ᠰᠢᠨᠬᠤᠸᠠ ᠬᠣᠷᠢᠶᠠᠨ᠎ᠤ ᠪᠡᠭᠡᠵᠢᠩ᠎ᠦᠨ 7 ᠳ᠋ᠤᠭᠠᠷ ᠰᠠᠷ᠎ᠠ᠎ᠶᠢᠨ 30 ᠤ ᠡᠳᠦᠷ᠎ᠦᠨ ᠴᠠᠬᠢᠯᠭᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶ᠎ᠠ ᠬᠤᠷᠠᠯᠳᠤᠭᠠᠨ ᠬᠤᠷᠠᠯᠳᠤᠭᠤᠯᠵᠤ᠂ ᠡᠨᠡ ᠵᠢᠯ᠎ᠦᠨ 10 ᠳ᠋ᠤᠭᠠᠷ ᠰᠠᠷ᠎ᠠ᠎ᠳᠤ ᠪᠡᠭᠡᠵᠢᠩ᠎ᠳᠦ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯᠳᠤᠭᠠᠨ᠎ᠢ ᠬᠤᠷᠠᠯᠳᠤᠭᠤᠯᠬᠤ᠎ᠪᠠᠷ ᠲᠣᠭᠲᠠᠪᠠ᠂ ᠲᠣᠰ ᠬᠤᠷᠠᠯᠳᠤᠭᠠᠨ᠎ᠤ ᠭᠣᠣᠯ ᠵᠥᠪᠯᠡᠬᠦ ᠵᠦᠢᠯᠡᠰ ᠭᠡᠪᠡᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶ᠎ᠠ ᠨᠢ ᠲᠥᠪ ᠬᠣᠷᠢᠶᠠᠨ᠎ᠳᠤ ᠠᠵᠢᠯ᠎ᠤᠨ ᠮᠡᠳᠡᠭᠦᠯᠦᠯᠲᠡ ᠬᠢᠵᠦ᠂ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠰᠠᠨᠠᠭᠤᠯᠭ᠎ᠠ᠎ᠶᠢ ᠰᠤᠳᠤᠯᠤᠨ᠎ᠠ᠃ ᠬᠤᠷᠠᠯᠳᠤᠭᠠᠨ᠎ᠢᠶᠠᠷ ᠣᠳᠣᠬᠠᠨ᠎ᠤ ᠠᠵᠤ ᠠᠬᠤᠢ᠎ᠶᠢᠨ ᠪᠠᠢᠳᠠᠯ᠎ᠢ ᠵᠠᠳᠠᠯᠤᠨ ᠰᠤᠳᠤᠯᠵᠤ᠂ ᠳᠣᠣᠷ᠎ᠠ ᠬᠠᠭᠠᠰ ᠵᠢᠯ᠎ᠦᠨ ᠠᠵᠤ ᠠᠬᠤᠢ᠎ᠶᠢᠨ ᠠᠵᠢᠯ᠎ᠢ ᠪᠠᠢᠷᠢᠯᠠᠭᠤᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯᠳᠤᠭᠠᠨ᠎ᠢ ᠡᠷᠬᠢᠯᠡᠪᠡ᠃