ᠳᠣᠮᠳᠠᠳᠤ ᠣᠯᠣᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ ᠰᠢ ᠵᠢᠨ ᠫᠢᠩ ᠬᠤᠷᠠᠯ ᠢ᠋ ᠡᠷᠭᠢᠯᠡᠪᠡ
ᠱᠢᠠᠬᠣᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶ᠋ᠢᠨ 30 ᠤ᠋ ᠴᠠᠬᠢᠯᠭᠠᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠤ᠎ᠶ᠋ᠢᠨ ᠲᠣᠪᠴᠢᠶ᠎ᠠ 7 ᠰᠠᠷ᠎ᠠ᠎ᠶ᠋ᠢᠨ 30 ᠤ᠋ ᠡᠳᠦᠷ ᠬᠤᠷᠠᠯ ᠬᠤᠷᠠᠯᠳᠤᠭᠤᠯᠵᠤ᠂ ᠡᠨᠡ ᠵᠢᠯ᠎ᠦᠨ 10 ᠰᠠᠷ᠎ᠠ᠎ᠳᠤ ᠪᠡᠭᠡᠵᠢᠩ᠎ᠳᠦ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠲᠠ ᠬᠤᠷᠠᠯ ᠢ ᠬᠤᠷᠠᠯᠳᠤᠭᠤᠯᠬᠤ᠎ᠪᠠᠷ ᠲᠣᠭ᠍ᠲᠠᠪᠠ᠂ ᠭᠣᠣᠯ ᠵᠥᠪᠯᠡᠬᠦ᠌ ᠵᠦᠢᠯ ᠪᠣᠯ᠂ ᠳᠤᠮᠳᠠᠳᠤ ᠤᠯᠤᠰ᠎ᠤᠨ ᠡᠪ ᠬᠠᠮᠲᠤ ᠨᠠᠮ ᠤᠨ ᠲᠥᠪ ᠬᠣᠷᠢᠶ᠎ᠠ ᠵᠢᠨ ᠤᠯᠤᠰ ᠳᠦᠷᠤ᠎ᠶ᠋ᠢᠨ ᠲᠣᠪᠴᠢᠶ᠎ᠠ ᠡᠴᠡ ᠲᠥᠪ ᠬᠣᠷᠢᠶ᠎ᠠ᠎ᠳᠤ ᠠᠵᠢᠯ᠎ᠢᠶᠠᠨ ᠮᠡᠳᠡᠭᠦᠯᠵᠦ᠍᠂ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠠ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠰᠠᠨᠠᠭᠤᠯᠭ᠎ᠠ᠎ᠶ᠋ᠢ ᠰᠤᠳᠤᠯᠤᠨ᠎ᠠ᠃ ᠬᠤᠷᠠᠯ ᠡᠴᠡ ᠣᠳᠣᠬᠠᠨ᠎ᠤ ᠠᠵᠤ ᠠᠬᠤᠢ᠎ᠶ᠋ᠢᠨ ᠪᠠᠢᠳᠠᠯ᠎ᠢ ᠵᠠᠳᠠᠯᠤᠨ ᠰᠤᠳᠤᠯᠵᠤ᠂ ᠳᠣᠣᠷ᠎ᠠ ᠬᠠᠭᠠᠰ ᠵᠢᠯ᠎ᠦᠨ ᠠᠵᠤ ᠠᠬᠤᠢ ᠶ᠋ᠢᠨ ᠠᠵᠢᠯ᠎ᠢ ᠪᠠᠢᠷᠢᠯᠠᠭᠤᠯᠪᠠ᠃ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠠᠢ᠃
ᠬᠤᠷᠠᠯ ᠡᠴᠡ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ ᠵᠢ ᠪᠡᠬᠢᠵᠢᠭᠦᠯᠬᠦ᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠴᠠᠭ ᠦᠶ᠎ᠡ ᠮᠦᠨ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠳᠦ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠲᠤᠯᠭᠠᠷᠠᠵᠤ᠂ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ ᠪᠣᠯᠤᠨ ᠠᠶᠤᠯ ᠲᠦᠭ᠌ᠰᠢᠭᠦᠷᠢ ᠥᠷᠢᠰᠥᠯᠳᠦᠭᠡᠨ ᠵᠡᠷᠭᠡ ᠪᠡᠷ ᠣᠷᠣᠱᠢᠵᠤ᠂ ᠲᠤᠭᠳᠠᠭᠠᠯᠳᠤ ᠪᠤᠰᠤ ᠲᠦᠰᠦᠭᠡᠯᠡᠬᠦᠶᠠ ᠪᠡᠷᠬᠡ ᠬᠦᠴᠦᠨ ᠵᠦᠢᠯ ᠨᠡᠮᠡᠭ᠌ᠳᠡᠵᠤ ᠪᠠᠢᠬᠤ ᠵᠢᠨ ᠵᠡᠷᠭᠡ ᠪᠡᠷ ᠮᠠᠨ ᠤ ᠤᠯᠤᠰ᠎ᠤᠨ ᠠᠵᠤ ᠠᠬᠤᠢ᠎ᠶ᠋ᠢᠨ ᠰᠠᠭᠤᠷᠢ ᠲᠣᠭ᠍ᠲᠠᠭᠤᠨ᠂ ᠳᠠᠪᠠᠭᠤᠯᠢᠭ ᠣᠯᠠᠨ᠂ ᠤᠶᠠᠨ ᠴᠢᠨᠠᠷ ᠴᠢᠩᠭ᠎ᠠ᠂ ᠳᠠᠯᠳᠠ ᠬᠦᠴᠦᠨ ᠶᠡᠬᠡ᠂ ᠤᠷᠲᠤ ᠬᠤᠭᠤᠴᠠᠭ᠎ᠠ᠎ᠪᠠᠷ ᠰᠠᠢᠵᠢᠷᠠᠬᠤ ᠵᠢ ᠲᠤᠯᠭᠠᠭᠤᠷᠢᠯᠠᠬᠤ ᠨᠥᠬᠥᠴᠡᠯ ᠪᠠ ᠦᠨᠳᠦᠰᠦᠨ ᠬᠠᠨᠳᠤᠰᠢ ᠬᠤᠪᠢᠷᠠᠭ᠍ᠰᠠᠨ ᠦᠭᠡᠢ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠂ ᠬᠡᠲᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠂ ᠪᠦᠷᠢᠨ ᠪᠦᠲᠦᠨ ᠠᠵᠤ ᠦᠢᠯᠡᠰ ᠦᠨ ᠱᠢᠰᠲ᠋ᠧᠮ᠎ᠦᠨ ᠳᠠᠪᠠᠭᠤᠯᠢᠭ᠂ ᠡᠯᠪᠡᠭ ᠶᠡᠬᠡ ᠴᠢᠳᠠᠪᠤᠷᠢᠲᠠᠨ᠎ᠤ ᠡᠬᠢ ᠪᠠᠶᠠᠯᠢᠭ ᠤ᠋ᠨ ᠳᠠᠪᠠᠭᠤᠯᠢᠭ ᠨᠠᠩ ᠢᠯᠡᠭᠦᠦ ᠢᠯᠡᠷᠬᠡᠢ ᠪᠤᠯᠵᠤ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ ᠵᠣᠷᠢᠭ᠎ᠢᠶᠠᠨ ᠨᠡᠮᠡᠭ᠌ᠳᠡᠭᠦᠯᠵᠤ᠂ ᠢᠳᠡᠪᠬᠢᠲᠡᠶ ᠪᠡᠷ ᠬᠤᠪᠢᠷᠠᠯᠲᠠ᠎ᠶ᠋ᠢ ᠲᠠᠨᠢᠵᠤ ᠬᠤᠪᠢᠷᠠᠯᠳᠠ ᠵᠢ ᠠᠷᠭᠠᠴᠠᠭᠠᠵᠤ ᠬᠤᠪᠢᠷᠠᠯᠲᠠ᠎ᠶ᠋ᠢ ᠡᠷᠢᠯᠬᠢᠯᠡᠵᠤ᠂ ᠬᠦᠴᠦ᠍᠎ᠪᠡᠨ ᠲᠥᠪᠯᠡᠷᠡᠭᠦᠯᠦᠨ ᠥᠪᠡᠷ᠎ᠦᠨ ᠶᠠᠪᠤᠳᠠᠯ ᠢᠶᠠᠨ ᠰᠠᠢᠳᠤᠷ ᠬᠢᠵᠤ᠂ ᠣᠯᠠᠨ ᠤᠯᠤᠰ᠎ᠤᠨ ᠬᠤᠷᠴᠠ ᠱᠢᠷᠦᠭᠦᠨ ᠥᠷᠢᠰᠥᠯᠳᠦᠭᠡᠨ᠎ᠦ ᠳᠤᠮᠳᠠ ᠪᠠᠢᠯᠳᠤᠬᠤ ᠪᠣᠳᠣᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠬᠤ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢᠨ ᠴᠢᠬᠤᠯᠠ ᠶᠡᠬᠡ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠬᠤ ᠬᠡᠷᠡᠭᠳᠠᠢ ᠭᠡᠵᠤ ᠵᠢᠭᠠᠵᠤ ᠭᠠᠷᠭᠠᠪᠠ᠃
ᠬᠤᠷᠠᠯ ᠡᠴᠡ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠣᠤ ᠫᠢᠩ᠎ᠦᠨ ᠣᠨᠣᠯ᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ ᠵᠢ ᠪᠠᠷᠢᠮᠳᠠᠯᠠᠵᠤ᠂ ᠰᠢ ᠵᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ ᠲᠤᠭᠤᠷᠢᠨ ᠳ᠋ᠤ᠂ ᠳᠤᠮᠳᠠᠳᠤ ᠤᠯᠤᠰ ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠵᠢᠨ ᠭᠤᠤᠯ ᠡᠭᠦᠷᠭᠡ ᠵᠢ ᠪᠦᠬᠦ ᠲᠠᠯ᠎ᠠ ᠪᠡᠷ ᠠᠬᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠰᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂《ᠳᠥᠷᠪᠡᠨ ᠪᠦᠬᠦ᠌ ᠲᠠᠯ᠎ᠠ》 ᠵᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠰᠢᠭᠤᠯᠤᠯᠲᠠ᠎ᠶ᠋ᠢ ᠵᠣᠬᠢᠴᠠᠩᠭᠤᠢ ᠠᠬᠢᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠤ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ ᠢ ᠠᠬᠢᠭᠤᠯᠵᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠂ ᠪᠦᠬᠦ᠌ ᠠᠷᠠᠳ ᠲᠦᠮᠡᠨ ᠬᠠᠮᠲᠤ᠎ᠪᠠᠷ ᠪᠠᠶᠠᠵᠢᠬᠤ ᠲᠠᠯ᠎ᠠ ᠪᠡᠷ ᠯᠠᠪᠳᠠᠭᠤᠨ ᠪᠠᠲᠤᠲᠠᠢ ᠠᠯᠬᠤᠮ ᠠᠯᠬᠤᠬᠤ ᠵᠢ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠳ᠋ᠤ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠬᠤ ᠵᠢ ᠪᠠᠲᠤᠯᠠᠬᠤ ᠬᠡᠷᠡᠭᠳᠠᠢ ᠭᠡᠵᠤ ᠴᠢᠬᠤᠯᠠᠴᠢᠯᠠᠵᠠᠢ᠃
ᠬᠤᠷᠠᠯ᠎ᠡᠴᠡ᠂ ᠵᠢᠯ ᠤ᠋ᠨ ᠡᠬᠢᠨ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠦᠨ ᠬᠢᠨ ᠢᠳᠡᠪᠬᠢᠲᠡᠢ ᠠᠵᠢᠯᠯᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠨᠡᠩ ᠢᠳᠡᠪᠬᠢᠲᠡᠢ ᠵᠢᠳᠬᠦᠯ ᠴᠢᠷᠮᠠᠢᠯᠭ᠎ᠠ᠎ᠲᠠᠶ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢ ᠱᠠᠯᠠᠪᠳᠠᠨ ᠬᠡᠷᠡᠭ᠌ᠵᠢᠭᠦᠯᠵᠦ᠍᠂ ᠮᠠᠨ᠎ᠤ ᠤᠯᠤᠰ᠎ᠤᠨ ᠠᠵᠤ ᠠᠬᠤᠢ᠎ᠶ᠋ᠢᠨ ᠡᠷᠭᠢᠯᠲᠡ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠰᠢᠵᠤ᠂ ᠴᠢᠨᠠᠷ ᠰᠠᠢᠲᠠᠢ ᠬᠥᠭ᠌ᠵᠢᠯᠲᠡ ᠱᠢᠨ᠎ᠡ ᠦᠷ᠎ᠡ ᠪᠦᠲᠦᠮᠵᠢ ᠤᠯᠪᠠ᠃ ᠭᠣᠣᠯ ᠪᠣᠯᠬᠤ ᠠᠵᠤ ᠠᠬᠤᠢ᠎ᠶ᠋ᠢᠨ ᠬᠦᠢᠴᠡᠳᠭᠡᠯ ᠲᠣᠭ᠎ᠠ᠎ᠶ᠋ᠢᠨ ᠢᠯᠡᠷᠡᠯ ᠰᠠᠢ᠌ᠨ ᠪᠠᠢᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠢᠳᠡᠪᠬᠢᠲᠡᠢ ᠬᠥᠭ᠌ᠵᠢᠵᠦ᠍᠂ ᠥᠭᠡᠷᠡᠴᠢᠯᠡᠯᠲᠡ ᠨᠡᠭᠡᠭᠡᠯᠳᠠ ᠲᠠᠰᠤᠷᠠᠯᠳᠠ ᠦᠭᠡᠢ ᠭᠦᠨᠵᠡᠭᠡᠢᠷᠡᠵᠦ᠍᠂ ᠭᠣᠣᠯᠳᠠᠯᠭ᠎ᠠ᠎ᠲᠠᠶ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠠᠷᠠᠳ᠎ᠤᠨ ᠠᠮᠢᠳᠤᠷᠠᠯ᠎ᠤᠨ ᠦᠨᠳᠦᠰᠦᠨ ᠵᠦᠢᠯ᠎ᠤᠨ ᠪᠠᠲᠤᠯᠠᠭ᠎ᠠ ᠤᠯᠠᠮ ᠨᠢᠭᠡ ᠠᠯᠬᠤᠮ ᠴᠢᠩᠭᠠᠷᠠᠵᠤ᠂ ᠮᠠᠨ᠎ᠤ ᠤᠯᠤᠰ᠎ᠤᠨ ᠠᠵᠤ ᠠᠬᠤᠢ ᠬᠦᠴᠦᠷᠬᠡᠭ ᠶᠡᠬᠡ ᠠᠮᠢᠵᠢᠷᠠᠯ᠎ᠤᠨ ᠬᠦᠴᠦᠨ ᠪᠠ ᠤᠶᠠᠨ ᠬᠠᠳᠠᠨ ᠴᠢᠨᠠᠷ᠎ᠢᠶᠠᠨ ᠢᠯᠡᠷᠡᠭᠦᠯᠵᠠᠢ ᠭᠡᠵᠤ ᠦᠵᠡᠪᠡ᠃
ᠬᠤᠷᠠᠯ᠎ᠡᠴᠡ᠂ ᠣᠳᠣᠬᠠᠨ᠎ᠳᠤ ᠮᠠᠨ᠎ᠤ ᠤᠯᠤᠰ᠎ᠤᠨ ᠠᠵᠤ ᠠᠬᠤᠢ᠎ᠶ᠋ᠢᠨ ᠡᠷᠭᠢᠯᠲᠡ᠎ᠳᠦ ᠮᠥᠨ ᠬᠦ᠌ ᠴᠥᠭᠡᠨ ᠪᠤᠰᠤ ᠠᠶᠤᠯ ᠲᠦᠭ᠌ᠰᠢᠭᠦᠷᠢ ᠥᠷᠢᠰᠥᠯᠳᠦᠭᠡᠨ ᠲᠤᠯᠭᠠᠷᠠᠵᠤ ᠪᠠᠢᠨ᠎ᠠ᠂ ᠪᠠᠢᠳᠠᠯ᠎ᠢ ᠵᠥᠪ ᠡᠵᠡᠮᠳᠡᠵᠦ᠍᠂ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠬᠣᠷᠢᠭ᠎ᠠ ᠱᠤᠭᠤᠮ᠎ᠤᠨ ᠰᠡᠳᠭᠢᠬᠦᠢ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠠᠵᠠ ᠲᠣᠬᠢᠶᠠᠯ᠂ ᠳᠠᠯᠳᠠ ᠬᠦᠴᠦᠨ ᠪᠣᠯᠤᠨ ᠳᠠᠪᠠᠭᠤᠯᠢᠭ᠎ᠢ ᠰᠠᠢᠲᠤᠷ ᠠᠱᠢᠭ᠍ᠯᠠᠵᠤ᠂ ᠠᠵᠤ ᠠᠬᠤᠢ᠎ᠶ᠋ᠢᠨ ᠰᠡᠷᠭᠦᠨ ᠰᠠᠢᠵᠢᠷᠠᠬᠤ ᠬᠠᠨᠳᠤᠰᠢ᠎ᠶ᠋ᠢ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠢ ᠭᠡᠵᠤ ᠵᠢᠭᠠᠵᠤ ᠭᠠᠷᠭᠠᠪᠠ᠃
ᠬᠤᠷᠠᠯ᠎ᠡᠴᠡ᠂ ᠳᠤᠤᠷ᠎ᠠ ᠬᠠᠭᠠᠰ ᠵᠢᠯ᠎ᠦᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠬᠦ᠌᠎ᠳᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠦᠷᠭᠦᠯᠵᠢᠯᠡᠬᠦ᠌ ᠴᠢᠨᠠᠷ ᠲᠣᠭ᠍ᠲᠠᠭᠤᠨ ᠴᠢᠨᠠᠷ᠎ᠢ ᠪᠠᠲᠤᠯᠠᠵᠤ᠂ ᠠᠮᠢᠳᠤᠯᠢᠭ ᠴᠢᠨᠠᠷ ᠪᠠᠷᠠᠯᠠᠯᠳᠤ ᠴᠢᠨᠠᠷ᠎ᠢ ᠴᠢᠩᠭᠠᠳᠭᠠᠵᠤ᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠪᠠᠷ ᠬᠦᠴᠦᠯᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠬᠦᠴᠦᠲᠡᠶ ᠠᠬᠢᠭᠤᠯᠵᠤ᠂ ᠪᠥᠬᠥ᠌ ᠵᠢᠯ᠎ᠦᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠴᠢᠷᠮᠠᠢᠨ ᠪᠡᠶᠡᠯᠡᠭᠦᠯᠵᠦ᠍᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠲᠡᠭᠦᠰ ᠠᠮᠵᠢᠯᠲᠠ᠎ᠲᠠᠶ ᠰᠡᠭᠦᠯ ᠬᠤᠷᠢᠶᠠᠬᠤ᠎ᠶ᠋ᠢ ᠪᠡᠶᠡᠯᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ᠎ᠡᠴᠡ᠂ ᠬᠣᠷᠸ᠎ᠠ ᠲᠦᠷᠦ᠍᠎ᠶ᠋ᠢᠨ ᠪᠤᠳᠤᠯᠭ᠎ᠠ ᠵᠢᠨ ᠲᠠᠯ᠎ᠡ ᠪᠡᠷ ᠦᠷᠭᠦᠯᠵᠢᠯᠡᠨ ᠬᠦᠴᠦᠯᠡᠵᠦ᠍᠂ ᠴᠠᠭᠲᠤᠨᠢ ᠲᠤᠬᠢᠷᠠᠭᠤᠯᠤᠨ ᠬᠦᠴᠦᠯᠡᠬᠦ᠌ ᠬᠡᠷᠡᠭ᠌ᠲᠡᠢ᠃ ᠨᠡᠩ ᠢᠳᠡᠪᠬᠢᠲᠡᠢ ᠡᠳ᠋᠎ᠦᠨ ᠵᠠᠰᠠᠭ᠎ᠤᠨ ᠲᠦᠷᠦ᠍᠎ᠶ᠋ᠢᠨ ᠪᠤᠳᠤᠯᠭ᠎ᠠ ᠪᠣᠯᠤᠨ ᠵᠣᠬᠢᠰᠲᠠᠢ ᠠᠭᠤᠵᠢᠭᠤ ᠵᠣᠭᠣᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢ ᠪᠣᠳᠠᠲᠠᠢ ᠨᠠᠷᠢᠯᠢᠭ ᠨᠠᠢᠳᠠᠪᠤᠷᠢᠵᠢᠭᠤᠯᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭ᠌ᠲᠡᠢ᠃ ᠵᠠᠰᠠᠭ᠎ᠤᠨ ᠣᠷᠳᠣᠨ᠎ᠤ ᠵᠢᠭᠡᠯᠡᠯᠭᠡ᠎ᠶ᠋ᠢᠨ ᠲᠡᠮᠳᠡᠭ᠌ᠲᠦ ᠲᠠᠷᠬᠠᠭᠠᠵᠤ ᠬᠡᠷᠡᠭ᠌ᠯᠡᠬᠦ᠌᠎ᠶ᠋ᠢ ᠲᠦᠷᠭᠡᠳᠭᠡᠵᠦ᠍᠂ ᠪᠡᠯᠡ ᠮᠥᠩᠭᠥ᠎ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ ᠭᠡᠷᠡᠭᠳᠠᠢ᠃ ᠦᠨᠳᠦᠰᠦᠨ ᠱᠠᠲᠤᠨ᠎ᠤ《ᠭᠤᠷᠪᠠ᠎ᠶ᠋ᠢ ᠪᠠᠲᠤᠯᠠᠬᠤ》 ᠬᠣᠷᠢᠭ᠎ᠠ ᠱᠤᠭᠤᠮ᠎ᠢ ᠪᠠᠲᠤ ᠰᠠᠬᠢᠬᠤ ᠭᠡᠷᠡᠭᠳᠠᠢ᠃ ᠵᠣᠭᠣᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠬᠥᠳᠡᠯᠦᠩᠭᠦᠢ ᠴᠢᠨᠠᠷ᠎ᠢᠶᠠᠷ ᠭᠦᠢᠴᠡᠳ ᠪᠠᠢᠬᠤ᠎ᠶ᠋ᠢ ᠪᠠᠲᠤᠯᠠᠵᠤ᠂ ᠨᠡᠢᠭᠡᠮ᠎ᠦᠨ ᠶᠡᠷᠦᠩᠬᠡᠢᠯᠡᠭ᠌ᠰᠡᠨ ᠪᠡᠯᠡ ᠬᠤᠷᠠᠮᠳᠤᠭᠤᠯᠭ᠎ᠠ ᠵᠢᠨ ᠥᠪᠡᠷ᠎ᠦᠨ ᠦᠷᠳᠡᠭ᠎ᠦᠨ ᠪᠠᠭᠤᠷᠠᠯᠲᠠ᠎ᠶ᠋ᠢ ᠠᠬᠢᠭᠤᠯᠬᠤ ᠬᠡᠷᠡᠭ᠌ᠲᠡᠢ᠃ ᠡᠯ᠎ᠡ ᠵᠦᠶ᠋ᠯ᠎ᠦᠨ ᠪᠦᠲᠦᠴᠡ᠎ᠶ᠋ᠢᠨ ᠴᠢᠨᠠᠷᠲᠠᠶ ᠵᠣᠭᠣᠰᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ᠎ᠶ᠋ᠢ ᠰᠠᠢᠲᠤᠷ ᠬᠡᠷᠡᠭ᠌ᠯᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠬᠡᠷᠡᠭ᠌ᠯᠡᠭᠡ ᠵᠢ ᠬᠦᠭᠵᠢᠭᠡᠬᠦ᠂ ᠪᠠᠭ᠎ᠠ ᠵᠢᠵᠢᠭ ᠠᠵᠤ ᠠᠬᠤᠢᠯᠠᠯ᠂ ᠭᠠᠳᠠᠭᠠᠳᠤ ᠠᠷᠠᠯᠵᠢᠶ᠎ᠠ᠎ᠶ᠋ᠢ ᠲᠣᠭ᠍ᠲᠠᠪᠤᠷᠢᠵᠢᠭᠤᠯᠬᠤ ᠵᠡᠷᠭᠡ᠎ᠶ᠋ᠢ ᠬᠦᠴᠦᠯᠡᠨ ᠳᠡᠮᠵᠢᠬᠦ ᠭᠡᠷᠡᠭᠳᠠᠢ᠃ ᠠᠵᠤ ᠠᠬᠤᠶ᠎ᠶ᠋ᠢᠨ ᠲᠣᠮᠣ ᠮᠤᠵᠢ᠎ᠶ᠋ᠢᠨ ᠨᠢᠷᠤᠭᠤ ᠲᠤᠯᠭᠠᠭᠤᠷᠢ ᠵᠢᠨ ᠦᠶ᠋ᠯᠡᠳᠦᠯ᠎ᠢᠶᠡᠨ ᠪᠠᠳᠠᠷᠠᠭᠤᠯᠬᠤ᠎ᠶ᠋ᠢ ᠳᠡᠮᠵᠢᠬᠦ ᠭᠡᠷᠡᠭᠳᠠᠢ᠃ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ᠎ᠶ᠋ᠢᠨ ᠨᠢᠭᠡᠳᠦᠯᠲᠦ ᠴᠢᠨᠠᠷ᠎ᠢ ᠴᠢᠩᠭᠠᠷᠠᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃
ᠬᠤᠷᠠᠯ᠎ᠡᠴᠡ᠂ ᠳᠣᠲᠣᠭᠠᠳᠤ ᠬᠡᠷᠡᠭ᠌ᠴᠡᠭᠡ᠎ᠶ᠋ᠢᠨ ᠲᠠᠯᠳᠠ ᠬᠦᠴᠦᠨ᠎ᠢ ᠪᠦᠲᠦᠮᠵᠢᠲᠡᠢ ᠪᠠᠳᠠᠷᠠᠭᠤᠯᠬᠤ ᠬᠡᠷᠡᠭ᠌ᠲᠡᠢ᠃ ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠢ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠲᠠᠸᠠᠷ᠎ᠤᠨ ᠬᠡᠷᠡᠭ᠌ᠯᠡᠭᠡ᠎ᠶ᠋ᠢ ᠥᠷᠭᠡᠳᠭᠡᠬᠦ᠌᠎ᠶ᠋ᠢᠨ ᠵᠡᠷᠭᠡ ᠪᠡᠷ ᠦᠢᠯᠡᠴᠢᠯᠡᠭᠡᠨ᠎ᠦ ᠬᠡᠷᠡᠭ᠌ᠯᠡᠭᠡ᠎ᠶ᠋ᠢᠨ ᠱᠢᠨ᠎ᠡ ᠨᠡᠮᠡᠭ᠌ᠳᠡᠯ᠎ᠦᠨ ᠴᠡᠭ᠎ᠢ ᠪᠣᠢᠵᠢᠭᠤᠯᠬᠤ ᠭᠡᠷᠡᠭᠳᠠᠢ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠳᠤᠮᠳᠠ ᠬᠡᠷᠡᠭ᠌ᠯᠡᠭᠡᠨ᠎ᠦ ᠬᠡᠷᠡᠭ᠌ᠴᠡᠭᠡ᠎ᠶ᠋ᠢ ᠥᠷᠭᠡᠳᠭᠡᠬᠦ ᠭᠡᠷᠡᠭᠳᠠᠢ᠃《ᠬᠣᠶᠠᠷ ᠴᠢᠬᠤᠯᠠ》 ᠪᠥᠲᠥᠭᠡᠨ ᠪᠠᠢᠭᠤᠯᠤᠯᠲᠠ᠎ᠶ᠋ᠢ ᠴᠢᠨᠠᠷ ᠰᠠᠢᠲᠠᠶ ᠠᠬᠢᠭᠤᠯᠵᠤ᠂ ᠠᠷᠠᠳ᠎ᠤᠨ ᠲᠤᠮᠳᠠᠬᠢ ᠪᠠᠯᠠ ᠣᠷᠣᠭᠤᠯᠤᠯᠲᠠ᠎ᠶ᠋ᠢᠨ ᠠᠮᠢᠵᠢᠷᠠᠯ᠎ᠤᠨ ᠬᠦᠴᠦᠨ ᠢ ᠬᠥᠭ᠌ᠵᠢᠭᠡᠵᠦ᠍᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠬᠦ ᠭᠡᠷᠡᠭᠳᠠᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠡᠷᠡᠰ ᠭᠤᠢᠪᠢᠰᠢ ᠦᠭᠡᠢ᠎ᠪᠡᠷ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠬᠡᠷᠡᠭ᠌ᠲᠡᠢ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠬᠦᠲᠦᠯᠦᠨ ᠳᠠᠭᠠᠭᠤᠯᠬᠤ᠎ᠶ᠋ᠢ ᠪᠠᠷᠢᠮᠲᠠᠯᠠᠵᠤ᠂ ᠳᠡᠯᠡᠬᠡᠢ ᠳᠡᠭᠡᠷ᠎ᠡ ᠦᠷᠢᠰᠦᠯᠳᠦᠬᠦ᠌ ᠬᠦᠴᠦᠨ ᠪᠦᠬᠦᠢ ᠱᠢᠨ᠎ᠡ᠎ᠪᠡᠷ ᠮᠠᠨᠳᠤᠭᠰᠠᠨ ᠲᠤᠯᠭᠠᠭᠤᠷᠢ ᠠᠵᠤ ᠦᠢᠯᠡᠰ᠎ᠢ ᠲᠦᠷᠭᠡᠨ ᠪᠣᠢᠵᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠬᠡᠷᠡᠭᠲᠡᠢ᠃ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠵᠠᠬ᠎ᠠ ᠳᠡᠯᠭᠡᠭᠦᠷ᠎ᠦᠨ ᠥᠷᠢᠰᠥᠯᠳᠦᠭᠡᠨ᠎ᠦ ᠡᠮᠬᠢ ᠵᠢᠷᠤᠮ᠎ᠤᠨ ᠦᠷᠭᠦᠯᠵᠢᠯᠡᠨ ᠱᠢᠯᠢᠳᠡᠭ᠌ᠵᠢᠬᠦ᠌᠎ᠶ᠋ᠢ ᠠᠬᠢᠭᠤᠯᠬᠤ ᠬᠡᠷᠡᠭᠲᠡᠢ᠃ ᠠᠵᠤ ᠠᠬᠤᠢᠯᠠᠯ᠎ᠤᠨ ᠡᠮᠬᠢ ᠵᠢᠷᠤᠮ ᠦᠭᠡᠢ ᠥᠷᠢᠰᠥᠯᠳᠦᠭᠡᠨ᠎ᠢ ᠬᠠᠤᠯᠢ ᠲᠣᠭ᠍ᠲᠠᠭᠠᠯ ᠶᠣᠰᠣᠭᠠᠷ ᠵᠠᠰᠠᠬᠤ ᠬᠡᠷᠡᠭᠲᠡᠢ᠃ ᠭᠣᠣᠯᠳᠠᠯᠭ᠎ᠠ᠎ᠲᠠᠶ ᠠᠵᠢᠯ ᠲᠦᠷᠦᠯ᠎ᠦᠨ ᠦᠢᠯᠡᠳᠪᠦᠷᠢᠯᠡᠬᠦ᠌ ᠴᠢᠳᠠᠪᠤᠷᠢ᠎ᠶ᠋ᠢᠨ ᠵᠠᠰᠠᠯᠲᠠ᠎ᠶ᠋ᠢ ᠠᠬᠢᠭᠤᠯᠬᠤ ᠬᠡᠷᠡᠭᠲᠡᠢ᠃ ᠣᠷᠣᠨ ᠨᠤᠲᠤᠭ᠎ᠤᠨ ᠠᠷᠠᠯᠵᠢᠶᠠᠴᠢᠨ ᠤᠷᠢᠵᠤ ᠪᠡᠯᠡ ᠮᠦᠨᠭᠬᠦ ᠣᠷᠣᠭᠤᠯᠤᠨ ᠠᠪᠴᠢᠷᠠᠬᠤ ᠦᠢᠯᠡ ᠠᠵᠢᠯᠯᠠᠭ᠎ᠠ᠎ᠶ᠋ᠢ ᠵᠢᠷᠤᠮᠵᠢᠭᠤᠯᠬᠤ ᠬᠡᠷᠡᠭᠲᠡᠢ᠃《ᠬᠣᠶᠠᠷ ᠥᠴᠦᠬᠡᠨ ᠴᠦ᠍ ᠭᠤᠢᠪᠢᠰᠢ ᠦᠭᠡᠢ》 ᠶ᠋ᠢ ᠪᠠᠷᠢᠮᠲᠠᠯᠠᠵᠤ᠂ ᠡᠯ᠎ᠡ ᠲᠥᠷᠥᠯ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠮᠢᠳᠤᠯᠢᠭ ᠬᠦᠴᠦᠨ᠎ᠢ ᠬᠥᠭ᠌ᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ᠂ ᠥᠨᠳᠥᠷ ᠲᠦᠪᠱᠢᠨ ᠪᠦᠬᠦᠢ ᠭᠠᠳᠠᠭᠠᠳᠤ ᠨᠡᠬᠡᠬᠡᠯᠳᠡ᠎ᠶ᠋ᠢ ᠥᠷᠭᠡᠳᠭᠡᠵᠦ᠍᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ᠎ᠶ᠋ᠢᠨ ᠦᠨᠳᠦᠰᠦᠨ ᠪᠠᠢᠳᠠᠯ᠎ᠢ ᠲᠣᠭ᠍ᠲᠠᠪᠤᠷᠢᠵᠢᠭᠤᠯᠬᠤ ᠬᠡᠷᠡᠭ᠌ᠲᠡᠢ᠃ ᠨᠡᠯᠢᠶᠡᠳ ᠶᠡᠬᠡ ᠳᠠᠭᠠᠷᠢᠯᠲᠠ᠎ᠳᠤ ᠤᠴᠠᠷᠠᠭ᠍ᠰᠠᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ ᠢ ᠬᠠᠪᠰᠤᠷᠴᠤ᠌᠂ ᠪᠡᠯᠡ ᠬᠤᠷᠠᠮᠳᠤᠭᠤᠯᠭ᠎ᠠ᠎ᠶ᠋ᠢᠨ ᠳᠡᠮᠵᠢᠯᠭᠡ᠎ᠶ᠋ᠢ ᠴᠢᠩᠭᠠᠷᠠᠭᠤᠯᠤᠨ᠂ ᠳᠣᠲᠣᠭᠠᠳᠤ ᠭᠠᠳᠠᠭᠠᠳᠤ ᠠᠷᠠᠯᠵᠢᠶ᠎ᠠ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠬᠤ ᠬᠡᠷᠡᠭᠲᠡᠢ᠃ ᠭᠠᠳᠠᠭᠠᠳᠤ ᠭᠠᠷᠭᠠᠯᠲᠠ᠎ᠶ᠋ᠢᠨ ᠭᠠᠢᠯᠢ᠎ᠶ᠋ᠢ ᠪᠤᠴᠠᠭᠠᠬᠤ ᠲᠦᠷᠦ᠍᠎ᠶ᠋ᠢᠨ ᠪᠤᠳᠤᠯᠭ᠎ᠠ᠎ᠶ᠋ᠢ ᠱᠢᠯᠢᠳᠡᠭ᠌ᠵᠢᠭᠦᠯᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠵᠡᠷᠭᠡ ᠨᠡᠭᠡᠭᠡᠯᠲᠡᠲᠦ ᠲᠠᠪᠴᠠᠩ᠎ᠢ ᠥᠨᠳᠥᠷ ᠲᠦᠪᠱᠢᠨ᠎ᠢᠶᠡᠷ ᠪᠠᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠠᠷᠢᠯᠭᠠᠬᠤ ᠬᠡᠷᠡᠭ᠌ᠲᠡᠢ᠃ ᠲᠥᠪ᠎ᠦᠨ ᠬᠣᠲᠠ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠬᠣᠲᠠ᠎ᠶ᠋ᠢᠨ ᠱᠢᠨᠡᠴᠢᠯᠡᠯᠲᠡ᠎ᠶ᠋ᠢ ᠴᠢᠨᠠᠷ ᠰᠠᠢᠲᠠᠶ ᠥᠷᠨᠢᠭᠦᠯᠬᠦ᠌ ᠬᠡᠷᠡᠭ᠌ᠲᠡᠶ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠦᠷᠢ ᠥᠭ᠌ᠴᠡᠭᠡᠨ᠎ᠦ ᠲᠦᠭ᠌ᠰᠢᠭᠦᠷᠢ᠎ᠶ᠋ᠢ ᠢᠳᠡᠪᠬᠢᠲᠡᠢ ᠪᠥᠭᠡᠳ ᠯᠠᠪᠳᠠᠭᠤᠨ᠎ᠢᠶᠠᠷ ᠠᠷᠢᠯᠭᠠᠵᠤ᠂ ᠲᠠᠯᠳᠠ ᠦᠷᠢ ᠥᠭ᠌ᠴᠡᠭᠡ᠎ᠶ᠋ᠢ ᠱᠢᠨ᠎ᠡ᠎ᠪᠡᠷ ᠨᠡᠮᠡᠭ᠌ᠳᠡᠭᠦᠯᠬᠦ᠌᠎ᠶ᠋ᠢ ᠴᠢᠩᠭ᠎ᠠ ᠴᠠᠭᠠᠵᠠᠯᠠᠵᠤ᠂ ᠣᠷᠣᠨ ᠨᠤᠲᠤᠭ᠎ᠤᠨ ᠪᠡᠯᠡ ᠬᠤᠷᠠᠮᠳᠤᠭᠤᠯᠭ᠎ᠠ᠎ᠶ᠋ᠢᠨ ᠲᠠᠪᠴᠠᠩ᠎ᠤᠨ ᠢᠯᠭᠠᠷᠠᠭᠤᠯᠤᠨ ᠭᠠᠷᠭᠠᠬᠤ᠎ᠶ᠋ᠢ ᠬᠦᠴᠦᠲᠡᠢ ᠡᠮᠬᠢ ᠵᠢᠷᠤᠮ᠎ᠲᠠᠶ ᠪᠦᠲᠦᠮᠵᠢᠲᠡᠢ᠎ᠪᠡᠷ ᠠᠬᠢᠭᠤᠯᠬᠤ ᠬᠡᠷᠡᠭᠲᠡᠢ᠃ ᠤᠯᠤᠰ᠎ᠤᠨ ᠳᠣᠲᠣᠭᠠᠳᠤ᠎ᠶ᠋ᠢᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠲᠠᠲᠠᠬᠤ ᠬᠦᠴᠦᠨ ᠪᠠ ᠪᠠᠭ᠍ᠲᠠᠭᠠᠮᠵᠢᠲᠤ ᠴᠢᠨᠠᠷ᠎ᠢ ᠴᠢᠩᠭᠠᠳᠭᠠᠵᠤ᠂ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠰᠠᠢᠵᠢᠷᠠᠬᠤ ᠬᠠᠨᠳᠤᠰᠢ᠎ᠶ᠋ᠢ ᠪᠡᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ᠃ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠲᠦᠷᠦ᠍᠎ᠶ᠋ᠢᠨ ᠪᠤᠳᠤᠯᠭ᠎ᠠ᠎ᠶ᠋ᠢᠨ ᠤᠳᠤᠷᠢᠳᠤᠮᠵᠢ᠎ᠶ᠋ᠢ ᠲᠤᠪᠤᠢ᠌ᠯᠭᠠᠨ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠴᠡᠷᠢᠭ᠎ᠡᠴᠡ ᠬᠠᠯᠠᠭ᠍ᠳᠠᠭ᠍ᠰᠠᠳ᠂ ᠬᠥᠯᠥᠰᠥᠨ ᠲᠠᠷᠢᠶᠠᠴᠢᠨ ᠵᠡᠷᠭᠡ ᠭᠣᠣᠯᠳᠠᠯᠭ᠎ᠠ᠎ᠲᠠᠶ ᠬᠦᠮᠦᠰ ᠤᠨ ᠠᠵᠢᠯ ᠣᠯᠭᠣᠯᠲᠠ᠎ᠶ᠋ᠢ ᠠᠬᠢᠭᠤᠯᠬᠤ ᠬᠡᠷᠡᠭᠲᠡᠢ᠃ ᠠᠷᠠᠳ᠎ᠲᠤ ᠠᠱᠢᠭ ᠬᠦᠷᠲᠡᠭᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠲᠡᠰ ᠳᠠᠪᠬᠤᠷᠭ᠎ᠠ ᠲᠦᠷᠦᠯ ᠬᠤᠪᠢᠶᠠᠨ ᠨᠡᠢᠭᠡᠮ᠎ᠦᠨ ᠠᠪᠤᠷᠠᠨ ᠲᠤᠰᠠᠯᠠᠬᠤ ᠱᠢᠰᠲ᠋ᠧᠮ᠎ᠢ ᠪᠦᠷᠢᠨᠱᠢᠬᠦᠯᠬᠦ ᠬᠡᠷᠡᠭᠲᠡᠢ᠃《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠰᠠᠭᠤᠷᠢ᠎ᠶ᠋ᠢ ᠪᠡᠬᠢᠵᠢᠭᠦᠯᠵᠦ᠍᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠨ᠎ᠡ ᠬᠠᠩᠰᠢ᠎ᠶ᠋ᠢ ᠵᠣᠬᠢᠰᠲᠠᠢ ᠲᠦᠪᠱᠢᠨ᠎ᠳᠦ ᠪᠠᠢᠯᠭᠠᠬᠤ᠎ᠶ᠋ᠢ ᠠᠬᠢᠭᠤᠯᠬᠤ ᠬᠡᠷᠡᠭᠲᠡᠢ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠬᠡᠪᠴᠢᠶᠡᠵᠢᠯ᠎ᠦᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭᠲᠡᠢ᠃ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠱᠢᠨ᠎ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠪᠣᠯᠤᠨ ᠢᠳᠡᠭᠡᠨ᠎ᠦ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠦᠶᠡᠷ᠎ᠢ ᠰᠡᠷᠭᠡᠢᠯᠡᠬᠦ᠌ ᠪᠠᠴᠢᠮ ᠪᠠᠢᠳᠠᠯ᠎ᠢ ᠠᠷᠭᠠᠴᠠᠭᠠᠬᠤ ᠠᠶᠤᠯ᠎ᠡᠴᠡ ᠠᠪᠤᠷᠠᠬᠤ ᠭᠠᠮᠱᠢᠭ᠎ᠡᠴᠡ ᠠᠪᠤᠷᠠᠬᠤ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠵᠤᠨ᠎ᠤ ᠤᠯᠠᠷᠢᠯ᠎ᠤᠨ ᠴᠠᠬᠢᠯᠭᠠᠨ ᠬᠡᠷᠡᠭᠯᠡᠬᠦ ᠤᠷᠭᠢᠯ ᠬᠤᠭᠤᠴᠠᠭᠠᠨ᠎ᠳᠡᠬᠢ ᠡᠬᠢ ᠪᠠᠶᠠᠯᠢᠭ ᠴᠠᠬᠢᠯᠭᠠᠨ ᠬᠦᠴᠦᠨ᠎ᠦ ᠬᠠᠩᠭᠠᠯᠭ᠎ᠠ᠎ᠶ᠋ᠢ ᠪᠠᠲᠤᠯᠠᠬᠤ ᠬᠡᠷᠡᠭᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠰᠠᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠡᠯ᠎ᠡ ᠲᠠᠯ᠎ᠠ᠎ᠶ᠋ᠢᠨ ᠢᠳᠡᠪᠬᠢᠵᠢᠯ᠎ᠢ ᠭᠦᠢᠴᠡᠳ ᠳᠠᠢᠴᠢᠯᠠᠬᠤ ᠬᠡᠷᠡᠭ᠌ᠲᠡᠢ᠃ ᠤᠳᠤᠷᠢᠳᠭᠤ ᠺᠠᠳ᠋ᠷ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠶᠣᠰᠣᠭᠠᠷ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠠᠵᠤ ᠠᠬᠤᠢᠯᠠᠯᠲᠠᠨ ᠤᠷᠤᠰᠭᠠᠯ᠎ᠤᠨ ᠡᠮᠦᠨ᠎ᠡ ᠭᠠᠪᠱᠢᠭᠠᠢᠯᠠᠵᠤ᠂ ᠴᠢᠨᠠᠷ ᠰᠠᠢᠲᠠᠢ ᠦᠢᠯᠡᠳᠬᠦᠨ ᠪᠠ ᠦᠢᠯᠡᠴᠢᠯᠡᠭᠡ᠎ᠪᠡᠷ ᠵᠠᠬ᠎ᠠ ᠳᠡᠯᠭᠡᠭᠦᠷ᠎ᠦᠨ ᠥᠷᠢᠰᠥᠯᠳᠦᠭᠡᠨ᠎ᠦ ᠰᠠᠨᠠᠭᠠᠴᠢᠯᠠᠭᠠᠲᠤ ᠪᠠᠢᠷᠢ᠎ᠶ᠋ᠢ ᠤᠯᠬᠤ ᠬᠡᠷᠡᠭ᠌ᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠰᠠᠢᠲᠤᠷ ᠬᠡᠷᠡᠭ᠌ᠯᠡᠵᠦ᠍᠂ ᠴᠢᠨᠠᠷ ᠰᠠᠢᠲᠠᠢ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠬᠠᠩᠭᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃