ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ 7 ᠳ᠋ᠤᠭᠠᠷ ᠰᠠᠷ᠎ᠠ᠎ᠶᠢᠨ 25᠎ᠤ ᠡᠳᠦᠷ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠵᠤ᠂ ᠣᠳᠣᠬᠠᠨ᠎ᠤ ᠦᠶᠡᠷ᠎ᠢ ᠰᠡᠷᠭᠡᠢᠯᠡᠨ ᠭᠠᠩ ᠲᠠᠢ ᠲᠡᠮᠡᠴᠡᠵᠦ ᠪᠠᠢᠭ᠎ᠠ ᠪᠠᠢᠳᠠᠯ ᠪᠠ ᠳᠠᠷᠠᠭᠠᠴᠢ᠎ᠶᠢᠨ ᠠᠯᠬᠤᠮ᠎ᠤᠨ ᠠᠵᠢᠯ᠎ᠤᠨ ᠲᠣᠬᠢᠷᠠᠭᠤᠯᠤᠯᠲᠠ᠎ᠶᠢᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ 《ᠪᠠᠢᠭᠠᠯᠢ᠎ᠶᠢᠨ ᠭᠠᠮᠰᠢᠭ᠋᠎ᠢ ᠪᠠᠢᠴᠠᠭᠠᠨ ᠦᠨᠡᠯᠡᠬᠦ᠎ᠶᠢᠨ ᠲᠦᠷ ᠬᠡᠷᠡᠭᠵᠢᠭᠦᠯᠬᠦ ᠠᠷᠭ᠎ᠠ》᠎ᠶᠢ ᠬᠢᠨᠠᠨ ᠶᠠᠷᠢᠯᠴᠠᠵᠤ ᠪᠠᠲᠤᠯᠠᠨ᠂ ᠰᠤᠷᠭᠠᠭᠤᠯᠢ᠎ᠳᠤ ᠰᠠᠭᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠢ ᠠᠯᠬᠤᠮ ᠠᠯᠬᠤᠮ᠎ᠢᠶᠠᠷ ᠠᠬᠢᠭᠤᠯᠤᠨ ᠬᠡᠷᠡᠭᠵᠢᠭᠦᠯᠬᠦ᠎ᠶᠢᠨ ᠬᠣᠯᠪᠣᠭᠳᠠᠯ ᠪᠦᠬᠦᠢ ᠠᠷᠭ᠎ᠠ ᠬᠡᠮᠵᠢᠶ᠎ᠡ᠎ᠶᠢ ᠪᠠᠢᠷᠢᠯᠠᠭᠤᠯᠪᠠ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠣᠳᠣᠬᠠᠨ᠎ᠳᠤ ᠳᠣᠯᠣᠭ᠎ᠠ ᠨᠠᠢ᠍ᠮᠠᠳᠤᠭᠠᠷ ᠰᠠᠷ᠎ᠠ᠎ᠶᠢᠨ ᠠᠭᠤᠯᠵᠠᠷ᠎ᠲᠠᠬᠢ ᠦᠶᠡᠷ᠎ᠢ ᠰᠡᠷᠭᠡᠢᠯᠡᠬᠦ ᠵᠠᠩᠭᠢᠯᠠᠭ᠎ᠠ᠎ᠶᠢᠨ ᠬᠤᠭᠤᠴᠠᠭᠠᠨ᠎ᠳᠤ ᠣᠷᠣᠵᠠᠢ᠂ 《ᠴᠠᠭ ᠢᠮᠠᠭᠲᠠ ᠰᠠᠨᠠᠭ᠎ᠠ ᠠᠮᠤᠷ ᠪᠠᠢᠬᠤ ᠦᠭᠡᠢ》 ᠬᠠᠷᠢᠭᠤᠴᠠᠯᠭᠠᠲᠤ ᠰᠡᠳᠬᠢᠯᠭᠡ᠎ᠪᠡᠷ ᠬᠣᠷᠢᠭ᠎ᠠ ᠱᠤᠭᠤᠮ᠎ᠤᠨ ᠰᠡᠳᠬᠢᠬᠦᠢ᠂ ᠲᠤᠢᠯᠰᠢᠷᠠᠯ᠎ᠤᠨ ᠰᠡᠳᠬᠢᠬᠦᠢ᠎ᠪᠡᠨ ᠪᠠᠲᠤᠳᠬᠠᠵᠤ᠂ ᠶᠡᠬᠡ ᠦᠶᠡᠷ᠎ᠢ ᠰᠡᠷᠭᠡᠢᠯᠡᠬᠦ᠂ ᠶᠡᠬᠡ ᠭᠠᠮᠰᠢᠭ᠋ ᠲᠠᠢ ᠲᠡᠮᠡᠴᠡᠬᠦ᠎ᠳᠦ ᠰᠠᠭᠤᠷᠢᠯᠠᠵᠤ᠂ ᠬᠠᠷᠢᠭᠤᠴᠠᠯᠭ᠎ᠠ ᠡᠭᠦᠷᠭᠡᠯᠡᠬᠦ ᠬᠡᠯᠬᠢᠶ᠎ᠡ᠎ᠶᠢ ᠴᠢᠩᠭᠠᠯᠠᠵᠤ᠂ ᠬᠠᠮᠵᠢᠯᠴᠠᠬᠤ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠦᠶᠡᠷ᠎ᠦᠨ ᠬᠤᠭᠤᠴᠠᠭ᠎ᠠ᠎ᠶᠢ ᠠᠮᠤᠷ ᠲᠦᠪᠰᠢᠨ᠎ᠢᠶᠡᠷ ᠥᠩᠭᠡᠷᠡᠭᠦᠯᠬᠦ᠎ᠶᠢ ᠪᠠᠲᠤᠯᠠᠬᠤ ᠬᠡᠷᠡᠭᠲᠡᠢ᠃ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠬᠤ᠎ᠶᠢ ᠢᠮᠠᠭᠲᠠ ᠲᠡᠷᠢᠭᠦᠨ ᠪᠠᠢᠷᠢᠨ᠎ᠳᠤ ᠲᠠᠯᠪᠢᠵᠤ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠵᠤ᠂ ᠭᠡᠨᠡᠳᠲᠡ᠎ᠶᠢᠨ ᠪᠠᠢᠳᠠᠯ ᠲᠣᠬᠢᠶᠠᠯᠳᠤᠪᠠᠯ ᠠᠷᠠᠳ ᠣᠯᠠᠨ᠎ᠢ ᠰᠢᠯᠵᠢᠭᠦᠯᠦᠨ ᠠᠶᠤᠯ᠎ᠠᠴᠠ ᠵᠠᠢᠯᠠᠭᠤᠯᠬᠤ᠎ᠶᠢ ᠴᠠᠭ ᠲᠤᠬᠠᠢ᠎ᠳᠤ ᠨᠢ ᠡᠷᠡᠰ ᠰᠢᠭᠤᠷᠬᠠᠢ᠎ᠪᠠᠷ ᠵᠣᠬᠢᠶᠠᠨ ᠪᠠᠢᠭᠤᠯᠵᠤ᠂ ᠬᠥᠮᠥᠨ ᠬᠠᠷ᠎ᠠ ᠡᠨᠳᠡᠵᠦ ᠰᠢᠷᠬᠠᠲᠤᠬᠤ᠎ᠶᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠬᠤ ᠬᠡᠷᠡᠭᠲᠡᠢ᠃ ᠪᠡᠯᠡᠳᠬᠡᠯ᠎ᠢᠶᠡᠨ ᠰᠠᠢᠲᠤᠷ ᠬᠢᠵᠦ᠂ ᠭᠣᠣᠯᠳᠠᠯᠭ᠎ᠠ ᠪᠣᠯᠬᠤ ᠣᠷᠣᠨ ᠪᠦᠰᠡ᠂ ᠴᠢᠬᠤᠯᠠ ᠶᠡᠬᠡ ᠢᠨᠵᠧᠨᠧᠷᠢᠩ ᠪᠠ ᠪᠠᠭᠤᠷᠠᠢ ᠭᠣᠭᠴᠣᠭ᠎ᠠ᠎ᠶᠢᠨ ᠲᠦᠭᠰᠢᠭᠦᠷᠢ᠎ᠶᠢ ᠪᠠᠢᠴᠠᠭᠠᠨ ᠠᠷᠢᠯᠭᠠᠬᠤ ᠠᠵᠢᠯ᠎ᠢ ᠰᠠᠢᠲᠤᠷ ᠬᠢᠵᠦ᠂ ᠭᠠᠮᠰᠢᠭ᠋᠎ᠠᠴᠠ ᠪᠣᠯᠣᠭᠰᠠᠨ ᠬᠣᠬᠢᠷᠠᠯ᠎ᠢ ᠴᠢᠷᠮᠠᠢᠨ ᠪᠠᠭᠠᠰᠬᠠᠬᠤ ᠬᠡᠷᠡᠭᠲᠡᠢ᠃ ᠭᠠᠩᠳᠠᠭᠰᠠᠨ ᠭᠠᠵᠠᠷ ᠣᠷᠣᠨ᠎ᠤ ᠭᠠᠩ ᠬᠠᠭᠰᠠᠷᠠᠭᠠᠨ᠎ᠲᠠᠢ ᠲᠡᠮᠡᠴᠡᠵᠦ ᠭᠠᠮᠰᠢᠭ᠋᠎ᠢ ᠪᠠᠭᠠᠰᠬᠠᠬᠤ ᠠᠵᠢᠯ᠎ᠢ ᠨᠢᠭᠡᠳᠦᠯᠲᠡᠢ ᠲᠥᠯᠥᠪᠯᠡᠨ ᠰᠠᠢᠲᠤᠷ ᠬᠢᠵᠦ᠂ ᠭᠠᠩ ᠬᠠᠭᠰᠠᠷᠠᠭᠠᠨ᠎ᠲᠠᠢ ᠲᠡᠮᠡᠴᠡᠬᠦ᠎ᠪᠡᠷ ᠤᠰᠤᠨ᠎ᠤ ᠡᠬᠢ ᠰᠤᠷᠪᠤᠯᠵᠢ᠎ᠶᠢ ᠤᠨᠢᠨ ᠳᠡᠭᠡᠷ᠎ᠡ ᠨᠢ ᠲᠣᠬᠢᠷᠠᠭᠤᠯᠵᠤ᠂ ᠲᠠᠷᠢᠮᠠᠯ᠎ᠤᠨ ᠤᠰᠤᠯᠠᠯᠲᠠ᠎ᠳᠤ ᠬᠡᠷᠡᠭᠯᠡᠬᠦ ᠤᠰᠤ᠎ᠶᠢ ᠪᠠᠲᠤᠯᠠᠵᠤ᠂ ᠤᠯᠠᠨ ᠲᠦᠮᠡᠨ᠎ᠦ ᠤᠤᠭᠤᠬᠤ ᠤᠰᠤᠨ᠎ᠤ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠡᠢ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠪᠠᠢᠭᠠᠯᠢ᠎ᠶᠢᠨ ᠭᠠᠮᠰᠢᠭ᠋᠎ᠢ ᠪᠠᠢᠴᠠᠭᠠᠨ ᠦᠨᠡᠯᠡᠬᠦ ᠠᠵᠢᠯ᠎ᠢ ᠰᠢᠨᠵᠢᠯᠡᠬᠦ ᠤᠬᠠᠭᠠᠨᠴᠢ᠎ᠪᠠᠷ ᠴᠢᠩᠭ᠎ᠠ ᠨᠢᠮᠪᠠᠢ᠂ ᠦᠨᠡᠨ᠎ᠡᠴᠡ ᠵᠥᠪ᠎ᠢ ᠡᠷᠢᠨ ᠰᠠᠢᠲᠤᠷ ᠬᠢᠵᠦ᠂ ᠲᠤᠷᠰᠢᠯᠭ᠎ᠠ ᠰᠤᠷᠭᠠᠮᠵᠢ᠎ᠪᠠᠨ ᠭᠦᠨᠵᠡᠭᠡᠢ ᠳ᠋ᠦᠩᠨᠡᠵᠦ᠂ ᠣᠷᠣᠰᠢᠵᠤ ᠪᠠᠢᠭ᠎ᠠ ᠠᠰᠠᠭᠤᠳᠠᠯ ᠪᠠ ᠳᠤᠲᠠᠭᠤᠳᠠᠯ᠎ᠢᠶᠠᠨ ᠭᠦᠨᠵᠡᠭᠡᠢ ᠵᠠᠳᠠᠯᠵᠤ᠂ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠨᠡᠢᠭᠡᠮ ᠨᠡᠢᠲᠡ᠎ᠳᠦ ᠬᠦᠨᠳᠦ ᠶᠡᠬᠡ ᠨᠥᠯᠥᠭᠡ ᠤᠴᠠᠷᠠᠭᠤᠯᠤᠭᠰᠠᠨ ᠪᠠᠢᠭᠠᠯᠢ᠎ᠶᠢᠨ ᠭᠠᠮᠰᠢᠭ᠋᠎ᠢ ᠲᠠᠰ ᠳᠡᠪᠰᠢᠭᠦᠯᠦᠨ ᠪᠠᠢᠴᠠᠭᠠᠵᠤ᠂ ᠨᠡᠷ᠎ᠡ ᠵᠢᠭᠠᠨ ᠰᠢᠮᠳᠠᠭᠤᠯᠤᠨ ᠰᠢᠢᠳᠪᠦᠷᠢᠯᠡᠭᠦᠯᠵᠦ᠂ ᠣᠯᠠᠨ ᠨᠡᠶ᠋ᠢᠲᠡ᠎ᠶᠢᠨ ᠠᠩᠬᠠᠷᠴᠤ ᠪᠠᠢᠭ᠎ᠠ ᠠᠰᠠᠭᠤᠳᠠᠯ᠎ᠳᠤ ᠴᠠᠭ ᠲᠤᠬᠠᠢ᠎ᠳᠤ ᠨᠢ ᠬᠠᠷᠢᠭᠤ ᠲᠤᠰᠬᠠᠯ ᠥᠭᠴᠦ᠂ ᠨᠢᠭᠡ᠎ᠡᠴᠡ ᠨᠥᠭᠥᠭᠡ᠎ᠶᠢ ᠵᠦᠢᠴᠢᠯᠡᠨ ᠴᠡᠭᠴᠡᠯᠡᠨ ᠰᠠᠢᠵᠢᠷᠠᠭᠤᠯᠬᠤ᠎ᠶᠢ ᠰᠠᠢᠲᠤᠷ ᠠᠳᠬᠤᠬᠤ ᠬᠡᠷᠡᠭᠲᠡᠢ ᠭᠡᠵᠡᠢ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠰᠤᠷᠭᠠᠭᠤᠯᠢ᠎ᠳᠤ ᠰᠠᠭᠤᠬᠤ ᠨᠠᠰᠤᠨ᠎ᠠᠴᠠ ᠡᠮᠦᠨᠡᠬᠢ ᠰᠦᠢᠳᠬᠡᠯ ᠥᠯᠥ ᠬᠤᠷᠢᠶᠠᠬᠤ ᠰᠤᠷᠭᠠᠨ ᠬᠥᠮᠦᠵᠢᠯ᠎ᠢ ᠠᠯᠬᠤᠮ ᠠᠯᠬᠤᠮ᠎ᠢᠶᠠᠷ ᠬᠡᠷᠡᠭᠵᠢᠭᠦᠯᠬᠦ ᠪᠣᠯ ᠲᠦᠭ ᠲᠦᠮᠡᠨ ᠠᠢᠯ ᠡᠷᠦᠬᠡ᠎ᠳᠦ ᠬᠣᠯᠪᠣᠭᠳᠠᠬᠤ᠂ ᠠᠯᠤᠰ ᠬᠡᠳᠦ᠎ᠶᠢᠨ ᠬᠥᠭᠵᠢᠯᠲᠡ᠎ᠳᠦ ᠬᠣᠯᠪᠣᠭᠳᠠᠬᠤ ᠠᠷᠠᠳ᠎ᠲᠤ ᠠᠰᠢᠭ᠋ ᠬᠦᠷᠲᠡᠭᠡᠬᠦ᠎ᠶᠢᠨ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠭᠠᠵᠠᠷ᠎ᠤᠨ ᠬᠢᠨᠢ ᠵᠢᠭᠠᠨ ᠵᠢᠯᠤᠭᠣᠳᠴᠤ ᠪᠠᠢᠭᠠᠳ ᠠᠵᠢᠯ᠎ᠤᠨ ᠲᠥᠰᠥᠯ᠎ᠢᠶᠡᠨ ᠠᠯᠢ ᠲᠦᠷᠭᠡᠨ᠎ᠢᠶᠡᠷ ᠨᠠᠷᠢᠯᠢᠭ᠍ᠵᠢᠭᠤᠯᠵᠤ᠂ ᠬᠤᠪᠢᠶᠠᠨ ᠡᠭᠦᠷᠭᠡᠯᠡᠬᠦ ᠬᠠᠷᠢᠴᠠᠯ ᠶᠣᠰᠣᠭᠠᠷ ᠨᠥᠬᠥᠪᠦᠷᠢ᠎ᠶᠢᠨ ᠪᠡᠯᠡ ᠮᠥᠩᠭᠥ᠎ᠶᠢ ᠰᠠᠢᠲᠤᠷ ᠲᠣᠬᠢᠷᠠᠭᠤᠯᠵᠤ᠂ ᠴᠠᠭ ᠲᠤᠬᠠᠢ᠎ᠳᠤ ᠨᠢ ᠲᠣᠭ᠎ᠠ ᠶᠣᠰᠣᠭᠠᠷ ᠨᠢ ᠰᠠᠯᠭᠠᠨ ᠥᠭᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠬᠥᠳᠡᠯᠦᠩᠭᠦᠢ᠎ᠪᠡᠷ ᠬᠢᠨᠠᠨ ᠰᠢᠨᠵᠢᠵᠦ ᠦᠨᠡᠯᠡᠨ ᠵᠢᠱ᠌ᠢᠬᠦ᠎ᠶᠢ ᠴᠢᠩᠭᠠᠳᠬᠠᠵᠤ᠂ ᠬᠡᠦᠬᠡᠳ᠎ᠦᠨ ᠴᠡᠴᠡᠷᠯᠢᠭ ᠡᠷᠭᠢᠯᠡᠬᠦ ᠥᠪᠡᠷ᠎ᠦᠨ ᠥᠷᠲᠡᠭ᠎ᠢ ᠰᠢᠨᠵᠢᠯᠡᠬᠦ ᠤᠬᠠᠭᠠᠨᠴᠢ᠎ᠪᠠᠷ ᠲᠣᠭᠠᠴᠠᠭ᠎ᠠ ᠬᠢᠵᠦ᠂ ᠠᠯᠪᠠᠨ᠎ᠠᠴᠠ ᠡᠷᠭᠢᠯᠡᠭᠰᠡᠨ᠂ ᠠᠷᠠᠳ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠲᠦ ᠨᠥᠬᠥᠪᠦᠷᠢ ᠥᠭᠬᠦ ᠲᠥᠷᠥ᠎ᠶᠢᠨ ᠪᠣᠳᠣᠯᠭ᠎ᠠ᠎ᠶᠢ ᠨᠢᠭᠡᠳᠦᠯᠲᠡᠢ ᠲᠥᠯᠥᠪᠯᠡᠨ᠂ ᠭᠡᠷ ᠪᠦᠯᠢ᠎ᠶᠢᠨ ᠠᠵᠤ ᠠᠬᠤᠢ ᠨᠢ ᠬᠦᠴᠢᠷᠳᠡᠯᠲᠡᠢ ᠬᠡᠦᠬᠡᠳ᠂ ᠥᠨᠥᠴᠢᠨ ᠬᠡᠦᠬᠡᠳ ᠪᠠ ᠵᠡᠮᠳᠡᠭ ᠬᠡᠦᠬᠡᠳ ᠵᠡᠷᠭᠡ ᠬᠥᠮᠥᠰ᠎ᠲᠦ ᠬᠠᠨᠳᠤᠭᠤᠯᠤᠭᠰᠠᠨ ᠲᠥᠷᠥ᠎ᠶᠢᠨ ᠪᠣᠳᠣᠯᠭ᠎ᠠ᠎ᠶᠢ ᠵᠣᠯᠭᠠᠭᠤᠯᠬᠤ ᠪᠠ ᠦᠨᠳᠦᠰᠦᠨ ᠵᠦᠢᠯ᠎ᠡᠴᠡ ᠨᠢ ᠪᠠᠲᠤᠯᠠᠬᠤ ᠠᠵᠢᠯ᠎ᠢ ᠰᠠᠢᠲᠤᠷ ᠬᠢᠬᠦ ᠬᠡᠷᠡᠭᠲᠡᠢ᠃ ᠰᠤᠷᠭᠠᠭᠤᠯᠢ᠎ᠳᠤ ᠰᠠᠭᠤᠬᠤ ᠨᠠᠰᠤᠨ᠎ᠳᠠᠬᠢ ᠬᠥᠮᠥᠨ ᠠᠮᠠ᠎ᠶᠢᠨ ᠬᠤᠪᠢᠷᠠᠯᠲᠠ᠂ ᠡᠳ᠋᠎ᠦᠨ ᠬᠦᠴᠦᠨ᠎ᠦ ᠪᠠᠢᠳᠠᠯ ᠵᠡᠷᠭᠡ ᠬᠦᠴᠦᠨ ᠵᠦᠢᠯ᠎ᠢ ᠨᠢᠭᠡᠳᠦᠯᠲᠡᠢ ᠪᠣᠳᠣᠯᠬᠢᠯᠠᠵᠤ᠂ ᠦᠨᠳᠦᠰᠦᠨ ᠵᠦᠢᠯ᠎ᠡᠴᠡ ᠨᠢ ᠪᠠ ᠲᠦᠭᠡᠮᠡᠯ ᠬᠠᠷᠠᠭᠠᠯᠵᠠᠯ ᠲᠠᠢ ᠪᠠᠢᠬᠤ᠎ᠶᠢ ᠪᠠᠲᠤᠯᠠᠬᠤ ᠵᠠᠷᠴᠢᠮ᠎ᠢ ᠪᠠᠷᠢᠮᠲᠠᠯᠠᠨ᠂ ᠰᠤᠷᠭᠠᠭᠤᠯᠢ᠎ᠳᠤ ᠰᠠᠭᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠳᠡᠬᠢ ᠣᠷᠣᠭᠤᠯᠤᠯᠲᠠ᠎ᠶᠢᠨ ᠲᠣᠭᠲᠠᠴᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠂ ᠬᠡᠦᠬᠡᠳ᠎ᠦᠨ ᠴᠡᠴᠡᠷᠯᠢᠭ᠎ᠦᠨ ᠪᠠᠭ᠍ᠰᠢ᠎ᠶᠢᠨ ᠣᠯᠭᠣᠮᠵᠢ᠎ᠶᠢ ᠰᠠᠢᠵᠢᠷᠠᠭᠤᠯᠵᠤ᠂ ᠬᠡᠦᠬᠡᠳ᠎ᠦᠨ ᠴᠡᠴᠡᠷᠯᠢᠭ ᠡᠷᠭᠢᠯᠡᠬᠦ ᠴᠢᠨᠠᠷ ᠴᠢᠨᠰᠠᠭ᠎ᠠ᠎ᠶᠢ ᠰᠠᠢᠵᠢᠷᠠᠭᠤᠯᠬᠤ ᠬᠡᠷᠡᠭᠲᠡᠢ᠃ ᠰᠤᠷᠭᠠᠭᠤᠯᠢ᠎ᠳᠤ ᠰᠠᠭᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠤᠨ᠂ ᠬᠡᠦᠬᠡᠳ᠎ᠦᠨ ᠴᠡᠴᠡᠷᠯᠢᠭ ᠡᠷᠭᠢᠯᠡᠬᠦ ᠠᠵᠢᠯᠯᠠᠭ᠎ᠠ᠎ᠨᠢ ᠵᠢᠷᠤᠮᠵᠢᠭᠤᠯᠵᠤ᠂ ᠬᠡᠦᠬᠡᠳ᠎ᠦᠨ ᠴᠡᠴᠡᠷᠯᠢᠭ᠎ᠲᠦ ᠪᠠᠢᠭ᠎ᠠ ᠬᠡᠦᠬᠡᠳ᠎ᠦᠨ ᠪᠡᠶ᠎ᠡ ᠰᠡᠳᠬᠢᠯ᠎ᠦᠨ ᠡᠷᠡᠭᠦᠯ ᠮᠡᠨᠳᠦ᠎ᠶᠢ ᠦᠨᠡᠨ ᠬᠦ᠌ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠡᠢ᠃
ᠬᠤᠷᠠᠯᠳᠤᠭᠠᠨ᠎ᠢᠶᠠᠷ ᠪᠠᠰᠠ ᠪᠤᠰᠤᠳ ᠵᠦᠢᠯᠡᠰ᠎ᠢ ᠰᠤᠳᠤᠯᠵᠠᠢ᠃