ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠨᠢᠭᠤᠷ   -   ᠲᠡᠷᠢᠭᠦᠨ ᠵᠣᠷᠪᠣᠰ
ᠯᠢ ᠴᠢᠶᠠᠩ ᠲᠥᠪᠡᠳ᠎ᠲᠦ ᠪᠠᠢᠴᠠᠭᠠᠨ ᠰᠤᠳᠤᠯᠤᠯᠲᠠ ᠬᠢᠬᠦ᠎ᠳᠦ᠎ᠪᠡᠨ ᠴᠢᠬᠤᠯᠠᠴᠢᠯᠠᠭᠰᠠᠨ ᠨᠢ ᠄ ᠤᠯᠤᠰ᠎ᠤᠨ ᠴᠢᠬᠤᠯᠠ ᠶᠡᠬᠡ ᠢᠨᠵᠧᠨᠧᠷᠢᠩ᠎ᠦᠨ ᠲᠥᠷᠥᠯ ᠵᠦᠢᠯ᠎ᠢ ᠴᠢᠨᠠᠷ ᠰᠠᠢᠲᠠᠢ ᠬᠡᠷᠡᠭᠵᠢᠭᠦᠯᠵᠦ  ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠵᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠤᠶᠠᠨ ᠵᠢᠷᠭᠠᠯ᠎ᠢ ᠨᠡᠮᠡᠭᠳᠡᠭᠦᠯᠬᠦ ᠬᠡᠷᠡᠭᠲᠡᠢ
ᠨᠡᠶ᠋ᠢᠲᠡᠯᠡᠭᠰᠡᠨ ᠴᠠᠭ᠄ 2025-07-21

    ᠰᠢᠨᠬᠤᠸᠠ ᠬᠣᠷᠢᠶᠠᠨ᠎ᠤ ᡀᠠᠰᠠ᠎ᠶᠢᠨ 7 ᠳ᠋ᠤᠭᠠᠷ ᠰᠠᠷ᠎ᠠ᠎ᠶᠢᠨ 19᠎ᠦ ᠡᠳᠦᠷ᠎ᠦᠨ ᠴᠠᠬᠢᠯᠭᠠᠨ ᠮᠡᠳᠡᠭᠡ

    ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ 7 ᠳ᠋ᠤᠭᠠᠷ ᠰᠠᠷ᠎ᠠ᠎ᠶᠢᠨ 18᠎ᠦ ᠡᠳᠦᠷ᠎ᠡᠴᠡ 19᠎ᠦ ᠡᠳᠦᠷ ᠪᠣᠯᠲᠠᠯ᠎ᠠ ᠲᠥᠪᠡᠳ᠎ᠲᠦ ᠪᠠᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠬᠤ᠎ᠳᠤ᠎ᠪᠠᠨ᠂ ᠶᠡᠷᠦᠩᠬᠡᠢ ᠱᠦᠵᠢ ᠰᠢ ᠵᠢᠨ ᠫᠢᠩ᠎ᠦᠨ ᠲᠥᠪᠡᠳ᠎ᠦᠨ ᠠᠵᠢᠯ᠎ᠤᠨ ᠲᠤᠬᠠᠢ ᠴᠢᠬᠤᠯᠠ ᠥᠭᠦᠯᠡᠯᠲᠡ ᠪᠠ ᠰᠢᠨ᠎ᠡ ᠴᠠᠭ ᠦᠶ᠎ᠡ᠎ᠶᠢᠨ ᠨᠠᠮ᠎ᠠᠴᠠ ᠲᠥᠪᠡᠳ᠎ᠢ ᠵᠠᠰᠠᠬᠤ ᠲᠤᠬᠠᠢ ᠠᠷᠭ᠎ᠠ ᠪᠣᠳᠣᠯᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ᠎ᠶᠢᠨ ᠬᠠᠮᠠᠭᠠᠯᠠᠯᠲᠠ᠎ᠶᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠤᠯᠤᠰ᠎ᠤᠨ ᠴᠢᠬᠤᠯᠠ ᠶᠡᠬᠡ ᠢᠨᠵᠧᠨᠧᠷᠢᠩ᠎ᠦᠨ ᠲᠦᠷᠦᠯ ᠵᠦᠢᠯ᠎ᠢ ᠴᠢᠨᠠᠷ ᠰᠠᠢᠲᠠᠢ ᠬᠡᠷᠡᠭᠵᠢᠭᠦᠯᠵᠦ᠂ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠭᠠᠳ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ᠎ᠢ ᠪᠣᠢᠵᠢᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠦᠷᠭᠦᠯᠵᠢᠯᠡᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠤᠶᠠᠨ ᠵᠢᠷᠭᠠᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠪᠡ᠃

    7 ᠳ᠋ᠤᠭᠠᠷ ᠰᠠᠷ᠎ᠠ᠎ᠶᠢᠨ 18᠎ᠤ ᠡᠳᠦᠷ᠎ᠡᠴᠡ 19᠎ᠦ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ ᠲᠥᠪᠡᠳ᠎ᠲᠦ ᠪᠠᠢᠴᠠᠭᠠᠨ ᠰᠤᠳᠤᠯᠤᠯᠲᠠ ᠬᠢᠪᠡ᠃ ᠵᠢᠷᠤᠭ ᠪᠣᠯ 7 ᠳ᠋ᠤᠭᠠᠷ ᠰᠠᠷ᠎ᠠ᠎ᠶᠢᠨ 18᠎ᠤ ᠡᠳᠦᠷ ᠨᠢᠩᠴᠢ᠎ᠳᠦ᠂ ᠯᠢ ᠴᠢᠶᠠᠩ ᠰᠧᠴᠤᠸᠠᠨ ᠲᠥᠪᠡᠳ᠎ᠦᠨ ᠲᠡᠮᠦᠷ ᠵᠠᠮ᠎ᠤᠨ ᠰᠧᠷᠵᠧᠮᠯᠠ ᠠᠭᠤᠯᠠᠨ᠎ᠤ ᠨᠦᠬᠡᠨ ᠵᠠᠮ᠎ᠤᠨ ᠭᠠᠷᠴᠠ᠎ᠳᠤ ᠬᠦᠷᠴᠦ᠂ ᠨᠦᠬᠡᠨ ᠵᠠᠮ᠎ᠤᠨ ᠠᠬᠤᠢ ᠲᠠᠯᠠᠪᠠᠶ᠎ᠶᠢᠨ ᠪᠠᠷᠢᠯᠭ᠎ᠠ᠎ᠶᠢᠨ ᠪᠠᠢᠳᠠᠯ᠎ᠢ ᠪᠠᠢᠴᠠᠭᠠᠨ ᠦᠵᠡᠵᠦ᠂ ᠪᠦᠲᠦᠭᠡᠨ ᠪᠠᠢᠭᠤᠯᠤᠯᠲᠠ᠎ᠶᠢᠨ ᠠᠬᠢᠴᠠ᠎ᠶᠢ ᠣᠢᠯᠠᠭᠠᠵᠤ ᠪᠠᠢᠭ᠎ᠠ ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠯᠢᠦ ᠪᠢᠨ ᠰᠡᠭᠦᠳᠡᠷᠯᠡᠪᠡ

    ᠯᠢᠨ ᡁᠢ᠎ᠳᠦ᠂ ᠯᠢ ᠴᠢᠶᠠᠩ ᠡᠩ ᠲᠡᠷᠢᠭᠦᠨ᠎ᠳᠦ ᠰᠧᠴᠤᠸᠠᠨ ᠲᠥᠪᠡᠳ᠎ᠦᠨ ᠲᠡᠮᠦᠷ ᠵᠠᠮ᠎ᠤᠨ ᠰᠧᠷᠵᠧᠮᠯᠠ ᠠᠭᠤᠯᠠᠨ᠎ᠤ ᠨᠦᠬᠡᠨ ᠵᠠᠮ᠎ᠤᠨ ᠭᠠᠷᠴᠠ᠎ᠳᠤ ᠬᠦᠷᠴᠦ᠂ ᠨᠦᠬᠡᠨ ᠵᠠᠮ᠎ᠤᠨ ᠲᠤᠬᠠᠢ᠎ᠶᠢᠨ ᠲᠠᠯᠠᠪᠠᠢ᠎ᠶᠢᠨ ᠪᠠᠷᠢᠯᠭ᠎ᠠ᠎ᠶᠢᠨ ᠠᠵᠢᠯ᠎ᠤᠨ ᠪᠠᠢᠳᠠᠯ᠎ᠢ ᠪᠠᠢᠴᠠᠭᠠᠨ ᠦᠵᠡᠵᠦ᠂ ᠪᠦᠲᠦᠭᠡᠨ ᠪᠠᠢᠭᠤᠯᠤᠯᠲᠠ᠎ᠶᠢᠨ ᠠᠬᠢᠴᠠ᠎ᠶᠢ ᠣᠢᠯᠠᠭᠠᠵᠤ᠂ ᠪᠠᠷᠢᠯᠭ᠎ᠠ᠎ᠶᠢᠨ ᠠᠵᠢᠯᠲᠠᠳ ᠯᠤᠭ᠎ᠠ ᠰᠠᠨᠠᠯ ᠰᠣᠯᠢᠯᠴᠠᠵᠤ᠂ ᠪᠠᠷᠢᠯᠭ᠎ᠠ᠎ᠶᠢᠨ ᠠᠩᠭᠢ ᠪᠦᠯᠬᠦᠮ᠎ᠦᠨ ᠨᠠᠷᠢᠨ ᠪᠤᠳᠤᠯᠢᠶᠠᠨᠲᠠᠢ ᠭᠠᠵᠠᠷ ᠰᠢᠨᠵᠢᠯᠡᠭᠡᠨ᠎ᠦ ᠠᠭᠤᠷ ᠠᠮᠢᠰᠬᠤᠯ᠎ᠤᠨ ᠨᠥᠬᠥᠴᠡᠯ᠎ᠢ ᠢᠯᠠᠨ ᠳᠠᠪᠠᠵᠤ ᠬᠠᠲᠠᠭᠤᠵᠢᠯᠲᠠᠢ ᠠᠵᠢᠯᠯᠠᠵᠤ᠂ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠬᠦᠴᠢᠷ ᠠᠰᠠᠭᠤᠳᠠᠯ᠎ᠤᠳ᠎ᠢ ᠦᠷᠭᠦᠯᠵᠢᠯᠡᠨ ᠰᠢᠪᠲᠤᠯᠵᠤ ᠪᠠᠢᠭ᠎ᠠ᠎ᠶᠢ ᠳᠡᠭᠡᠳᠦ ᠬᠡᠮᠵᠢᠶ᠎ᠡ᠎ᠪᠡᠷ ᠮᠠᠭᠲᠠᠨ ᠰᠠᠢᠰᠢᠶᠠᠪᠠ᠃ ᠲᠡᠷᠡ ᠵᠢᠭᠠᠵᠤ ᠭᠠᠷᠭᠠᠬᠤ᠎ᠳᠤ᠎ᠪᠠᠨ᠂ ᠰᠧᠴᠤᠸᠠᠨ ᠲᠥᠪᠡᠳ᠎ᠦᠨ ᠲᠡᠮᠦᠷ ᠵᠠᠮ᠎ᠢ ᠳᠡᠪᠢᠰᠴᠦ ᠲᠡᠷᠭᠡ ᠨᠡᠪᠲᠡᠷᠡᠭᠦᠯᠬᠦ ᠨᠢ ᠲᠥᠪᠡᠳ᠎ᠦᠨ ᠬᠥᠭᠵᠢᠯᠲᠡ ᠪᠠ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠴᠢᠨᠠᠷ ᠴᠢᠨᠰᠠᠭ᠎ᠠ ᠪᠠ ᠠᠮᠤᠷ ᠲᠦᠪᠰᠢᠨ᠎ᠢ ᠢᠮᠠᠭᠲᠠ ᠲᠡᠷᠢᠭᠦᠨ ᠪᠠᠢᠷᠢᠨ᠎ᠳᠤ ᠲᠠᠯᠪᠢᠵᠤ᠂ ᠰᠢᠨᠵᠢᠯᠡᠬᠦ ᠤᠬᠠᠭᠠᠨᠴᠢ ᠡᠮᠬᠢ ᠵᠢᠷᠤᠮ᠎ᠲᠠᠢ᠎ᠪᠠᠷ ᠠᠵᠢᠯᠯᠠᠬᠤ᠎ᠶᠢ ᠪᠠᠷᠢᠮᠲᠠᠯᠠᠵᠤ᠂ ᠪᠦᠬᠦ ᠶᠠᠪᠤᠴᠠ᠎ᠳᠠᠬᠢ ᠶᠠᠰᠤ ᠴᠢᠨᠠᠷ᠎ᠤᠨ ᠬᠠᠮᠢᠶᠠᠷᠤᠯᠲᠠ ᠡᠵᠡᠮᠳᠡᠯ᠎ᠢ ᠰᠠᠢᠲᠤᠷ ᠠᠳᠬᠤᠵᠤ᠂ ᠪᠠᠷᠢᠯᠭ᠎ᠠ ᠨᠢ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠬᠦ᠎ᠶᠢ ᠪᠠᠲᠤᠯᠠᠬᠤ ᠬᠡᠷᠡᠭᠲᠡᠢ᠃ ᠴᠠᠬᠢᠯᠭᠠᠨ ᠬᠦᠴᠦ᠂ ᠴᠢᠮᠡᠭᠡ ᠬᠣᠯᠪᠣᠭ᠎ᠠ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢ ᠰᠢᠮᠳᠠᠭᠤᠯᠤᠨ ᠠᠬᠢᠭᠤᠯᠵᠤ᠂ ᠠᠷᠤ ᠲᠠᠯ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢ ᠰᠠᠢᠲᠤᠷ ᠬᠢᠵᠦ᠂ ᠪᠠᠷᠢᠯᠭ᠎ᠠ᠎ᠶᠢᠨ ᠤᠷᠤᠭᠰᠢᠲᠠᠢ ᠶᠠᠪᠤᠭᠳᠠᠬᠤ᠎ᠳᠤ ᠰᠠᠢᠨ ᠰᠠᠢᠬᠠᠨ ᠨᠥᠬᠥᠴᠡᠯ᠎ᠢ ᠪᠦᠷᠢᠯᠳᠦᠭᠦᠯᠵᠦ ᠥᠭᠬᠦ ᠬᠡᠷᠡᠭᠲᠡᠢ᠃ ᠮᠠᠨᠯᠢᠩ᠎ᠤᠨ ᠤᠰᠤᠨ ᠴᠠᠬᠢᠯᠭᠠᠨ᠎ᠤ ᠥᠷᠲᠡᠭᠡᠨ᠎ᠦ ᠬᠠᠰᠢᠯᠭ᠎ᠠ᠎ᠶᠢᠨ ᠪᠠᠭᠤᠷᠢ ᠪᠠ ᠶᠠᠷᠨᠢᠩ ᠨᠤᠭᠤ ᠭᠠᠵᠠᠷ᠎ᠲᠤ᠂ ᠯᠢ ᠴᠢᠶᠠᠩ ᠪᠠᠷᠢᠯᠭ᠎ᠠ᠎ᠶᠢᠨ ᠲᠣᠨᠣᠭ ᠲᠥᠬᠥᠭᠡᠷᠦᠮᠵᠢ᠂ ᠥᠷᠥᠮᠳᠡᠭᠦᠷ᠎ᠦᠨ ᠴᠢᠯᠠᠭᠤᠯᠢᠭ᠋᠎ᠤᠨ ᠭᠣᠣᠯ ᠵᠡᠷᠭᠡ᠎ᠶᠢ ᠪᠠᠢᠴᠠᠭᠠᠨ ᠦᠵᠡᠵᠦ᠂ ᠶᠠᠯᠦᠰᠠᠩᠪᠦ ᠮᠥᠷᠡᠨ᠎ᠦ ᠳᠣᠣᠷᠠᠳᠤ ᠤᠷᠤᠰᠬᠠᠯ᠎ᠳᠠᠬᠢ ᠤᠰᠤᠨ ᠴᠠᠬᠢᠯᠭᠠᠨ᠎ᠤ ᠢᠨᠵᠧᠨᠧᠷᠢᠩ᠎ᠦᠨ ᠨᠡᠭᠡᠭᠡᠨ ᠬᠥᠭᠵᠢᠭᠦᠯᠦᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠣᠭᠣᠮᠲᠠ ᠰᠢᠪᠲᠤᠯᠤᠯᠲᠠ᠂ ᠨᠡᠭᠦᠳᠡᠯ ᠠᠷᠠᠳ᠎ᠢ ᠲᠥᠪᠬᠢᠨᠡᠭᠦᠯᠬᠦ ᠵᠡᠷᠭᠡ ᠠᠵᠢᠯ᠎ᠤᠳ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠨᠤᠭᠤ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠪᠠᠢᠳᠠᠯ᠎ᠢ ᠨᠠᠷᠢᠨ ᠣᠢᠯᠠᠭᠠᠪᠠ᠃ ᠲᠡᠷᠡ ᠴᠢᠬᠤᠯᠠᠴᠢᠯᠠᠬᠤ᠎ᠳᠤ᠎ᠪᠠᠨ᠂ ᠶᠠᠯᠦᠰᠠᠩᠪᠦ ᠮᠥᠷᠡᠨ᠎ᠦ ᠳᠣᠣᠷᠠᠳᠤ ᠤᠷᠤᠰᠬᠠᠯ᠎ᠳᠠᠬᠢ ᠤᠰᠤᠨ ᠴᠠᠬᠢᠯᠭᠠᠨ᠎ᠤ ᠢᠨᠵᠧᠨᠧᠷᠢᠩ᠎ᠦᠨ ᠪᠠᠭᠲᠠᠭᠠᠮᠵᠢ ᠨᠢ ᠶᠡᠬᠡ᠂ ᠦᠶᠡᠯᠡᠯ ᠨᠢ ᠣᠷᠳᠣ᠌᠂ ᠨᠥᠯᠥᠭᠡ ᠨᠢ ᠠᠯᠤᠰ ᠬᠡᠳᠦ᠎ᠶᠢᠨ ᠪᠠᠢᠳᠠᠭ᠂ ᠲᠡᠢᠮᠦ᠎ᠡᠴᠡ ᠡᠷᠢᠨ ᠵᠠᠭᠤᠨ᠎ᠤ ᠢᠨᠵᠧᠨᠧᠷᠢᠩ ᠭᠡᠵᠦ ᠬᠡᠯᠡᠵᠦ ᠪᠣᠯᠣᠨ᠎ᠠ᠃ ᠲᠡᠷᠢᠭᠦᠨ᠎ᠦ ᠮᠡᠷᠭᠡᠵᠢᠯ᠂ ᠲᠣᠨᠣᠭ ᠲᠥᠬᠥᠭᠡᠷᠦᠮᠵᠢ᠂ ᠤᠷᠠᠯᠠᠯ᠂ ᠮᠠᠲᠧᠷᠢᠶᠠᠯ ᠵᠡᠷᠭᠡ᠎ᠶᠢ ᠢᠳᠡᠪᠬᠢᠲᠡᠢ ᠬᠡᠷᠡᠭᠯᠡᠵᠦ᠂ ᠴᠢᠨᠠᠷ ᠰᠠᠢᠲᠠᠢ ᠪᠦᠲᠦᠭᠡᠨ ᠪᠠᠢᠭᠤᠯᠤᠯᠲᠠ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ᠎ᠶᠢᠨ ᠬᠠᠮᠲᠤ ᠬᠠᠮᠢᠶ᠎ᠠ ᠪᠦᠬᠦᠢ ᠬᠦᠷᠢᠶᠡᠨ᠎ᠳᠡᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠪᠠ ᠠᠵᠤ ᠦᠢᠯᠡᠰ᠎ᠦᠨ ᠰᠢᠨ᠎ᠡ ᠡᠭᠦᠳᠦᠯᠲᠡ᠎ᠶᠢ ᠬᠥᠲᠥᠯᠥᠨ ᠳᠠᠭᠠᠭᠤᠯᠬᠤ ᠬᠡᠷᠡᠭᠲᠡᠢ᠃ ᠠᠮᠢ ᠠᠬᠤᠢ᠎ᠶᠢᠨ ᠬᠠᠮᠠᠭᠠᠯᠠᠯᠲᠠ᠎ᠶᠢ ᠣᠨᠴᠠᠭᠠᠢᠯᠠᠨ ᠴᠢᠬᠤᠯᠠᠴᠢᠯᠠᠵᠤ᠂ ᠠᠮᠢ ᠠᠬᠤᠢ ᠣᠷᠴᠢᠨ ᠲᠣᠭᠣᠷᠢᠨ᠎ᠢ ᠬᠣᠬᠢᠷᠠᠭᠤᠯᠬᠤ ᠦᠭᠡᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠠᠷᠠᠳ᠎ᠢ ᠨᠡᠭᠦᠯᠭᠡᠨ ᠲᠥᠪᠬᠢᠨᠡᠭᠦᠯᠬᠦ ᠠᠵᠢᠯ᠎ᠢ ᠬᠢᠨᠠᠮᠠᠭᠠᠢ ᠰᠠᠢᠲᠤᠷ ᠬᠢᠵᠦ᠂ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠪᠠ ᠲᠤᠬᠠᠢ᠎ᠶᠢᠨ ᠭᠠᠵᠠᠷ᠎ᠤᠨ ᠤᠯᠠᠨ ᠲᠦᠮᠡᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠎ᠶᠢ ᠠᠬᠢᠭᠤᠯᠬᠤ᠎ᠪᠠᠨ ᠨᠡᠩ ᠰᠠᠢᠲᠤᠷ ᠤᠶᠠᠯᠳᠤᠭᠤᠯᠬᠤ ᠬᠡᠷᠡᠭᠲᠡᠢ᠃ ᠳᠡᠭᠡᠳᠦ ᠬᠡᠮᠵᠢᠶᠡᠨ᠎ᠦ ᠡᠭᠦᠷᠭᠡᠲᠦ ᠰᠡᠳᠬᠢᠯᠭᠡ ᠪᠠ ᠲᠡᠦᠬᠡ᠎ᠳᠦ ᠬᠠᠷᠢᠭᠤᠴᠠᠬᠤ᠂ ᠠᠷᠠᠳ ᠲᠦᠮᠡᠨ᠎ᠳᠦ ᠬᠠᠷᠢᠭᠤᠴᠠᠬᠤ ᠵᠣᠷᠢᠭ᠋ ᠰᠠᠨᠠᠭ᠎ᠠ᠎ᠪᠠᠷ ᠶᠠᠯᠦᠰᠠᠩᠪᠦ ᠮᠥᠷᠡᠨ᠎ᠦ ᠳᠣᠣᠷᠠᠳᠤ ᠤᠷᠤᠰᠬᠠᠯ᠎ᠳᠠᠬᠢ ᠤᠰᠤᠨ ᠴᠠᠬᠢᠯᠭᠠᠨ᠎ᠤ ᠢᠨᠵᠧᠨᠧᠷᠢᠩ᠎ᠢ ᠰᠢᠨ᠎ᠡ ᠴᠠᠭ ᠦᠶ᠎ᠡ᠎ᠶᠢᠨ ᠴᠢᠬᠤᠯᠠ ᠶᠡᠬᠡ ᠪᠡᠯᠭᠡ ᠲᠡᠮᠳᠡᠭ᠎ᠦᠨ ᠴᠢᠨᠠᠷᠲᠠᠢ ᠢᠨᠵᠧᠨᠧᠷᠢᠩ ᠪᠣᠯᠭᠠᠨ ᠪᠦᠲᠦᠭᠡᠨ ᠪᠠᠶ᠋ᠢᠭᠤᠯᠬᠤ ᠬᠡᠷᠡᠭᠲᠡᠢ ᠭᠡᠪᠡ᠃

    7 ᠳ᠋ᠤᠭᠠᠷ ᠰᠠᠷ᠎ᠠ᠎ᠶᠢᠨ 18᠎ᠤ ᠡᠳᠦᠷ᠎ᠡᠴᠡ 19᠎ᠦ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ ᠲᠥᠪᠡᠳ᠎ᠲᠦ ᠪᠠᠢᠴᠠᠭᠠᠨ ᠰᠤᠳᠤᠯᠤᠯᠲᠠ ᠬᠢᠪᠡ᠃ ᠵᠢᠷᠤᠭ ᠪᠣᠯ 7 ᠳ᠋ᠤᠭᠠᠷ ᠰᠠᠷ᠎ᠠ᠎ᠶᠢᠨ 19 ᠎ᠦ ᠡᠳᠦᠷ ᡀᠠᠰᠠ᠎ᠳᠤ᠂ ᠯᠢ ᠴᠢᠶᠠᠩ ᠴᠦᠱᠦ᠋ᠷ ᠼᠠᠯᠨᠧ᠎ᠳᠡᠬᠢ ᠤᠯᠤᠰ᠎ᠤᠨ ᠤᠳᠤ ᠦᠶ᠎ᠡ᠎ᠶᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠲᠣᠭᠣᠷᠢᠭ᠋᠎ᠲᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠦᠢᠯᠡᠰ᠎ᠦᠨ ᠬᠥᠭᠵᠢᠯᠲᠡ᠂ ᠥᠨᠳᠥᠷᠯᠢᠭ᠎ᠦᠨ ᠠᠮᠢᠳᠤ ᠪᠣᠳᠠᠰ᠎ᠤᠨ ᠰᠤᠳᠤᠯᠤᠯ᠎ᠤᠨ ᠭᠠᠵᠠᠷ᠎ᠤᠨ ᠪᠦᠲᠦᠭᠡᠨ ᠪᠠᠢᠭᠤᠯᠤᠯᠲᠠ ᠵᠡᠷᠭᠡ᠎ᠶᠢᠨ ᠲᠠᠨᠢᠯᠴᠠᠭᠤᠯᠭ᠎ᠠ᠎ᠨᠤᠭᠤᠳ᠎ᠢ ᠰᠣᠨᠣᠰᠴᠤ᠂ ᠵᠢᠱ᠌ᠢᠶ᠎ᠡ ᠦᠵᠡᠭᠦᠯᠬᠦ ᠲᠣᠭᠣᠷᠢᠭ᠋᠎ᠤᠨ ᠥᠪᠡᠷ᠎ᠢᠶᠡᠨ ᠲᠠᠷᠢᠵᠤ ᠦᠢᠯᠡᠳᠪᠦᠷᠢᠯᠡᠭᠰᠡᠨ ᠵᠢᠮᠢᠰ ᠨᠣᠭᠣᠭ᠎ᠠ᠂ ᠥᠨᠳᠥᠷᠯᠢᠭ᠎ᠦᠨ ᠣᠨᠴᠠᠯᠢᠭ᠍ᠲᠤ ᠢᠳᠡᠭᠡᠨ ᠤᠮᠳᠠᠭᠠᠨ᠂ ᠦᠨᠳᠦᠰᠦᠲᠡᠨ᠎ᠦ ᠭᠠᠷ ᠤᠷᠠᠯᠠᠯ᠎ᠤᠨ ᠪᠦᠲᠦᠭᠡᠭᠳᠡᠬᠦᠨ ᠵᠡᠷᠭᠡ᠎ᠶᠢᠨ ᠦᠵᠡᠭᠦᠯᠭᠡ᠎ᠨᠦᠭᠦᠳ᠎ᠢ ᠰᠣᠨᠢᠷᠬᠠᠵᠤ ᠪᠠᠢᠭ᠎ᠠ ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠯᠢᠦ ᠪᠢᠨ ᠰᠡᠭᠦᠳᠡᠷᠯᠡᠪᠡ

    ᡀᠠᠰᠠ᠎ᠳᠤ᠂ ᠯᠢ ᠴᠢᠶᠠᠩ ᠴᠦᠱᠦ᠋ᠷ ᠼᠠᠯᠨᠧ᠎ᠳᠡᠬᠢ ᠤᠯᠤᠰ᠎ᠤᠨ ᠤᠳᠤ ᠦᠶ᠎ᠡ᠎ᠶᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠲᠣᠭᠣᠷᠢᠭ᠋᠎ᠲᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠦᠢᠯᠡᠰ᠎ᠦᠨ ᠬᠥᠭᠵᠢᠯᠲᠡ᠂ ᠥᠨᠳᠥᠷᠯᠢᠭ᠎ᠦᠨ ᠠᠮᠢᠳᠤ ᠪᠣᠳᠠᠰ᠎ᠤᠨ ᠰᠤᠳᠤᠯᠤᠯ᠎ᠤᠨ ᠭᠠᠵᠠᠷ᠎ᠤᠨ ᠪᠦᠲᠦᠭᠡᠨ ᠪᠠᠢᠭᠤᠯᠤᠯᠲᠠ ᠵᠡᠷᠭᠡ᠎ᠶᠢᠨ ᠲᠠᠨᠢᠯᠴᠠᠭᠤᠯᠭ᠎ᠠ᠎ᠨᠤᠭᠤᠳ᠎ᠢ ᠰᠣᠨᠣᠰᠴᠤ᠂ ᠵᠢᠱ᠌ᠢᠶ᠎ᠡ ᠦᠵᠡᠭᠦᠯᠬᠦ ᠲᠣᠭᠣᠷᠢᠭ᠋᠎ᠤᠨ ᠥᠪᠡᠷ᠎ᠢᠶᠡᠨ ᠲᠠᠷᠢᠵᠤ ᠦᠢᠯᠡᠳᠪᠦᠷᠢᠯᠡᠭᠰᠡᠨ ᠵᠢᠮᠢᠰ ᠨᠣᠭᠣᠭ᠎ᠠ᠂ ᠥᠨᠳᠥᠷᠯᠢᠭ᠎ᠦᠨ ᠣᠨᠴᠠᠯᠢᠭ᠍ᠲᠤ ᠢᠳᠡᠭᠡᠨ ᠤᠮᠳᠠᠭᠠᠨ᠂ ᠦᠨᠳᠦᠰᠦᠲᠡᠨ᠎ᠦ ᠭᠠᠷ ᠤᠷᠠᠯᠠᠯ᠎ᠤᠨ ᠪᠦᠲᠦᠭᠡᠭᠳᠡᠬᠦᠨ ᠵᠡᠷᠭᠡ᠎ᠶᠢᠨ ᠦᠵᠡᠭᠦᠯᠭᠡ᠎ᠨᠦᠭᠦᠳ᠎ᠢ ᠰᠣᠨᠢᠷᠬᠠᠪᠠ᠃ ᠲᠡᠷᠡ ᠬᠡᠯᠡᠬᠦ᠎ᠳᠦ᠎ᠪᠡᠨ᠂ ᠣᠨᠴᠠᠯᠢᠭ᠍ᠲᠤ ᠳᠠᠪᠠᠭᠤᠯᠢᠭ᠋ ᠡᠬᠢ ᠪᠠᠶᠠᠯᠢᠭ᠋᠎ᠢ ᠠᠰᠢᠭᠯᠠᠨ ᠥᠨᠳᠥᠷᠯᠢᠭ᠎ᠦᠨ ᠲᠠᠷᠢᠶᠠᠯᠠᠩ ᠮᠠᠯ ᠠᠵᠤ ᠠᠬᠤᠢ᠎ᠶᠢ ᠬᠥᠭᠵᠢᠭᠦᠯᠬᠦ ᠪᠣᠯ ᠠᠷᠠᠳ᠎ᠢ ᠪᠠᠶᠠᠵᠢᠭᠤᠯᠵᠤ ᠲᠥᠪᠡᠳ᠎ᠢ ᠬᠥᠭᠵᠢᠭᠦᠯᠬᠦ ᠴᠢᠬᠤᠯᠠ ᠭᠠᠷᠳᠠᠴᠠ ᠪᠣᠯᠣᠨ᠎ᠠ᠃ ᠲᠠᠷᠢᠶᠠᠯᠠᠩ ᠮᠠᠯ ᠠᠵᠤ ᠠᠬᠤᠢ᠎ᠶᠢᠨ ᠰᠢᠨ᠎ᠡ ᠮᠡᠷᠭᠡᠵᠢᠯ᠎ᠦᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠎ᠶᠢ ᠴᠢᠩᠭᠠᠳᠬᠠᠵᠤ᠂ ᠥᠨᠳᠥᠷᠯᠢᠭ᠎ᠦᠨ ᠦᠷ᠎ᠡ ᠡᠭᠦᠯᠳᠡᠷ ᠪᠣᠢᠵᠢᠭᠤᠯᠬᠤ ᠵᠡᠷᠭᠡ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠬᠤ᠎ᠪᠠᠷ ᠴᠢᠷᠮᠠᠢᠵᠤ᠂ ᠣᠲᠣ᠌ ᠦᠶ᠎ᠡ᠎ᠶᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠂ ᠣᠨᠴᠠᠯᠢᠭ᠍ᠲᠤ ᠠᠵᠤ ᠦᠢᠯᠡᠰ᠎ᠦᠨ ᠪᠥᠭᠡᠮᠨᠡᠷᠡᠯ ᠵᠡᠷᠭᠡ᠎ᠳᠦ ᠲᠦᠰᠢᠭᠯᠡᠨ ᠲᠠᠷᠢᠶᠠᠯᠠᠩ ᠮᠠᠯ ᠠᠵᠤ ᠠᠬᠤᠢ᠎ᠶᠢᠨ ᠬᠡᠪᠴᠢᠶᠡᠵᠢᠯ ᠲᠡᠢ᠂ ᠨᠠᠷᠠᠲᠤ ᠲᠡᠮᠳᠡᠭ ᠲᠡᠢ᠎ᠪᠡᠷ ᠬᠥᠭᠵᠢᠬᠦ᠎ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠮᠡᠳᠡᠬᠦ᠂ ᠬᠠᠮᠢᠶᠠᠷᠴᠤ ᠴᠢᠳᠠᠬᠤ ᠰᠢᠨ᠎ᠡ ᠮᠠᠶᠢᠭ᠋᠎ᠤᠨ ᠠᠵᠢᠯ ᠮᠡᠷᠭᠡᠵᠢᠯ᠎ᠦᠨ ᠮᠠᠯᠴᠢᠨ ᠲᠠᠷᠢᠶᠠᠴᠢᠨ᠎ᠢ ᠨᠡᠩ ᠤᠯᠠᠨ ᠬᠥᠮᠥᠵᠢᠭᠦᠯᠵᠦ᠂ ᠲᠠᠷᠢᠶᠠᠴᠢᠨ ᠯᠤᠭ᠎ᠠ ᠬᠣᠯᠪᠣᠭᠠᠯᠠᠨ ᠲᠡᠳᠡᠨ᠎ᠢ ᠳᠠᠢᠴᠢᠯᠠᠬᠤ ᠲᠣᠭᠲᠠᠴᠠ᠎ᠳᠤ ᠰᠢᠨ᠎ᠡ᠎ᠶᠢ ᠡᠭᠦᠳᠴᠦ᠂ ᠤᠯᠠᠨ ᠲᠦᠮᠡᠨ᠎ᠢ ᠨᠡᠩ ᠰᠠᠢᠲᠤᠷ ᠲᠠᠢ᠍ᠢᠴᠢᠯᠠᠨ ᠪᠠᠶᠠᠵᠢᠭᠤᠯᠬᠤ ᠬᠡᠷᠡᠭᠲᠡᠢ ᠭᠡᠵᠡᠢ᠃ ᠪᠠᠢᠴᠠᠭᠠᠨ ᠰᠤᠳᠤᠯᠤᠯᠲᠠ᠎ᠶᠢᠨ ᠳᠤᠮᠳᠠ᠂ ᠯᠢ ᠴᠢᠶᠠᠩ ᠵᠠᠮ ᠳᠠᠭᠠᠤ ᠡᠮᠦᠨ᠎ᠡ ᠤᠮᠠᠷ᠎ᠠ ᠠᠭᠤᠯᠠᠨ᠎ᠤ ᠨᠣᠭᠣᠭᠠᠷᠠᠭᠤᠯᠬᠤ ᠢᠨᠵᠧᠨᠧᠷᠢᠩ᠎ᠢ ᠪᠠᠢᠴᠠᠭᠠᠨ ᠦᠵᠡᠵᠦ᠂ ᠲᠤᠬᠠᠢ᠎ᠶᠢᠨ ᠭᠠᠵᠠᠷ᠎ᠤᠨ ᠺᠠᠳ᠋ᠷᠴᠤᠳ᠎ᠲᠤ᠂ ᠡᠯ᠎ᠡ ᠲᠠᠯ᠎ᠠ᠎ᠶᠢᠨ ᠬᠦᠴᠦᠨ᠎ᠢ ᠭᠦᠢᠴᠡᠳ ᠳᠠᠢᠴᠢᠯᠠᠭᠠᠳ ᠣᠢᠵᠢᠭᠤᠯᠵᠤ ᠨᠣᠭᠣᠭᠠᠷᠠᠭᠤᠯᠬᠤ᠎ᠳᠤ ᠥᠷᠭᠡᠨ᠎ᠢᠶᠡᠷ ᠣᠷᠣᠯᠴᠠᠭᠤᠯᠵᠤ᠂ ᠰᠠᠢᠨ ᠰᠠᠢᠬᠠᠨ ᠠᠮᠢ ᠠᠬᠤᠢ ᠣᠷᠴᠢᠨ ᠲᠣᠭᠣᠷᠢᠨ᠎ᠢᠶᠠᠷ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ᠎ᠶᠢ ᠵᠣᠷᠢᠭ᠍ᠵᠢᠭᠤᠯᠪᠠ᠃

    ᠯᠢ ᠴᠢᠶᠠᠩ ᠲᠥᠪᠡᠳ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠠᠮᠵᠢᠯᠲᠠ ᠪᠦᠲᠦᠮᠵᠢ᠎ᠶᠢ ᠭᠦᠢᠴᠡᠳ ᠨᠤᠲᠠᠯᠠᠵᠤ᠂ ᠲᠥᠪᠡᠳ᠎ᠦᠨ ᠥᠷᠭᠡᠨ ᠣᠯᠠᠨ ᠺᠠᠳ᠋ᠷ ᠣᠯᠠᠨ ᠲᠦᠮᠡᠨ ᠶᠡᠷᠦᠩᠬᠡᠢ ᠱᠦᠵᠢ ᠰᠢ ᠵᠢᠨ ᠫᠢᠩ᠎ᠦᠨ ᠨᠠᠨᠳᠢᠨ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠲᠣᠭᠲᠠᠭᠤᠨ᠂ ᠬᠥᠭᠵᠢᠯᠲᠡ᠂ ᠠᠮᠢ ᠠᠬᠤᠢ᠂ ᠬᠢᠯᠢ ᠬᠢᠵᠠᠭᠠᠷ᠎ᠢ ᠬᠦᠴᠦᠷᠬᠡᠭᠵᠢᠭᠦᠯᠬᠦ ᠳᠥᠷᠪᠡᠨ ᠶᠡᠬᠡ ᠶᠠᠪᠤᠳᠠᠯ᠎ᠢ ᠰᠠᠢᠲᠤᠷ ᠠᠳᠬᠤᠵᠤ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠰᠢᠨ᠎ᠡ ᠲᠥᠪᠡᠳ᠎ᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠣᠯᠬᠤ᠎ᠶᠢ ᠬᠦᠰᠡᠪᠡ᠃

    ᠦ᠋ ᠵᠧᠩ ᠯᠦᠩ ᠪᠠᠢᠴᠠᠭᠠᠨ ᠰᠤᠳᠤᠯᠤᠯᠲᠠ᠎ᠳᠤ ᠪᠠᠷ᠎ᠠ ᠪᠣᠯᠪᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠦᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠲᠡᠭᠡᠳᠤ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠤᠯᠪᠠᠰᠤᠷᠠᠯ᠎ᠤᠨ ᠠᠩᠭᠢ ᠵᠢᠨ ᠬᠢᠴᠢᠶᠡᠯ ᠡᠬᠢᠯᠡᠬᠦ ᠶᠤᠰᠤᠯᠠᠯ ᠲᠡᠭᠡᠷ᠎ᠡ ᠴᠢᠬᠤᠯᠠ ᠶᠠᠷᠢᠶ᠎ᠡ ᠲᠠᠯᠪᠢᠵᠤ ᠴᠢᠬᠤᠯᠠᠴᠢᠯᠠᠬᠰᠡᠨ᠎ᠨᠢ ᠨᠠᠮ᠎ᠤᠨ ᠢᠷᠠᠭᠤ ᠠᠯᠳᠠᠷᠳᠤ ᠤᠯᠠᠮᠵᠢᠯᠠᠯ ᠪᠠ ᠰᠢᠯᠢᠳᠡᠭ ᠰᠤᠷᠳᠠᠯ᠎ᠤᠨ ᠦᠨᠡᠨᠴᠢ ᠰᠢᠳᠤᠷᠭᠤ ᠵᠠᠯᠭ᠋ᠠᠮᠵᠢᠯᠠᠬ᠍ᠴᠢ ᠪᠤᠯᠬᠤ᠎ᠪᠠᠷ ᠵᠤᠷᠢᠭ ᠰᠢᠭᠤᠳᠴᠤ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠲᠡᠷᠢᠬᠦᠨ᠎ᠤ᠎ᠬᠢ ᠵᠢ ᠡᠭᠦᠳᠬᠦ᠎ᠪᠠᠷ ᠡᠷᠡᠮᠡᠭᠡᠶ᠋ᠢᠯᠡᠨ ᠲᠠᠮᠠᠴᠡᠵᠤ ᠭᠠᠪᠢᠶ᠎ᠡ ᠪᠠᠶ᠋ᠢᠭᠤᠯᠤᠨ ᠦᠢ᠍ᠯᠡᠰ ᠪᠦᠳᠦᠭᠡᠬᠦ ᠭᠡᠷᠡᠭᠳᠠᠢ ᠸᠠᠩ ᠬᠤ᠌ ᠨᠢᠩ ᠤᠷᠤᠯᠴᠠᠵᠠᠢ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 2020 ᠣᠨ᠎ᠤ ᠪᠦᠬᠦ ᠤᠯᠤᠰ᠎ᠤᠨ ᠬᠤᠶᠠᠷ ᠬᠤᠷᠠᠯ᠎ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠤᠰᠪᠠ
ᠶᠡᠷᠦᠩᠬᠡᠢ ᠰᠠᠶ᠋ᠢᠳ᠎ᠤᠨ ᠬᠡᠯᠡᠭᠰᠡᠨ ᠡᠨᠡ 9 ᠵᠦᠢ᠍ᠯ᠂ ᠵᠣᠷᠢᠭ᠎ᠢ ᠬᠥᠪᠴᠢᠯᠡᠵᠦ ᠰᠡᠳᠬᠢᠯ᠎ᠢ ᠳᠣᠭᠳᠣᠯᠤᠭᠤᠯᠤᠨᠠᠮ!
ᠪᠦᠬᠦ ᠤᠯᠤᠰ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠢ ᠳ᠋ᠦᠩᠨᠡᠵᠥ ᠬᠦᠬᠢᠬᠦᠯᠦᠨ ᠰᠠᠶ᠋ᠢᠰᠢᠶᠠᠬᠤ ᠶᠡᠭᠡ ᠬᠤᠷᠠᠯ ᠪᠡᠬᠡᠵᠢᠩ᠎ᠳᠤ ᠦᠪᠡᠳᠡᠭᠰᠢ ᠶᠡᠭᠡ᠎ᠪᠠᠷ ᠬᠤᠷᠠᠯᠳᠤᠪᠠ ᠰᠢ ᠵᠢᠨ ᠫᠢᠩ ᠪᠦᠬᠦ ᠤᠯᠤᠰ᠎ᠤᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠤᠨ ᠵᠢᠱ᠌ᠢᠶᠠᠴᠢ ᠵᠢᠨ ᠢᠷᠠᠭᠤ ᠠᠯᠳᠠᠷ᠎ᠤᠨ ᠴᠤᠯᠠ ᠬᠦᠷᠳᠡᠭᠰᠡᠳ ᠵᠡᠷᠬᠡ᠎ᠳᠤ ᠱᠠᠩᠨᠠᠯ ᠤᠯᠭᠤᠬᠰᠠᠨ ᠪᠦᠬᠡᠳ ᠴᠢᠬᠤᠯᠠ ᠶᠠᠷᠢᠶ᠎ᠠ ᠳᠠᠯᠪᠢᠵᠠᠢ
ᠶᠡᠷᠦᠩᠬᠡᠢ ᠰᠠᠢ᠌ᠳ᠎ᠤᠨ ᠰᠣᠷᠪᠤᠯᠵᠢᠯᠠᠭ᠎ᠠ ᠵᠢᠨ ᠬᠤᠷᠠᠯ᠎ᠤᠨ ᠠᠬᠤᠢ ᠲᠠᠯᠠᠪᠠᠢ᠎ᠠᠴᠠ ᠡᠳᠡᠭᠡᠷ ᠴᠢᠮᠡᠭᠡ ᠢᠷᠡᠯ᠎ᠡ
 
            