ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠨᠢᠭᠤᠷ   -   ᠲᠡᠷᠢᠭᠦᠨ ᠵᠣᠷᠪᠣᠰ
ᠰᠢ ᠵᠢᠨ ᠫᠢᠩ ᠦᠶᠡᠷ ᠎ᠢ ᠰᠡᠷᠭᠡᠢᠯᠡᠵᠦ᠍ ᠭᠠᠮᠱᠢᠭ᠎ᠡᠴᠡ ᠠᠪᠤᠷᠠᠬᠤ ᠠᠵᠢᠯ᠎ᠳᠤ ᠴᠢᠬᠤᠯᠠ ᠵᠢᠭᠠᠪᠤᠷᠢ ᠥᠭ᠌ᠴᠦ ᠴᠢᠬᠤᠯᠠᠴᠢᠯᠠᠭ᠍ᠰᠠᠨ ᠨᠢ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠪᠣᠳᠠᠲᠠᠢᠵᠢᠭᠤᠯᠤᠨ ᠦᠶᠡᠷ᠎ᠢ ᠰᠡᠷᠭᠡᠢᠯᠡᠬᠦ᠌ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶ᠋ᠢ ᠪᠣᠳᠠᠲᠠᠢ ᠨᠠᠷᠢᠯᠢᠭ ᠨᠠᠢᠳᠠᠪᠤᠷᠢᠵᠢᠭᠤᠯᠵᠤ ᠠᠷᠠᠳ ᠲᠦᠮᠡᠨ᠎ᠦ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠪᠦᠬᠦ᠌ ᠬᠦᠴᠦ᠍ᠨ᠎ᠢᠶᠡᠷ᠎ᠢᠶᠡᠨ ᠪᠠᠲᠤᠯᠠᠬᠤ ᠬᠡᠷᠡᠭ᠌ᠲᠡᠢ ᠯᠢ ᠴᠢᠶᠠᠩ ᠴᠣᠬᠣᠯᠠᠪᠤᠷᠢ ᠥᠭᠪᠡ
ᠨᠡᠶ᠋ᠢᠲᠡᠯᠡᠭᠰᠡᠨ ᠴᠠᠭ᠄ 2025-07-29

    ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 7 ᠰᠠᠷ᠎ᠠ᠎ᠶ᠋ᠢᠨ 28 ᠎ᠤ᠋ ᠴᠠᠬᠢᠯᠭᠠᠨ ᠮᠡᠳᠡᠭᠡ  ᠳᠤᠮᠳᠠᠳᠤ ᠤᠯᠤᠰ᠎ᠤᠨ᠎ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠦᠶᠡᠷ᠎ᠢ ᠰᠡᠷᠭᠡᠢᠯᠡᠵᠦ᠍ ᠭᠠᠮᠱᠢᠭ᠎ᠡᠴᠡ ᠠᠪᠤᠷᠬᠠᠸ᠋ ᠠᠵᠢᠯ᠎ᠳᠤ ᠴᠢᠬᠤᠯᠠ ᠵᠢᠭᠠᠪᠤᠷᠢ ᠥᠭ᠌ᠪᠡ᠃

    ᠰᠢ ᠵᠢᠨ ᠫᠢᠩ᠂ ᠤᠢ᠍ᠢᠷ᠎ᠠ᠎ᠶ᠋ᠢᠨ ᠡᠳᠦᠷ ᠳᠤᠷᠤᠨᠠᠳᠤ ᠤᠷᠤᠨ᠂ ᠤᠮᠠᠷᠠᠲᠤ ᠣᠷᠣᠨ᠂ ᠵᠡᠭᠦᠨ ᠬᠣᠢᠲᠤ ᠣᠷᠣᠨ ᠵᠡᠷᠭᠡ ᠭᠠᠵᠠᠷ᠎ᠲᠤ ᠦᠷᠭᠦᠯᠵᠢᠯᠡᠨ ᠰᠢᠷᠦᠭᠦᠨ ᠪᠣᠷᠣᠭᠠᠨ ᠣᠷᠣᠵᠤ᠂ ᠦᠶᠡᠷ ᠤᠰᠤᠲᠤᠯ ᠪᠣᠯᠤᠨ ᠭᠠᠵᠠᠷ᠎ᠤᠨ ᠭᠠᠮᠱᠢᠭ ᠡᠭᠦᠰᠴᠦ᠍᠂ ᠪᠡᠭᠡᠵᠢᠩ᠂ ᠾᠸᠪᠸᠢ᠂ ᠬᠢᠷᠢᠨ᠂ ᠱᠠᠨᠳᠦ᠋ᠩ ᠵᠡᠷᠭᠡ ᠭᠠᠵᠠᠷ᠎ᠲᠤ ᠤᠯᠠᠨ  ᠬᠥᠮᠦᠨ ᠡᠨᠳᠡᠵᠦ᠍ ᠱᠢᠷᠬᠠᠲᠤᠭ᠍ᠰᠠᠨ ᠪᠠ ᠡᠳ᠋ ᠬᠦᠷᠦᠩᠭᠡ ᠬᠣᠬᠢᠷᠠᠭ᠍ᠰᠠᠨ ᠪᠠᠢᠨ᠎ᠠ᠃ ᠦᠶᠡᠷ᠎ᠢ ᠰᠡᠷᠭᠡᠢᠯᠡᠵᠦ᠍ ᠠᠶᠤᠯ ᠭᠠᠮᠱᠢᠭ᠎ᠡᠴᠡ ᠠᠪᠤᠷᠠᠬᠤ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠬᠠᠷᠢᠯᠴᠠᠭ᠎ᠠ ᠲᠠᠰᠤᠷᠠᠵᠤ ᠬᠠᠱᠢᠭ᠍ᠳᠠᠭ᠍ᠰᠠᠨ ᠬᠥᠮᠦᠰ᠎ᠢ ᠪᠦᠬᠦ᠌ ᠬᠦᠴᠦᠨ᠎ᠢᠶᠡᠷ᠎ᠢᠶᠡᠨ ᠡᠷᠢᠨ ᠠᠪᠤᠷᠠᠵᠤ᠂ ᠭᠠᠮᠰᠢᠬᠲᠠᠬᠰᠠᠨ ᠤᠯᠠᠨ ᠲᠦᠮᠡᠨ᠎ᠢ ᠠᠯᠢ ᠲᠦᠷᠭᠡᠨ  ᠱᠢᠯᠵᠢᠭᠦᠯᠦᠨ ᠲᠥᠪᠬᠢᠨᠡᠭᠦᠯᠵᠦ᠍᠂ ᠬᠥᠮᠦᠨ ᠬᠠᠷ᠎ᠠ᠎ᠶ᠋ᠢᠨ ᠡᠨᠳᠡᠯ ᠱᠢᠷᠬᠠᠲᠤᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

    ᠰᠢ ᠵᠢᠨ ᠫᠢᠩ᠂ ᠣᠳᠣᠬᠠᠨ᠎ᠳᠤ ᠶᠠᠭ 《ᠲᠤᠯᠤᠭᠠᠨ ᠰᠠᠷ᠎ᠠ᠎ᠶ᠋ᠢᠨ ᠰᠡᠭᠦᠯᠴᠢ ᠨᠠᠶ᠋ᠮᠠᠨ ᠰᠠᠷ᠎ᠠ᠎ᠶ᠋ᠢᠨ ᠡᠬᠢᠨ》 ᠤ᠋ ᠦᠶᠡᠷ ᠎ᠢ ᠰᠡᠷᠭᠡᠢᠯᠡᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠨ᠎ᠠ᠂ ᠡᠯ᠎ᠡ ᠭᠠᠵᠠᠷ ᠣᠷᠣᠨ ᠪᠣᠯᠤᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠬᠣᠷᠢᠭ᠎ᠠ ᠱᠤᠭᠤᠮ ᠎ᠤᠨ ᠰᠡᠳᠭᠢᠬᠦᠶ᠂ ᠲᠤᠢᠯᠱᠢᠷᠠᠯ᠎ᠤᠨ ᠰᠡᠳᠭᠢᠬᠦᠶ᠎ᠶ᠋ᠢ ᠪᠠᠲᠤ ᠪᠣᠶ ᠪᠣᠯᠭᠠᠵᠤ᠂ ᠤᠯᠤᠰ ᠲᠥᠷᠥ ᠎ᠶ᠋ᠢᠨ ᠬᠠᠷᠢᠭᠤᠴᠠᠯᠭ᠎ᠠ᠎ᠶ᠋ᠢ ᠪᠥᠬᠥ᠌ ᠲᠠᠯ᠎ᠠ᠎ᠪᠠᠷ ᠪᠣᠳᠠᠲᠠᠢᠵᠢᠭᠤᠯᠵᠤ᠂  ᠦᠶᠡᠷ᠎ᠢ ᠰᠡᠷᠭᠡᠢᠯᠡᠬᠦ᠌ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶ᠋ᠢ ᠪᠣᠳᠠᠲᠠᠶ ᠨᠠᠷᠢᠯᠢᠭ ᠨᠠᠢᠳᠠᠪᠤᠷᠢᠵᠢᠭᠤᠯᠵᠤ᠂ ᠪᠠᠭᠤᠷᠠᠶ ᠭᠣᠭ᠍ᠴᠣᠭ᠎ᠠ ᠪᠣᠯᠤᠨ ᠭᠤᠤᠯᠳᠠᠯᠭ᠎ᠠ᠎ᠲᠠᠶ ᠭᠠᠵᠠᠷ᠎ᠢ ᠴᠢᠩᠭ᠎ᠠ ᠠᠩᠬᠠᠷᠤᠨ ᠰᠠᠬᠢᠵᠤ᠂ ᠠᠪᠤᠷᠠᠨ ᠲᠤᠰᠠᠯᠠᠬᠤ ᠬᠦᠴᠦᠨ ᠪᠣᠯᠤᠨ ᠭᠠᠮᠱᠢᠭ᠎ᠡᠴᠡ ᠠᠪᠤᠷᠬᠠᠸ᠋ ᠡᠳ᠋ ᠪᠣᠳᠠᠰ᠎ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠵᠤ᠂ ᠭᠡᠨᠡᠳᠲᠡ᠎ᠶ᠋ᠢᠨ ᠪᠠᠴᠢᠮ ᠪᠠᠢᠳᠠᠯ ᠭᠠᠷᠪᠠᠯ ᠲᠡᠷᠡ ᠳᠠᠷᠤᠶ᠎ᠳᠤᠨᠢ ᠴᠤᠤᠷᠢᠶᠠᠲᠤᠨ᠂ ᠲᠡᠷᠡ ᠳᠠᠷᠤᠶ᠎ᠳᠤᠨᠢ ᠱᠢᠶ᠋ᠳᠪᠦᠷᠢᠯᠡᠬᠦ᠌᠎ᠶ᠋ᠢ ᠦᠨᠡᠨ ᠬᠦ᠌ ᠪᠠᠲᠤᠯᠠᠵᠤ᠂ ᠠᠷᠠᠳ ᠲᠦᠮᠡᠨ᠎ᠦ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

    ᠳᠤᠮᠳᠠᠳᠤ ᠤᠯᠤᠰ ᠎ᠤᠨ ᠡᠪ ᠬᠠᠮᠲᠤ ᠨᠠᠮ ᠎ᠤᠨ ᠲᠥᠪ ᠬᠣᠷᠢᠶ᠎ᠠ᠎ᠶᠢᠨ ᠡᠣᠯᠣᠰ ᠳᠦᠷᠦ᠎ᠶᠢᠨ ᠲᠣᠪᠴᠢᠶᠠᠨ᠎ᠤ ᠪᠠᠢ᠌ᠩᠭᠤ᠎ᠶᠢᠨ ᠭᠡᠱᠢᠭᠦᠨ᠂ ᠳᠦᠷᠦ ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠶ ᠰᠠᠢᠳ ᠯᠢ ᠴᠢᠶᠠᠩ ᠴᠣᠬᠣᠯᠠᠪᠤᠷᠢ ᠥᠭᠴᠦ᠂ ᠪᠡᠭᠡᠵᠢᠩ ᠬᠣᠲᠠ᠎ᠶ᠋ᠢᠨ ᠮᠢ ᠶᠦᠨ ᠲᠣᠭᠣᠷᠢᠭ᠎ᠤᠨ ᠰᠢᠷᠦᠭᠦᠨ ᠪᠣᠷᠣᠭᠠᠨ ᠦᠶᠡᠷ ᠤᠰᠤᠲᠤᠯ᠎ᠤᠨ ᠭᠠᠮᠱᠢᠭ᠎ᠲᠤ ᠤᠯᠠᠨ ᠬᠥᠮᠦᠨ  ᠡᠨᠳᠡᠵᠦ᠍ ᠱᠢᠷᠬᠠᠲᠤᠪᠠ᠂ ᠬᠠᠷᠢᠯᠴᠠᠭ᠎ᠠ ᠲᠠᠰᠤᠷᠠᠭ᠍ᠰᠠᠨ ᠬᠥᠮᠦᠰ᠎ᠢ ᠪᠦᠬᠦ᠌ ᠬᠦᠴᠦ᠍᠎ᠪᠡᠷ᠎ᠢᠶᠡᠨ ᠡᠷᠢᠨ ᠠᠪᠤᠷᠠᠵᠤ᠂ ᠭᠠᠮᠱᠢᠭ᠍ᠳᠠᠭ᠍ᠰᠠᠨ ᠣᠯᠠᠨ ᠲᠦᠮᠡᠨ᠎ᠢ ᠲᠣᠬᠢᠲᠠᠶ ᠲᠥᠪᠬᠢᠨᠡᠭᠦᠯᠵᠦ᠍᠂ ᠡᠨᠳᠡᠯ ᠱᠢᠷᠬᠠᠲᠤᠯ᠎ᠢ ᠠᠯᠢ ᠴᠢᠳᠠᠬᠤ᠎ᠪᠠᠷ ᠪᠠᠭᠠᠰᠭᠠᠬᠤ ᠬᠡᠷᠡᠭ᠌ᠲᠡᠶ᠃ ᠣᠢᠷ᠎ᠠ᠎ᠶ᠋ᠢᠨ ᠬᠤᠭᠤᠴᠠᠭᠠᠨ᠎ᠳᠤ ᠤᠮᠠᠷᠠᠲᠤ ᠣᠷᠣᠨ᠎ᠤ ᠬᠡᠰᠡᠭ ᠭᠠᠵᠠᠷ ᠲᠤ᠌ ᠵᠠᠯᠭᠠᠭ᠎ᠠ᠎ᠪᠠᠷ ᠱᠢᠷᠦᠭᠦᠨ ᠪᠣᠷᠣᠭᠠᠨ ᠣᠷᠣᠵᠤ᠂ ᠤᠯᠤᠰ᠎ᠤᠨ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠶᠡᠷᠦᠩᠬᠡᠶ ᠵᠢᠯᠣᠭᠣᠳᠭᠤ ᠭᠠᠵᠠᠷ ᠤ᠋ᠨ ᠬᠢᠨ ᠬᠣᠯᠪᠣᠭ᠍ᠳᠠᠯ ᠪᠥᠬᠥᠶ ᠭᠠᠵᠠᠷ ᠣᠷᠣᠨ᠎ᠢ ᠵᠢᠯᠣᠭᠣᠳᠤᠨ ᠱᠢᠷᠦᠭᠦᠨ ᠪᠣᠷᠣᠭᠠᠨ ᠦᠶᠡᠷ ᠤᠰᠤᠲᠤᠯ᠎ᠤᠨ ᠭᠠᠮᠱᠢᠭ᠎ᠢ ᠰᠡᠷᠭᠡᠢᠯᠡᠨ ᠠᠷᠭᠠᠴᠠᠭᠠᠬᠤ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠤᠨᠴᠠᠭᠠᠢ ᠴᠠᠭ ᠠᠭᠤᠷ᠎ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠠᠵᠢᠯ᠎ᠢ ᠰᠠᠢᠲᠤᠷ ᠬᠢᠵᠦ᠍᠂ ᠭᠤᠤᠯ ᠮᠥᠷᠡᠨ᠂ ᠤᠰᠤᠨ ᠴᠥᠭᠥᠷᠥᠮ᠎ᠦᠨ ᠬᠠᠱᠢᠯᠭ᠎ᠠ ᠳᠠᠯᠠᠩ᠎ᠢ ᠴᠠᠭ᠍ᠳᠠᠨ ᠬᠠᠮᠠᠭᠠᠯᠠᠬᠤ ᠪᠠ ᠬᠣᠲᠠ᠎ᠶ᠋ᠢᠨ ᠲᠤᠲᠤᠷᠠᠬᠢ ᠤᠰᠤᠲᠤᠯ᠎ᠤᠨ ᠳᠠᠯᠳᠠ ᠬᠡᠮ᠎ᠢ ᠵᠢᠭᠰᠠᠭᠠᠨ ᠪᠠᠢᠴᠠᠭᠠᠬᠤ ᠠᠵᠢᠯ᠎ᠢ ᠴᠢᠩᠭᠠᠳᠭᠠᠵᠤ᠂ ᠠᠶᠤᠯ ᠲᠦᠭ᠌ᠰᠢᠭᠦᠷᠢ᠎ᠳᠦ ᠬᠣᠯᠪᠣᠭ᠍ᠳᠠᠭ᠍ᠰᠠᠨ ᠣᠯᠠᠨ ᠲᠦᠮᠡᠨ᠎ᠢ ᠴᠠᠭ ᠲᠤᠬᠠᠶ᠎ᠳᠤᠨᠢ ᠱᠢᠯᠵᠢᠭᠦᠯᠵᠦ᠍᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
 
            