᠭᠡᠷᠡᠴᠢᠯᠡᠨ ᠳᠡᠰ ᠳᠡᠪᠱᠢᠭᠦᠯᠬᠦ᠌᠎ᠶ᠋ᠢ ᠲᠦᠷᠭᠡᠳᠭᠡᠨ᠎ᠡ; ᠬᠡᠲᠦ ᠥᠨᠳᠥᠷ ᠪᠠᠷᠢᠯᠭ᠎ᠠ᠎ᠶ᠋ᠢ ᠴᠢᠩᠭ᠎ᠠ ᠬᠢᠵᠠᠭᠠᠷᠯᠠᠵᠤ᠂ ᠭᠡᠷ ᠪᠠᠢᠱᠢᠩ᠎ᠤᠨ ᠠᠮᠤᠷ ᠲᠦᠪᠱᠢᠨ᠎ᠢ ᠪᠠᠲᠤᠯᠠᠬᠤ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ; ᠬᠤᠳᠠ᠎ᠶ᠋ᠢᠨ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠵᠠᠰᠠᠬᠤ ᠠᠵᠢᠯ᠎ᠢ ᠴᠢᠩᠭᠠᠳᠭᠠᠵᠤ᠂ ᠬᠤᠳᠠ᠎ᠶ᠋ᠢᠨ ᠦᠶᠡᠷ᠎ᠢ ᠰᠡᠷᠭᠡᠢᠯᠡᠬᠦ᠌ ᠱᠢᠰᠲ᠋ᠧᠮ ᠪᠠ  ᠤᠰᠤᠲᠤᠯ᠎ᠢ ᠵᠠᠰᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ᠎ᠡ; ᠨᠡᠢᠭᠡᠮ᠎ᠦᠨ ᠠᠮᠤᠷ᠎ᠢ ᠬᠠᠮᠠᠭᠠᠯᠠᠬᠤ᠎ᠵᠢ ᠪᠦᠬᠦᠯᠢ ᠴᠣᠭ᠍ᠴᠠ᠎ᠪᠠᠷ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠬᠤᠳᠠ᠎ᠶ᠋ᠢᠨ ᠤᠯᠠᠨ ᠨᠡᠢᠲᠡ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠨ᠎ᠠ᠃ ᠵᠢᠷᠭᠤᠭ᠎ᠠ᠎ᠳᠤ᠂ ᠶᠤᠰᠤ ᠰᠤᠷᠳᠠᠬᠤᠨ᠎ᠢ ᠳᠡᠭᠡᠳᠦᠯᠡᠨ ᠰᠠᠢᠨ ᠰᠠᠢᠬᠠᠨ᠎ᠢ ᠡᠷᠬᠢᠮᠯᠡᠬᠦ ᠪᠣᠯᠪᠠᠰᠤᠨ ᠬᠣᠲᠠ᠎ᠶ᠋ᠢ ᠬᠦᠴᠦᠯᠡᠨ ᠪᠦᠲᠦᠭᠡᠨ ᠪᠠᠢᠭᠤᠯᠤᠨ᠎ᠠ᠃ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠬᠣᠲᠠ᠎ᠶ᠋ᠢᠨ ᠳᠦᠷᠰᠦ ᠪᠠᠢᠳᠠᠯ᠎ᠤᠨ ᠬᠠᠮᠢᠶᠠᠷᠤᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠬᠣᠲᠠ᠎ᠶ᠋ᠢᠨ ᠥᠪᠡᠷᠮᠢᠴᠡ ᠤᠨᠴᠠᠭᠠᠢ ᠲᠡᠦᠬᠡ ᠰᠣᠶᠣᠯ᠎ᠤᠨ ᠰᠤᠳᠠᠰᠤ᠂ ᠰᠣᠶᠣᠯ ᠢᠷᠭᠡᠨᠱᠢᠯ ᠭᠠᠵᠠᠷ ᠵᠦᠶ᠂ ᠪᠠᠢᠭᠠᠯᠢ᠎ᠶ᠋ᠢᠨ ᠦᠵᠡᠮᠵᠢ᠎ᠶ᠋ᠢ ᠬᠠᠮᠠᠭᠠᠯᠠᠨ᠎ᠠ; ᠬᠣᠲᠠ᠎ᠶ᠋ᠢᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠦ ᠪᠠᠢᠭᠤᠯᠤᠯᠲᠠ᠎ᠶ᠋ᠢ ᠴᠢᠩᠭᠠᠳᠭᠠᠵᠤ᠂ ᠬᠣᠲᠠ᠎ᠶ᠋ᠢᠨ ᠠᠷᠠᠳ᠎ᠤᠨ ᠪᠣᠯᠪᠠᠰᠤᠨ ᠬᠡᠪ ᠪᠤᠯᠪᠠᠰᠤᠷᠠᠯ᠎ᠢ ᠳᠡᠭᠡᠭ᠌ᠰᠢᠯᠡᠭᠦᠯᠦᠨ᠎ᠡ᠃ ᠳᠣᠯᠣᠭ᠎ᠠ᠎ᠳᠤ᠂ ᠳᠥᠭᠥᠮ ᠲᠦᠷᠬᠡᠨ ᠥᠨᠳᠥᠷ ᠪᠦᠲᠦᠮᠵᠢᠲᠡᠶ ᠤᠶᠤᠨᠲᠤ ᠬᠣᠲᠠ᠎ᠶ᠋ᠢ ᠬᠦᠴᠦᠯᠡᠨ ᠪᠦᠲᠦᠭᠡᠨ ᠪᠠᠢᠭᠤᠯᠤᠨ᠎ᠠ᠃ ᠨᠠᠮ᠎ᠤᠨ ᠪᠠᠢᠭᠤᠯᠤᠯᠲᠠ᠎ᠪᠠᠷ ᠵᠢᠯᠤᠭᠤᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠠᠤᠯᠢ ᠶᠤᠰᠤᠭᠠᠷ ᠬᠣᠲᠠ᠎ᠵᠢ ᠵᠠᠰᠠᠬᠤ᠎ᠶ᠋ᠢ ᠪᠠᠷᠢᠮᠲᠠᠯᠠᠵᠤ᠂ ᠬᠣᠲᠠ᠎ᠶ᠋ᠢᠨ ᠵᠠᠰᠠᠯᠲᠠ᠎ᠶ᠋ᠢᠨ ᠣᠢᠯᠠᠭᠠᠭ᠍ᠳᠠᠬᠤᠨ᠂ ᠵᠠᠭ᠍ᠪᠤᠷ᠂ ᠠᠷᠭ᠎ᠠ ᠪᠠᠷᠢᠯ᠎ᠤᠨ ᠱᠢᠨ᠎ᠡ᠎ᠶ᠋ᠢ ᠡᠭᠦᠳᠴᠦ᠍᠂ ᠬᠣᠲᠠ᠎ᠶ᠋ᠢᠨ ᠠᠷᠠᠳ᠎ᠤᠨ ᠦᠢᠯᠡᠴᠢᠯᠡᠭᠡᠨ᠎ᠦ ᠬᠠᠯᠠᠮᠱᠢᠯ ᠤᠲᠠᠰᠤ ᠵᠡᠷᠭᠡ ᠲᠣᠭ᠍ᠲᠠᠴᠠ᠎ᠶ᠋ᠢ ᠰᠠᠢᠲᠤᠷ ᠬᠡᠷᠡᠭ᠌ᠯᠡᠵᠦ᠍᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠨ᠎ᠡ᠃

    ᠬᠤᠷᠠᠯ᠎ᠡᠴᠡ᠂ ᠣᠳᠣᠬᠢᠴᠢᠯᠠᠭ᠍ᠰᠠᠨ ᠠᠷᠠᠳ ᠲᠦᠮᠡᠨ᠎ᠤ᠎ᠬᠤᠳᠠ᠎ᠶ᠋ᠢ ᠪᠦᠳᠦᠬᠡᠨ ᠪᠠᠢᠭᠤᠯᠬᠤ᠎ᠳᠤ ᠡᠷᠬᠡᠪᠰᠢ ᠬᠤᠳᠠ᠎ᠶ᠋ᠢᠨ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠬᠤ ᠬᠡᠷᠡᠭ᠌ᠲᠡᠢ᠃ ᠤᠳᠤᠷᠢᠳᠭᠤ ᠪᠠᠢᠭᠤᠯᠤᠯ ᠪᠣᠯᠤᠨ ᠠᠵᠢᠯ᠎ᠤᠨ ᠲᠣᠭ᠍ᠲᠠᠴᠠ᠎ᠶ᠋ᠢ ᠤᠯᠠᠮ ᠨᠢᠭᠡ ᠠᠯᠬᠤᠮ ᠪᠦᠷᠢᠨᠱᠢᠭᠦᠯᠵᠦ᠍᠂ ᠬᠣᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠬᠤ ᠴᠢᠨᠠᠷ᠎ᠢ ᠨᠡᠮᠡᠭ᠌ᠳᠡᠭᠦᠯᠦᠨ᠂ ᠡᠯ᠎ᠡ ᠲᠠᠯ᠎ᠠ᠎ᠶ᠋ᠢᠨ ᠬᠡᠷᠡᠭ᠌ᠵᠢᠭᠦᠯᠬᠦ᠌ ᠬᠦᠴᠦᠨ᠎ᠢ ᠴᠢᠩᠭᠠᠳᠬᠠᠬᠤ ᠬᠡᠷᠡᠭ᠌ᠲᠡᠶ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠬᠤᠳᠠ᠎ᠶ᠋ᠢᠨ ᠬᠥᠭ᠌ᠵᠢᠯᠲᠡ᠎ᠶ᠋ᠢ ᠦᠨᠡᠯᠡᠬᠦ᠌ ᠱᠢᠨᠵᠢᠯᠡᠬᠦ᠌ ᠤᠬᠠᠭᠠᠨᠴᠢ ᠱᠢᠰᠲ᠋ᠧᠮ᠎ᠢ ᠪᠠᠢᠭᠤᠯᠤᠨ ᠪᠦᠷᠢᠨᠱᠢᠬᠦᠯᠵᠤ᠂ ᠬᠤᠳᠠ᠎ᠶ᠋ᠢᠨ ᠠᠵᠢᠯ᠎ᠤᠨ ᠡᠩᠨᠡᠭᠡ᠎ᠶ᠋ᠢᠨ ᠬᠡᠪ ᠪᠤᠯᠪᠠᠰᠤᠷᠠᠯ ᠪᠣᠯᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠠᠵᠢᠯ ᠬᠢᠵᠦ᠍ ᠦᠢᠯᠡᠰ ᠪᠤᠰᠭᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ ᠬᠡᠷᠡᠭ᠌ᠲᠡᠢ᠃ ᠦᠨᠡᠨ᠎ᠡᠴᠡ ᠵᠥᠪ᠎ᠢ ᠡᠷᠢᠬᠦ᠌᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠡᠰᠡᠷᠭᠦᠴᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

    ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠬᠤᠳᠠ᠎ᠶ᠋ᠢᠨ ᠬᠥᠭ᠌ᠵᠢᠯᠲᠡ ᠬᠡᠨ᠎ᠦ ᠲᠥᠯᠥᠭᠡ ᠪᠠᠢᠬᠤ᠂ ᠬᠡᠨ᠎ᠳᠦ ᠲᠦᠱᠢᠭ᠌ᠯᠡᠬᠦ᠌ ᠵᠢᠴᠢ ᠶᠠᠮᠠᠷ ᠶᠠᠩᠵᠤ᠎ᠶ᠋ᠢᠨ ᠬᠤᠳᠠ᠎ᠶ᠋ᠢ ᠪᠦᠳᠦᠭᠡᠨ ᠪᠠᠢᠭᠤᠯᠬᠤ᠂ ᠬᠤᠳᠠ᠎ᠶ᠋ᠢ ᠬᠡᠷᠬᠢᠨ ᠪᠦᠳᠦᠭᠡᠨ ᠪᠠᠢᠭᠤᠯᠬᠤ ᠵᠡᠷᠭᠡ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠯᠳᠠ᠎ᠶᠢ ᠱᠢᠨᠵᠢᠯᠡᠬᠦ᠌ ᠤᠬᠠᠭᠠᠨᠴᠢ᠎ᠪᠠᠷ ᠬᠠᠷᠢᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠤ ᠬᠤᠳᠠ᠎ᠶ᠋ᠢᠨ ᠠᠵᠢᠯ᠎ᠢ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠪᠠ᠂ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠲᠡᠷᠡ ᠶᠣᠰᠣᠭᠠᠷ ᠨᠢ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠢ᠃ ᠮᠠᠨ᠎ᠤ ᠤᠯᠤᠰ᠎ᠤᠨ ᠬᠤᠳᠠ᠎ᠶ᠋ᠢᠨ ᠬᠥᠭ᠌ᠵᠢᠯᠲᠡ᠎ᠳ᠋ᠤ ᠣᠷᠣᠱᠢᠵᠤ ᠪᠠᠢᠭ᠎ᠠ ᠲᠡᠦᠬᠡᠨ ᠣᠷᠣᠨ ᠪᠠᠢᠷᠢ᠎ᠶ᠋ᠢ ᠭᠦᠨᠵᠡᠭᠡᠢ ᠡᠵᠡᠮᠳᠡᠵᠦ᠍᠂ ᠨᠡᠩ ᠥᠷᠭᠡᠨ ᠬᠠᠷᠠᠭᠠᠰᠤ᠎ᠠᠴᠠ ᠬᠤᠳᠠ᠎ᠶ᠋ᠢᠨ ᠠᠵᠢᠯ᠎ᠢ ᠰᠠᠢᠲᠤᠷ ᠬᠢᠬᠦ᠌ ᠬᠡᠷᠡᠭ᠌ᠲᠡᠢ; ᠣᠳᠣᠬᠢᠴᠢᠯᠠᠭ᠍ᠰᠠᠨ ᠠᠷᠠᠳ ᠲᠦᠮᠡᠨ᠎ᠤ ᠬᠤᠳᠠ᠎ᠶ᠋ᠢ ᠪᠦᠳᠦᠭᠡᠨ ᠪᠠᠢᠭᠤᠯᠬᠤ ᠬᠠᠷᠠᠯᠲᠠ ᠪᠠᠢᠷᠢ ᠲᠣᠭ᠍ᠲᠠᠭᠠᠯᠲᠠ᠎ᠶ᠋ᠢ ᠭᠦᠨᠵᠡᠭᠡᠢ ᠡᠵᠡᠮᠳᠡᠵᠦ᠍᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠤᠬᠠᠮᠰᠠᠷ᠎ᠡᠴᠡ᠎ᠪᠠᠨ ᠦᠢᠯᠡᠳᠦᠯᠭᠡᠵᠢᠭᠦᠯᠬᠦ᠌ ᠬᠡᠷᠡᠭ᠌ᠲᠡᠢ; ᠬᠣᠲᠠ᠎ᠶ᠋ᠢᠨ ᠠᠭᠤᠯᠤᠭ᠍ᠳᠠᠬᠤᠨ᠎ᠤ ᠮᠠᠶᠢᠭ᠎ᠤᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠨᠳᠤᠰᠢ᠎ᠶ᠋ᠢ ᠭᠦᠨᠵᠡᠭᠡᠶ ᠡᠵᠡᠮᠳᠡᠵᠦ᠍᠂ ᠬᠣᠲᠠ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠨᠠᠩ ᠬᠠᠨᠳᠤᠯᠭᠠᠲᠤ ᠴᠢᠨᠠᠷᠲᠠᠶ᠎ᠪᠠᠷ ᠳᠡᠭᠡᠭ᠌ᠰᠢᠯᠡᠭᠦᠯᠬᠦ ᠬᠡᠷᠡᠭᠳᠡᠢ; ᠬᠤᠳᠠ᠎ᠶ᠋ᠢᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠠᠮᠢᠵᠢᠷᠠᠯ᠎ᠤᠨ ᠬᠦᠴᠦᠨ᠎ᠢ ᠴᠢᠩᠭᠠᠳᠭᠠᠬᠤ ᠳᠣᠲᠣᠭᠠᠳᠤ ᠱᠠᠭᠠᠷᠳᠠᠯᠭ᠎ᠠ᠎ᠶ᠋ᠢ ᠭᠦᠨᠵᠡᠭᠡᠢ ᠡᠵᠡᠮᠳᠡᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠢ; ᠬᠣᠲᠠ᠎ᠶ᠋ᠢᠨ ᠠᠵᠢᠯ᠎ᠤᠨ ᠱᠢᠰᠲ᠋ᠧᠮᠲᠦ ᠴᠢᠨᠠᠷ ᠪᠤᠳᠤᠯᠢᠶᠠᠨᠲᠤ ᠴᠢᠨᠠᠷ᠎ᠢ ᠭᠦᠨᠵᠡᠭᠡᠢ ᠡᠵᠡᠮᠱᠢᠵᠦ᠍᠂ ᠡᠯ᠎ᠡ ᠲᠥᠷᠥᠯ᠎ᠦᠨ ᠡᠭᠦᠷᠭᠡ᠎ᠶ᠋ᠢ ᠨᠠᠢᠳᠠᠪᠤᠷᠢᠵᠢᠭᠤᠯᠬᠤ ᠴᠢᠳᠠᠪᠤᠷᠢ᠎ᠪᠠᠨ ᠬᠦᠴᠦᠯᠡᠨ ᠳᠡᠭᠡᠭ᠌ᠰᠢᠯᠡᠭᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃

    ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠬᠣᠯᠪᠣᠭ᠍ᠳᠠᠯ ᠪᠦᠬᠦᠢ ᠤᠳᠤᠷᠢᠳᠭᠤ ᠨᠥᠬᠥᠳ᠂ ᠲᠦᠷᠦ᠍᠎ᠶ᠋ᠢᠨ ᠶᠠᠪᠤᠳᠠᠯ᠎ᠤᠨ ᠭᠡᠱᠢᠭᠦᠨ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠶᠢᠨ ᠳᠠᠷᠤᠭ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶᠢᠨ ᠪᠠᠢᠴᠠᠭᠠᠬᠤ ᠳᠠᠷᠤᠭ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠦᠬᠦᠢ ᠤᠳᠤᠷᠢᠳᠭᠤ ᠨᠥᠬᠥᠳ ᠬᠤᠷᠠᠯ᠎ᠳᠤ ᠣᠷᠣᠯᠴᠠᠪᠠ᠃

    ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠪᠣᠯᠤᠨ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭᠠᠲᠠᠨ ᠨᠥᠬᠥᠳ ᠪᠣᠯᠤᠨ ᠬᠤᠲᠠ᠎ᠶ᠋ᠢᠨ ᠠᠵᠢᠯ᠎ᠢ ᠬᠤᠪᠢᠳᠠᠨ ᠬᠠᠮᠢᠶᠠᠷᠴᠤ᠌ ᠪᠠᠢᠭ᠎ᠠ ᠬᠠᠷᠢᠭᠤᠴᠠᠯᠭᠠᠲᠠᠨ ᠨᠥᠬᠥᠳ᠂ ᠲᠤᠰᠠᠭᠠᠷ ᠲᠥᠯᠥᠪᠯᠡᠭᠡᠲᠦ ᠬᠤᠲᠠ᠂ ᠮᠤᠵᠢ᠎ᠶ᠋ᠢᠨ ᠲᠥᠪ ᠬᠤᠲᠠ᠂ ᠬᠣᠯᠪᠣᠭ᠍ᠳᠠᠯ ᠪᠦᠬᠦᠢ ᠲᠤᠰᠭᠠᠢ ᠣᠷᠣᠨ᠎ᠤ ᠳᠡᠰ᠎ᠤᠨ ᠬᠤᠲᠠ᠎ᠶ᠋ᠢᠨ ᠨᠠᠮ᠎ᠤᠨ ᠬᠤᠷᠢᠶ᠎ᠠ᠎ᠶᠢᠨ ᠭᠣᠣᠯ ᠬᠠᠷᠢᠭᠤᠴᠠᠯᠭᠠᠲᠠᠨ ᠨᠥᠬᠥᠳ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠬᠣᠯᠪᠣᠭ᠍ᠳᠠᠯ ᠪᠦᠬᠦᠢ ᠠᠷᠠᠳ᠎ᠤᠨ ᠪᠦᠯᠬᠦᠮ᠂ ᠲᠥᠪ᠎ᠡᠴᠡ ᠬᠠᠮᠢᠶᠠᠷᠴᠤ᠌ ᠪᠠᠢᠭ᠎ᠠ ᠬᠡᠰᠡᠭ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠠᠵᠤ ᠠᠬᠤᠢᠯᠠᠯ ᠪᠣᠯᠤᠨ ᠶᠡᠬᠡ ᠳᠡᠭᠡᠳᠦ ᠰᠤᠷᠭᠠᠭᠤᠯᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠭᠣᠣᠯ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠠᠮᠧᠷᠢᠺᠠ ᠵᠢᠨ ᠶᠡᠷᠦᠩᠬᠡᠶ᠋ᠢᠯᠡᠭᠴᠢ ᠪᠠᠶ᠋ᠢᠳ᠋ᠸᠨ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠭ᠋ᠸᠷᠮᠠᠨ᠎ᠤ ᠶᠠᠷᠤᠩᠬᠡᠢ ᠰᠠᠢ᠍ᠢ᠍ᠳ ᠮᠤᠺᠸᠷ᠎ᠲᠠᠢ ᠤᠳᠠᠰᠤ᠎ᠪᠠᠷ ᠶᠠᠷᠢᠯᠴᠠᠪᠠ
ᠰᠢ ᠵᠢᠨ ᠫᠢᠩ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠣᠭ᠎ᠠ ᠵᠢᠨ ᠦᠵᠡᠰᠬᠦᠯᠡᠩ᠎ᠤᠨ ᠴᠤᠭᠯᠠᠭ᠋ᠠᠨ ᠪᠣᠯᠤᠨ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠣᠭ᠎ᠠ ᠵᠢᠨ ᠬᠤᠳᠠᠯᠳᠤᠭ᠋ᠠᠨ᠎ᠤ ᠶᠠᠪᠤᠳᠠᠯ ᠬᠢᠭᠡᠳ ᠪᠡᠯᠡ ᠣᠷᠣᠭᠤᠯᠤᠯᠲᠠ ᠵᠢᠨ ᠲᠦᠷᠦᠭᠦᠴᠦᠳ᠎ᠤᠨ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ
ᠰᠢ ᠵᠢᠨ ᠫᠢᠩ ᠲᠡᠯᠡᠬᠡᠢ ᠵᠢᠨ ᠠᠮᠤ ᠪᠤᠳᠠᠭ᠋ᠠᠨ᠎ᠤ ᠬᠣᠷᠣᠭᠳᠠᠭᠤᠯᠤᠯ᠎ᠢ ᠪᠠᠭ᠋ᠠᠰᠬᠠᠬᠤ ᠶᠡᠬᠡ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ
ᠰᠢ ᠵᠢᠨ ᠫᠢᠩ ᠬᠠᠷᠢᠭᠤ ᠵᠠᠬᠢᠳᠠᠯ ᠢᠯᠡᠬᠡᠵᠤ 《ᠥᠨᠳᠥᠷᠯᠢᠭ᠎ᠤᠨ ᠬᠢᠯᠢ ᠵᠢ ᠬᠠᠮᠠᠭ᠋ᠠᠯᠠᠭᠰᠠᠨ ᠵᠢᠱ᠌ᠢᠶᠡᠴᠢ ᠪᠠᠲᠯᠢᠶᠣᠨ》᠎ᠤ ᠪᠦᠬᠦ ᠳᠠᠷᠤᠭ᠎ᠠ ᠪᠠᠶ᠋ᠢᠯᠳᠤᠭᠴᠢ ᠵᠢ ᠵᠤᠷᠢᠭᠵᠢᠭᠤᠯᠤᠭᠰᠠᠨ᠎ᠨᠢ ᠡᠬᠡ ᠤᠯᠤᠰ ᠵᠶ᠋ᠠᠨ ᠬᠠᠮᠠᠭ᠋ᠠᠯᠠᠵᠤ ᠬᠢᠯᠢ ᠵᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠰᠢᠳᠤᠷᠭᠤ᠎ᠪᠠᠷ ᠭᠦᠢ᠍ᠴᠡᠳᠬᠡᠵᠤ ᠨᠠᠮ ᠪᠠ ᠠᠷᠠᠳ ᠲᠦᠮᠡᠨ᠎ᠳᠡᠭᠡᠨ ᠳᠠᠬᠢᠨ ᠰᠢᠨ᠎ᠡ ᠭᠠᠪᠢᠶ᠎ᠠ ᠵᠢᠳᠬᠦᠯ ᠪᠠᠶ᠋ᠢᠭᠤᠯᠬᠤ᠎ᠪᠠᠷ ᠴᠢᠷᠮᠠ᠊ ᠵᠢᠭ᠋ᠠᠷᠠᠢ
 
            