ᠰᠢᠨᠬᠤᠸᠠ ᠬᠣᠷᠢᠶᠠᠨ᠎ᠤ ᠪᠡᠭᠡᠵᠢᠩ᠎ᠦᠨ 7 ᠳ᠋ᠤᠭᠠᠷ ᠰᠠᠷ᠎ᠠ᠎ᠶᠢᠨ 16 ᠤ ᠡᠳᠦᠷ᠎ᠦᠨ ᠴᠠᠬᠢᠯᠭᠠᠨ ᠮᠡᠳᠡᠭᠡ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ 7 ᠳ᠋ᠤᠭᠠᠷ ᠰᠠᠷ᠎ᠠ᠎ᠶᠢᠨ 16 ᠤ ᠡᠳᠦᠷ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠵᠤ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠤᠨ ᠭᠣᠣᠯᠳᠠᠯᠭ᠎ᠠ ᠪᠣᠯᠬᠤ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢᠨ ᠨᠠᠢᠳᠠᠪᠤᠷᠢᠵᠢᠭᠤᠯᠤᠯᠲᠠ᠎ᠶᠢᠨ ᠠᠵᠢᠯ᠎ᠢᠶᠠᠨ ᠰᠠᠢᠲᠤᠷ ᠬᠢᠬᠦ᠎ᠶᠢ ᠰᠤᠳᠤᠯᠵᠤ᠂ 2024 ᠣᠨ᠎ᠤ ᠲᠥᠪ᠎ᠦᠨ ᠲᠥᠰᠥᠪ᠎ᠢ ᠭᠦᠢᠴᠡᠳᠬᠡᠭᠰᠡᠨ ᠪᠠ ᠡᠳ᠋᠎ᠦᠨ ᠵᠠᠰᠠᠭ᠎ᠤᠨ ᠪᠤᠰᠤᠳ ᠣᠷᠣᠯᠭ᠎ᠠ ᠵᠠᠷᠤᠯᠭ᠎ᠠ᠎ᠶᠢᠨ ᠬᠢᠨᠠᠨ ᠪᠣᠳᠣᠯᠲᠠ᠎ᠪᠠᠷ ᠪᠠᠢᠴᠠᠭᠠᠨ ᠭᠠᠷᠭᠠᠭᠰᠠᠨ ᠠᠰᠠᠭᠤᠳᠠᠯ᠎ᠤᠳ᠎ᠢ ᠠᠩᠬ᠎ᠠ ᠠᠯᠬᠤᠮ ᠴᠡᠭᠴᠡᠯᠡᠨ ᠰᠠᠢᠵᠢᠷᠠᠭᠤᠯᠤᠭᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠠᠵᠤ ᠦᠢᠯᠡᠰ᠎ᠦᠨ ᠥᠷᠢᠰᠦᠯᠳᠦᠭᠡᠨ᠎ᠦ ᠡᠮᠬᠢ ᠳᠢᠭᠯᠢᠮ᠎ᠢ ᠵᠢᠷᠤᠮᠵᠢᠭᠤᠯᠬᠤ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ 《 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠪᠡᠷ ᠭᠠᠳᠠᠭᠠᠳᠤ᠎ᠶᠢᠨ ᠬᠥᠮᠥᠨ᠎ᠦ ᠣᠷᠣᠵᠤ ᠭᠠᠷᠬᠤ᠎ᠶᠢᠨ ᠬᠠᠮᠢᠶᠠᠷᠤᠯᠲᠠ᠎ᠶᠢᠨ ᠳᠦᠷᠢᠮ〉᠎ᠳᠦ ᠵᠠᠰᠠᠪᠤᠷᠢ ᠣᠷᠣᠭᠤᠯᠬᠤ ᠲᠤᠬᠠᠢ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠲᠣᠭᠲᠠᠭᠠᠯ (ᠡᠬᠡ ᠲᠥᠰᠥᠯ) 》᠎ᠢ ᠬᠢᠨᠠᠨ ᠶᠠᠷᠢᠯᠴᠠᠵᠤ ᠪᠠᠲᠤᠯᠠᠪᠠ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠬᠦᠴᠦᠷᠬᠡᠭᠵᠢᠭᠦᠯᠬᠦ ᠪᠣᠯ ᠠᠵᠤ ᠠᠬᠤᠢ᠎ᠶᠢᠨ ᠲᠣᠭᠲᠠᠭᠤᠨ᠎ᠢᠶᠠᠷ ᠴᠢᠨᠠᠭᠰᠢᠳᠠ ᠬᠥᠭᠵᠢᠬᠦ᠎ᠶᠢ ᠠᠬᠢᠭᠤᠯᠬᠤ ᠪᠠᠢᠯᠳᠤᠬᠤ ᠪᠣᠳᠣᠯᠭ᠎ᠠ᠎ᠶᠢᠨ ᠠᠷᠭ᠎ᠠ ᠬᠡᠮᠵᠢᠶ᠎ᠡ ᠮᠥᠨ᠃ ᠵᠠᠩᠭᠢᠯᠠᠭ᠎ᠠ᠎ᠶᠢᠨ ᠬᠦᠴᠦᠯᠡᠬᠦ ᠴᠡᠭ᠎ᠢ ᠣᠨᠣᠪᠴᠢᠲᠠᠶ ᠡᠵᠡᠮᠳᠡᠨ᠂ ᠬᠡᠷᠡᠭᠯᠡᠭᠡ᠎ᠶᠢ ᠬᠥᠭᠵᠢᠭᠡᠬᠦ ᠲᠤᠰᠬᠠᠢ ᠠᠵᠢᠯᠯᠠᠭ᠎ᠠ᠎ᠨᠢ ᠭᠦᠨᠵᠡᠭᠡᠢ ᠬᠡᠷᠡᠭᠵᠢᠭᠦᠯᠵᠦ᠂ ᠰᠠᠭᠤᠭᠠᠯᠢ ᠠᠷᠠᠳ᠎ᠤᠨ ᠬᠡᠷᠡᠭᠯᠡᠭᠡ᠎ᠶᠢ ᠬᠢᠵᠠᠭᠠᠷᠯᠠᠵᠤ ᠪᠠᠢᠭ᠎ᠠ ᠵᠦᠢ ᠵᠣᠬᠢᠰ ᠦᠭᠡᠢ ᠬᠢᠵᠠᠭᠠᠷᠯᠠᠯᠤᠳᠢ ᠰᠢᠰᠲᠧᠮ᠎ᠲᠠᠢ ᠠᠷᠢᠯᠭᠠᠨ᠂ ᠬᠡᠷᠡᠭᠯᠡᠭᠡ᠎ᠶᠢᠨ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠲᠦᠷᠦ᠎ᠶᠢᠨ ᠪᠣᠳᠣᠯᠭ᠎ᠠ᠎ᠶᠢ ᠰᠢᠯᠢᠳᠡᠭᠵᠢᠭᠦᠯᠵᠦ᠂ ᠰᠠᠭᠤᠭᠠᠯᠢ ᠠᠷᠠᠳ᠎ᠤᠨ ᠬᠡᠷᠡᠭᠯᠡᠭᠡ᠎ᠶᠢᠨ ᠬᠡᠷᠡᠭᠴᠡᠭᠡ᠎ᠳᠦ ᠠᠶᠠᠳᠠᠨ ᠳᠠᠭᠠᠵᠤ ᠪᠠᠢᠭᠠᠳ ᠤᠯᠠᠨ ᠡᠰᠢᠴᠢᠯᠡᠭᠰᠡᠨ ᠬᠠᠩᠭᠠᠯᠭ᠎ᠠ᠎ᠶᠢ ᠨᠡᠮᠡᠭᠳᠡᠭᠦᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠂ ᠰᠢᠨ᠎ᠡ᠎ᠪᠡᠷ ᠮᠠᠨᠳᠤᠵᠤ ᠪᠠᠢᠭ᠎ᠠ ᠦᠢᠯᠡᠴᠢᠯᠡᠭᠡᠨ᠎ᠦ ᠦᠢᠯᠡᠰ ᠵᠡᠷᠭᠡ ᠬᠦᠷᠢᠶᠡᠨ᠎ᠳᠡᠬᠢ ᠪᠡᠯᠡ ᠣᠷᠣᠭᠤᠯᠤᠯᠲᠠ᠎ᠶᠢ ᠥᠷᠭᠡᠳᠬᠡᠵᠦ᠂ ᠳᠣᠲᠣᠭᠠᠳᠤ ᠬᠡᠷᠡᠭᠴᠡᠭᠡᠨ᠎ᠦ ᠳᠠᠯᠳᠠ ᠬᠦᠴᠦᠨ᠎ᠢ ᠭᠦᠢᠴᠡᠳ ᠪᠠᠳᠠᠷᠠᠭᠤᠯᠵᠤ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠤᠨ ᠳᠣᠲᠣᠭᠠᠳᠤ ᠬᠥᠳᠡᠯᠭᠡᠭᠴᠢ ᠬᠦᠴᠦᠨ᠎ᠢ ᠲᠠᠰᠤᠷᠠᠯᠳᠠ ᠦᠭᠡᠢ ᠴᠢᠩᠭᠠᠷᠠᠭᠤᠯᠬᠤ ᠬᠡᠷᠡᠭᠲᠡᠢ᠃ ᠲᠣᠪᠣᠢᠮ᠎ᠠ ᠠᠰᠠᠭᠤᠳᠠᠯ᠎ᠳᠤ ᠠᠩᠬᠠᠷᠤᠯ ᠲᠥᠪᠯᠡᠷᠡᠭᠦᠯᠵᠦ᠂ ᠲᠦᠷᠦ᠎ᠶᠢᠨ ᠪᠣᠳᠣᠯᠭ᠎ᠠ᠎ᠶᠢᠨ ᠣᠨᠣᠪᠴᠢ᠎ᠶᠢᠨ ᠬᠡᠮᠵᠢᠶ᠎ᠡ ᠪᠠ ᠬᠡᠷᠡᠭᠵᠢᠭᠦᠯᠵᠦ ᠪᠣᠯᠬᠤᠢᠴᠠ ᠴᠢᠨᠠᠷ᠎ᠢ ᠳᠡᠭᠡᠭᠰᠢᠯᠡᠭᠦᠯᠵᠦ᠂ ᠰᠠᠯᠠᠭ᠎ᠠ ᠮᠥᠴᠢᠷ᠎ᠦᠳ᠎ᠦᠨ ᠬᠣᠭᠣᠷᠣᠨᠳᠣᠬᠢ ᠬᠠᠮᠵᠢᠯᠴᠠᠭ᠎ᠠ᠎ᠶᠢ ᠴᠢᠩᠭᠠᠳᠬᠠᠵᠤ᠂ ᠲᠦᠷᠦ᠎ᠶᠢᠨ ᠪᠣᠳᠣᠯᠭ᠎ᠠ᠎ᠶᠢᠨ ᠨᠠᠢᠳᠠᠪᠤᠷᠢᠵᠢᠭᠤᠯᠤᠯᠲᠠ᠎ᠶᠢᠨ ᠨᠡᠢᠯᠡᠯ ᠬᠦᠴᠦᠨ᠎ᠢ ᠨᠢᠭ᠍ᠲᠠᠷᠠᠭᠤᠯᠵᠤ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠬᠢᠵᠠᠭᠠᠷᠯᠠᠵᠤ ᠪᠠᠢᠭ᠎ᠠ ᠲᠦᠭᠵᠢᠷᠡᠯᠦᠳᠢ ᠲᠦᠷᠭᠡᠨ ᠰᠢᠢᠳᠪᠦᠷᠢᠯᠡᠬᠦ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠲᠦᠷᠦ᠎ᠶᠢᠨ ᠪᠣᠳᠣᠯᠭ᠎ᠠ᠎ᠶᠢᠨ ᠵᠢᠷᠤᠭ ᠲᠥᠯᠥᠪᠯᠡᠭᠡ᠎ᠪᠡᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠯ᠎ᠡ ᠲᠠᠯ᠎ᠠ᠎ᠶᠢᠨ ᠰᠠᠨᠠᠯ ᠰᠠᠨᠠᠭᠤᠯᠭ᠎ᠠ᠎ᠨᠤᠭᠤᠳ᠎ᠢ ᠬᠢᠨᠠᠮᠠᠭᠠᠢ ᠰᠣᠨᠣᠰᠴᠤ᠂ ᠣᠷᠣᠨ ᠨᠤᠲᠤᠭ ᠪᠠ ᠠᠵᠤ ᠠᠬᠤᠢᠯᠠᠯ᠎ᠢ ᠢᠳᠡᠪᠬᠢᠲᠡᠢ ᠬᠠᠪᠰᠤᠷᠴᠤ ᠪᠠᠢᠭᠠᠳ ᠬᠦᠴᠢᠷᠳᠡᠯ᠎ᠢ ᠨᠢ ᠰᠢᠢᠳᠪᠦᠷᠢᠯᠡᠨ᠂ ᠬᠥᠭᠵᠢᠯᠲᠡ᠎ᠶᠢ ᠨᠢ ᠠᠬᠢᠭᠤᠯᠵᠤ᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ ᠪᠠᠢᠭᠠᠳ ᠠᠵᠤ ᠠᠬᠤᠢ᠎ᠶᠢᠨ ᠦᠷᠭᠦᠯᠵᠢᠯᠡᠨ ᠰᠠᠢᠵᠢᠷᠠᠬᠤ᠎ᠶᠢ ᠠᠬᠢᠭᠤᠯᠬᠤ ᠬᠡᠷᠡᠭᠲᠡᠢ ᠭᠡᠵᠡᠢ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠬᠢᠨᠠᠨ ᠪᠣᠳᠣᠯᠲᠠ᠎ᠪᠠᠷ ᠴᠡᠭᠴᠡᠯᠡᠨ ᠰᠠᠢᠵᠢᠷᠠᠭᠤᠯᠬᠤ ᠪᠣᠯ ᠬᠢᠨᠠᠨ ᠪᠣᠳᠣᠯᠲᠠ᠎ᠶᠢᠨ ᠬᠢᠨᠠᠯᠲᠠ ᠲᠠᠯᠪᠢᠬᠤ ᠦᠢᠯᠡᠳᠦᠯ᠎ᠢ ᠪᠠᠳᠠᠷᠠᠭᠤᠯᠬᠤ᠎ᠶᠢᠨ ᠴᠢᠬᠤᠯᠠ ᠭᠣᠭᠴᠣᠭ᠎ᠠ ᠪᠠᠢᠵᠤ᠂ ᠵᠠᠰᠠᠭ᠎ᠤᠨ ᠣᠷᠳᠣᠨ᠎ᠤ ᠤᠯᠠᠨ ᠨᠡᠶ᠋ᠢᠲᠡ᠎ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠯᠦ᠍ᠭᠡ ᠬᠣᠯᠪᠣᠭᠳᠠᠨ᠎ᠠ᠃ ᠬᠢᠨᠠᠨ ᠪᠣᠳᠣᠯᠲᠠ᠎ᠪᠠᠷ ᠪᠠᠢᠴᠠᠭᠠᠨ ᠭᠠᠷᠭᠠᠭᠰᠠᠨ ᠠᠰᠠᠭᠤᠳᠠᠯ᠎ᠳᠤ᠂ ᠬᠢᠨᠠᠨ ᠪᠣᠳᠣᠯᠲᠠ ᠬᠢᠯᠭᠡᠭᠰᠡᠨ ᠨᠢᠭᠡᠴᠢ᠎ᠶᠢᠨ ᠴᠡᠭᠴᠡᠯᠡᠨ ᠰᠠᠢᠵᠢᠷᠠᠭᠤᠯᠬᠤ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢᠵᠢᠭᠤᠯᠵᠤ᠂ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠶᠢ ᠴᠢᠩᠭᠠᠷᠠᠭᠤᠯᠤᠨ᠂ ᠲᠣᠭᠲᠠᠭᠰᠠᠨ ᠬᠤᠭᠤᠴᠠᠭᠠᠨ᠎ᠳᠤ ᠴᠡᠭᠴᠡᠯᠡᠨ ᠰᠠᠢᠵᠢᠷᠠᠭᠤᠯᠬᠤ᠎ᠶᠢ ᠲᠡᠷᠡ ᠬᠡᠪ᠎ᠢᠶᠡᠷ ᠨᠢ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠢᠭᠡ᠎ᠡᠴᠡ ᠵᠦᠢᠴᠢᠯᠡᠵᠦ ᠨᠦᠬᠦᠭᠡ᠎ᠶᠢ ᠨᠢ ᠮᠡᠳᠡᠵᠦ᠂ ᠦᠨᠭᠭᠡᠨ ᠲᠠᠯ᠎ᠠ ᠪᠠ ᠦᠨᠳᠦᠰᠦ ᠰᠤᠷᠪᠤᠯᠵᠢ᠎ᠶᠢ ᠨᠢ ᠵᠡᠷᠭᠡ᠎ᠪᠡᠷ ᠵᠠᠰᠠᠵᠤ᠂ ᠳᠦᠷᠢᠮ᠎ᠢ ᠴᠠᠭ ᠲᠤᠬᠠᠢ᠎ᠳᠤ ᠨᠢ ᠲᠡᠭᠦᠯᠳᠡᠷᠵᠢᠭᠦᠯᠦᠨ᠂ ᠠᠯᠳᠠᠰᠢ ᠭᠠᠷᠬᠤ᠎ᠶᠢ ᠨᠢ ᠬᠣᠷᠢᠭ᠍ᠯᠠᠵᠤ᠂ ᠠᠰᠠᠭᠤᠳᠠᠯ ᠡᠭᠦᠰᠬᠡᠬᠦ ᠨᠥᠬᠥᠴᠡᠯ᠎ᠢ ᠨᠢ ᠠᠷᠢᠯᠭᠠᠬᠤ ᠬᠡᠷᠡᠭᠲᠡᠢ᠃ ᠬᠢᠨᠠᠨ ᠪᠣᠳᠣᠯᠲᠠ᠎ᠪᠠᠷ ᠴᠡᠭᠴᠡᠯᠡᠨ ᠰᠠᠢᠵᠢᠷᠠᠭᠤᠯᠬᠤ᠎ᠶᠢ ᠠᠵᠢᠯ᠎ᠢᠶᠠᠨ ᠠᠬᠢᠭᠤᠯᠬᠤ᠎ᠶᠢᠨ ᠬᠦᠴᠦᠲᠡᠢ ᠭᠠᠷᠳᠠᠴᠠ ᠪᠣᠯᠭᠠᠵᠤ᠂ ᠴᠡᠭᠴᠡᠯᠡᠨ ᠰᠠᠢᠵᠢᠷᠠᠭᠤᠯᠤᠯᠲᠠ᠎ᠪᠠᠷ ᠨᠠᠢᠳᠠᠪᠤᠷᠢᠵᠢᠭᠤᠯᠤᠯᠲᠠ᠎ᠶᠢ ᠠᠬᠢᠭᠤᠯᠤᠨ᠂ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ ᠭᠡᠵᠡᠢ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠠᠩᠬᠠᠷᠤᠯ ᠲᠥᠪᠯᠡᠷᠡᠭᠦᠯᠵᠦ᠂ ᠲᠤᠰ ᠠᠵᠤ ᠦᠢᠯᠡᠰ᠎ᠦᠨ ᠬᠦᠷᠢᠶᠡᠨ᠎ᠳᠦ ᠢᠯᠡᠷᠡᠭᠰᠡᠨ ᠡᠯ᠎ᠡ ᠵᠦᠢᠯ᠎ᠦᠨ ᠣᠶᠤᠨᠴᠢᠷ ᠪᠤᠰᠤ ᠥᠷᠢᠰᠦᠯᠳᠦᠭᠡᠨ᠎ᠦ ᠦᠵᠡᠭᠳᠡᠯᠳᠦ ᠴᠢᠭᠯᠡᠭᠦᠯᠦᠨ᠂ ᠠᠯᠤᠰ ᠢᠷᠡᠭᠡᠳᠦᠢ ᠪᠠ ᠣᠢᠷ᠎ᠠ ᠵᠠᠭᠤᠷ᠎ᠠ᠎ᠶᠢ ᠤᠶᠠᠯᠳᠤᠭᠤᠯᠬᠤ᠂ ᠶᠡᠷᠦᠩᠬᠡᠢᠯᠡᠭᠰᠡᠨ ᠠᠷᠭ᠎ᠠ ᠪᠣᠳᠣᠯᠭ᠎ᠠ᠎ᠶᠢ ᠬᠡᠷᠡᠭᠵᠢᠭᠦᠯᠬᠦ᠎ᠪᠡᠨ ᠪᠠᠷᠢᠮᠲᠠᠯᠠᠵᠤ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠠᠵᠤ ᠦᠢᠯᠡᠰ᠎ᠦᠨ ᠥᠷᠢᠰᠦᠯᠳᠦᠭᠡᠨ᠎ᠦ ᠡᠮᠬᠢ ᠳᠢᠭ᠌ᠯᠢᠮ᠎ᠢ ᠦᠨᠡᠨ ᠬᠦ᠌ ᠵᠢᠷᠤᠮᠵᠢᠭᠤᠯᠬᠤ ᠬᠡᠷᠡᠭᠲᠡᠢ᠃ ᠥᠪᠡᠷ᠎ᠦᠨ ᠥᠷᠲᠡᠭ᠎ᠦᠨ ᠪᠠᠢᠴᠠᠭᠠᠯᠲᠠ ᠪᠠ ᠦᠨ᠎ᠡ ᠬᠠᠩᠰᠢ᠎ᠶᠢᠨ ᠬᠢᠨᠠᠨ ᠰᠢᠨᠵᠢᠯᠲᠡ᠎ᠶᠢ ᠴᠢᠩᠭᠠᠳᠬᠠᠵᠤ᠂ ᠦᠢᠯᠡᠳᠬᠦᠨ᠎ᠦ ᠦᠢᠯᠡᠳᠪᠦᠷᠢᠯᠡᠯ᠎ᠦᠨ ᠨᠢᠭᠡᠳᠦᠯᠲᠦ ᠴᠢᠨᠠᠷ᠎ᠲᠤ ᠬᠢᠨᠠᠯᠲᠠ ᠪᠠᠢᠴᠠᠭᠠᠯᠲᠠ᠎ᠶᠢ ᠴᠢᠩᠭᠠᠳᠬᠠᠵᠤ᠂ ᠭᠣᠣᠯᠳᠠᠯᠭ᠎ᠠ ᠪᠣᠯᠬᠤ ᠮᠠᠰᠢᠨ ᠲᠡᠷᠭᠡᠨ᠎ᠦ ᠠᠵᠤ ᠠᠬᠤᠢᠯᠠᠯ᠎ᠢ ᠰᠢᠮᠳᠠᠭᠤᠯᠵᠤ ᠪᠠᠢᠭᠠᠳ ᠲᠥᠯᠥᠬᠦ ᠲᠠᠩᠰᠠᠨ ᠬᠤᠭᠤᠴᠠᠭᠠᠨ᠎ᠤ ᠠᠮᠠᠯᠠᠯᠲᠠ᠎ᠶᠢ ᠨᠢ ᠰᠠᠢᠲᠤᠷ ᠨᠠᠢᠳᠠᠪᠤᠷᠢᠵᠢᠭᠤᠯᠬᠤ ᠬᠡᠷᠡᠭᠲᠡᠢ᠃ ᠵᠢᠷᠤᠮᠵᠢᠭᠤᠨ ᠥᠷᠢᠰᠦᠯᠳᠦᠭᠡᠨ᠎ᠦ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠬᠦᠴᠦᠯᠡᠨ ᠪᠦᠷᠢᠨᠰᠢᠭᠦᠯᠵᠦ᠂ ᠠᠵᠢᠯ ᠲᠦᠷᠦᠯ᠎ᠦᠨ ᠥᠪᠡᠷ᠎ᠢ᠎ᠪᠡᠨ ᠱᠠᠭᠠᠷᠳᠠᠬᠤ᠎ᠶᠢ ᠴᠢᠩᠭᠠᠳᠬᠠᠵᠤ᠂ ᠪᠠᠷᠢᠮᠵᠢᠶ᠎ᠠ᠎ᠪᠠᠷ ᠠᠵᠤ ᠦᠢᠯᠡᠰ᠎ᠦᠨ ᠲᠡᠰ ᠳᠡᠪᠰᠢᠭᠦᠯᠬᠦ᠎ᠶᠢ ᠬᠥᠲᠥᠯᠥᠨ ᠳᠠᠭᠠᠭᠤᠯᠬᠤ ᠦᠢᠯᠡᠳᠦᠯ᠎ᠢ ᠨᠢ ᠨᠡᠩ ᠰᠠᠢᠲᠤᠷ ᠪᠠᠳᠠᠷᠠᠭᠤᠯᠵᠤ᠂ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠶᠠᠰᠤ ᠴᠢᠨᠠᠷ᠎ᠢ ᠳᠡᠭᠡᠭᠰᠢᠯᠡᠭᠦᠯᠬᠦ ᠵᠡᠷᠭᠡ᠎ᠪᠡᠷ ᠳᠠᠮᠵᠢᠭᠤᠯᠤᠨ ᠥᠷᠢᠰᠦᠯᠳᠦᠬᠦ ᠬᠦᠴᠦᠨ᠎ᠢ ᠨᠢ ᠴᠢᠩᠭᠠᠷᠠᠭᠤᠯᠬᠤ ᠬᠡᠷᠡᠭᠲᠡᠢ ᠭᠡᠵᠡᠢ᠃
ᠬᠤᠷᠠᠯᠳᠤᠭᠠᠨ᠎ᠢᠶᠠᠷ 《〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠪᠡᠷ ᠭᠠᠳᠠᠭᠠᠳᠤ᠎ᠶᠢᠨ ᠬᠥᠮᠥᠨ᠎ᠦ ᠣᠷᠣᠵᠤ ᠭᠠᠷᠬᠤ᠎ᠶᠢᠨ ᠬᠠᠮᠢᠶᠠᠷᠤᠯᠲᠠ᠎ᠶᠢᠨ ᠳᠦᠷᠢᠮ〉᠎ᠳᠦ ᠵᠠᠰᠠᠪᠤᠷᠢ ᠣᠷᠣᠭᠤᠯᠬᠤ ᠲᠤᠬᠠᠢ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠲᠣᠭᠲᠠᠭᠠᠯ (ᠡᠬᠡ ᠲᠥᠰᠥᠯ) 》᠎ᠢ ᠬᠢᠨᠠᠨ ᠶᠠᠷᠢᠯᠴᠠᠵᠤ ᠪᠠᠲᠤᠯᠠᠪᠠ᠃
ᠬᠤᠷᠠᠯᠳᠤᠭᠠᠨ᠎ᠢᠶᠠᠷ ᠪᠠᠰᠠ ᠪᠤᠰᠤᠳ ᠵᠦᠢᠯᠡᠰ᠎ᠢ ᠰᠤᠳᠤᠯᠵᠠᠢ᠃