ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠨᠢᠭᠤᠷ   -   ᠲᠡᠷᠢᠭᠦᠨ ᠵᠣᠷᠪᠣᠰ
ᠯᠢ ᠴᠢᠶᠠᠩ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-08-01

    ᠰᠢᠨᠬᠤᠸᠠ ᠬᠣᠷᠢᠶᠠᠨ᠎ᠤ ᠪᠡᠭᠡᠵᠢᠩ᠎ᠦᠨ 7 ᠳ᠋ᠤᠭᠠᠷ ᠰᠠᠷ᠎ᠠ᠎ᠶᠢᠨ 31 ᠎ᠤ ᠡᠳᠦᠷ᠎ᠦᠨ ᠴᠠᠬᠢᠯᠭᠠᠨ ᠮᠡᠳᠡᠭᠡ  ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ 7 ᠳ᠋ᠤᠭᠠᠷ ᠰᠠᠷ᠎ᠠ᠎ᠶᠢᠨ 31 ᠎ᠦ ᠡᠳᠦᠷ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠵᠤ᠂ ᠳᠡᠭᠡᠷ᠎ᠡ ᠬᠠᠭᠠᠰ ᠵᠢᠯ᠎ᠦᠨ ᠠᠵᠤ ᠠᠬᠤᠢ᠎ᠶᠢᠨ ᠪᠠᠢᠳᠠᠯ ᠪᠠ ᠳᠣᠣᠷ᠎ᠠ ᠬᠠᠭᠠᠰ ᠵᠢᠯ᠎ᠦᠨ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ ᠲᠤᠬᠠᠢ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠣᠷᠣᠯᠴᠠᠨ ᠲᠤᠭᠤᠰᠢᠯᠠᠭᠤᠯᠪᠠ᠃ ᠬᠤᠷᠠᠯᠳᠤᠭᠠᠨ᠎ᠢᠶᠠᠷ ᠴᠢᠬᠤᠯᠠᠴᠢᠯᠠᠬᠤ᠎ᠳᠤ᠎ᠪᠠᠨ᠂ ᠠᠵᠤ ᠠᠬᠤᠢ᠎ᠶᠢᠨ ᠪᠠᠢᠳᠠᠯ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠰᠢᠨᠵᠢᠯᠡᠬᠦ ᠤᠬᠠᠭᠠᠨᠴᠢ ᠮᠠᠭᠠᠳᠯᠠᠯᠲᠠ᠎ᠶᠢ ᠭᠦᠨᠵᠡᠭᠡᠢ ᠣᠢᠯᠠᠭᠠᠵᠤ᠂ ᠳᠣᠣᠷ᠎ᠠ ᠬᠠᠭᠠᠰ ᠵᠢᠯ᠎ᠦᠨ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ᠎ᠪᠡᠨ ᠤᠯᠠᠮ ᠨᠢᠭᠡ ᠠᠯᠬᠤᠮ ᠴᠢᠩᠭᠠᠳᠬᠠᠵᠤ᠂ ᠪᠠᠢᠳᠠᠯ᠎ᠢ ᠵᠥᠪ ᠡᠵᠡᠮᠳᠡᠵᠦ᠂ ᠰᠠᠨᠠᠭᠠᠰᠢᠷᠠᠨ ᠵᠣᠪᠠᠨᠢᠬᠤ ᠤᠬᠠᠮᠰᠠᠷ᠎ᠢᠶᠠᠨ ᠴᠢᠩᠭᠠᠳᠬᠠᠵᠤ᠂ ᠬᠣᠷᠢᠭ᠎ᠠ ᠱᠤᠭᠤᠮ᠎ᠤᠨ ᠰᠡᠳᠬᠢᠬᠦᠢ᠎ᠪᠡᠨ ᠪᠠᠷᠢᠮᠲᠠᠯᠠᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠠᠵᠤ ᠠᠬᠤᠢ᠎ᠶᠢᠨ ᠰᠡᠷᠭᠦᠨ ᠰᠠᠢᠵᠢᠷᠠᠬᠤ ᠬᠠᠨᠳᠤᠰᠢ᠎ᠶᠢ ᠪᠡᠬᠢᠵᠢᠭᠦᠯᠦᠨ ᠥᠷᠭᠡᠳᠬᠡᠬᠦ ᠬᠡᠷᠡᠭᠲᠡᠢ᠃ ᠪᠦᠬᠦ ᠵᠢᠯ᠎ᠦᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠲᠣᠭᠲᠠᠭᠠᠵᠤ᠂ ᠬᠣᠷᠸ᠎ᠠ ᠲᠦᠷᠦ᠎ᠶᠢᠨ ᠪᠣᠳᠣᠯᠭ᠎ᠠ᠎ᠶᠢᠨ ᠦᠢᠯᠡᠳᠦᠯ ᠴᠢᠳᠠᠪᠤᠷᠢ᠎ᠶᠢ ᠴᠢᠷᠮᠠᠢᠨ ᠳᠡᠭᠡᠭᠰᠢᠯᠡᠭᠦᠯᠵᠦ᠂ ᠦᠷᠭᠦᠯᠵᠢᠯᠡᠨ ᠪᠣᠭᠣᠮᠲᠠ ᠰᠢᠪᠲᠤᠯᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠨᠡᠩ ᠶᠡᠬᠡ ᠬᠦᠴᠦ ᠣᠷᠣᠭᠤᠯᠵᠤ ᠪᠠᠢᠭᠠᠳ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠢ᠃ ᠠᠵᠤ ᠠᠬᠤᠢ᠎ᠶᠢᠨ ᠬᠥᠭᠵᠢᠯᠲᠡ᠎ᠶᠢᠨ ᠳᠣᠲᠣᠭᠠᠳᠤ ᠬᠥᠳᠡᠯᠭᠡᠭᠴᠢ ᠬᠦᠴᠦᠨ᠎ᠢ ᠬᠥᠭᠵᠢᠭᠡᠬᠦ᠎ᠶᠢ ᠨᠡᠩ ᠴᠢᠬᠤᠯᠠᠴᠢᠯᠠᠵᠤ᠂ ᠭᠣᠣᠯᠳᠠᠯᠭ᠎ᠠ ᠪᠣᠯᠬᠤ ᠬᠦᠷᠢᠶᠡᠨ᠎ᠳᠡᠬᠢ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠪᠠᠶ᠋ᠢᠭᠤᠯᠬᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠡᠷᠭᠡ ᠲᠠᠯ᠎ᠠ᠎ᠪᠠᠷ ᠨᠡᠩ ᠤᠯᠠᠨ ᠦᠷ᠎ᠡ ᠪᠦᠲᠦᠮᠵᠢ ᠣᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠯᠡᠵᠦ᠂ ᠰᠢᠰᠲᠧᠮ᠎ᠦᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠣᠷᠢᠭ᠎ᠠ ᠱᠤᠭᠤᠮ᠎ᠢ ᠪᠠᠲᠤ ᠰᠠᠬᠢᠵᠤ᠂ ᠦᠶᠡᠷ᠎ᠢ ᠰᠡᠷᠭᠡᠢᠯᠡᠨ ᠠᠶᠤᠯ᠎ᠠᠴᠠ ᠠᠪᠤᠷᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠡᠯ᠎ᠡ ᠵᠦᠢᠯ᠎ᠦᠨ ᠠᠷᠭᠠᠴᠠᠭᠠᠬᠤ ᠠᠷᠭ᠎ᠠ ᠬᠡᠮᠵᠢᠶ᠎ᠡ᠎ᠶᠢ ᠨᠡᠩ ᠨᠠᠷᠢᠨ ᠨᠢᠮᠪᠠᠢ ᠨᠠᠢᠳᠠᠪᠤᠷᠢᠵᠢᠭᠤᠯᠵᠤ᠂ ᠠᠷᠠᠳ ᠲᠦᠮᠡᠨ᠎ᠦ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠪᠦᠬᠦ ᠬᠦᠴᠦᠨ᠎ᠢᠶᠡᠷ᠎ᠢᠶᠡᠨ ᠪᠠᠲᠤᠯᠠᠬᠤ ᠬᠡᠷᠡᠭᠲᠡᠢ ᠭᠡᠪᠡ᠃

    ᠬᠤᠷᠠᠯᠳᠤᠭᠠᠨ᠎ᠢᠶᠠᠷ 《 〈ᠵᠣᠬᠢᠶᠠᠮᠠᠯ ᠣᠶᠤᠯᠢᠭ᠋ +〉 ᠠᠵᠢᠯᠯᠠᠭᠠᠨ᠎ᠢ ᠭᠦᠨᠵᠡᠭᠡᠢ ᠬᠡᠷᠡᠭᠵᠢᠭᠦᠯᠬᠦ ᠲᠤᠬᠠᠢ ᠰᠠᠨᠠᠯ》᠎ᠢ ᠬᠢᠨᠠᠨ ᠵᠥᠪᠯᠡᠵᠦ ᠪᠠᠲᠤᠯᠠᠪᠠ᠃ ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠣᠳᠣᠬᠠᠨ᠎ᠳᠤ ᠵᠣᠬᠢᠶᠠᠮᠠᠯ ᠣᠶᠤᠯᠢᠭ᠋᠎ᠤᠨ ᠮᠡᠷᠭᠡᠵᠢᠯ᠎ᠦᠨ ᠣᠷᠣᠯᠠᠯᠲᠠ ᠬᠤᠪᠢᠰᠤᠯᠲᠠ ᠲᠦᠷᠭᠡᠰᠴᠦ᠂ 《ᠵᠣᠬᠢᠶᠠᠮᠠᠯ ᠣᠶᠤᠯᠢᠭ᠋ +》 ᠠᠵᠢᠯᠯᠠᠭᠠᠨ᠎ᠢ ᠭᠦᠨᠵᠡᠭᠡᠢ ᠬᠡᠷᠡᠭᠵᠢᠭᠦᠯᠵᠦ᠂ ᠵᠣᠬᠢᠶᠠᠮᠠᠯ ᠣᠶᠤᠯᠢᠭ᠋᠎ᠤᠨ ᠬᠡᠪᠴᠢᠶᠡᠵᠢᠭᠰᠡᠨ ᠪᠠ ᠬᠤᠳᠠᠯᠳᠤᠭᠠᠴᠢᠯᠠᠭᠰᠠᠨ ᠬᠡᠷᠡᠭᠯᠡᠯᠲᠡ᠎ᠶᠢ ᠶᠡᠬᠡ᠎ᠪᠡᠷ ᠠᠬᠢᠭᠤᠯᠵᠤ᠂ ᠮᠠᠨ᠎ᠤ ᠤᠯᠤᠰ᠎ᠤᠨ ᠠᠵᠤ ᠦᠢᠯᠡᠰ᠎ᠦᠨ ᠲᠣᠭᠲᠠᠯᠴᠠᠭ᠎ᠠ ᠪᠦᠷᠢᠨ ᠲᠡᠭᠦᠯᠳᠡᠷ᠂ ᠵᠠᠬ᠎ᠠ ᠳᠡᠯᠭᠡᠭᠦᠷ᠎ᠦᠨ ᠬᠡᠪᠴᠢᠶᠡᠵᠢᠯ ᠶᠡᠬᠡ᠂ ᠬᠡᠷᠡᠭᠯᠡᠯᠲᠡ᠎ᠶᠢᠨ ᠠᠬᠤᠢ ᠲᠠᠯᠠᠪᠤᠷ ᠪᠠᠶᠠᠯᠢᠭ᠋ ᠵᠡᠷᠭᠡ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠬᠦᠷᠢᠶᠡᠨ᠎ᠳᠦ ᠵᠣᠬᠢᠶᠠᠮᠠᠯ ᠣᠶᠤᠯᠢᠭ᠋᠎ᠤᠨ ᠲᠦᠷᠭᠡᠨ᠎ᠢᠶᠡᠷ ᠲᠦᠭᠡᠮᠡᠯᠵᠢᠬᠦ᠂ ᠭᠦᠨᠵᠡᠭᠡᠢ ᠠᠭᠤᠰᠤᠯᠴᠠᠬᠤ᠎ᠶᠢ ᠠᠬᠢᠭᠤᠯᠵᠤ᠂ ᠰᠢᠨ᠎ᠡ ᠡᠭᠦᠳᠦᠯᠲᠡ᠎ᠪᠡᠷ ᠬᠡᠷᠡᠭᠯᠡᠯᠲᠡ᠎ᠶᠢ ᠳᠠᠢᠴᠢᠯᠠᠬᠤ᠂ ᠬᠡᠷᠡᠭᠯᠡᠯᠲᠡ᠎ᠪᠡᠷ ᠰᠢᠨ᠎ᠡ ᠡᠭᠦᠳᠦᠯᠲᠡ᠎ᠶᠢ ᠠᠬᠢᠭᠤᠯᠬᠤ ᠰᠠᠢᠨ ᠣᠷᠴᠢᠯ᠎ᠢ ᠪᠦᠷᠢᠯᠳᠦᠭᠦᠯᠬᠦ ᠬᠡᠷᠡᠭᠲᠡᠢ᠃ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠠ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠳ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ᠎ᠪᠠᠨ ᠴᠢᠩᠭᠠᠳᠬᠠᠵᠤ᠂ ᠨᠡᠭᠡᠭᠡᠯᠲᠡᠲᠦ ᠠᠬᠤᠢ ᠪᠠᠢᠳᠠᠯ ᠵᠡᠷᠭᠡ᠎ᠪᠡᠷ ᠳᠠᠮᠵᠢᠭᠤᠯᠤᠨ ᠮᠡᠷᠭᠡᠵᠢᠯ᠎ᠦᠨ ᠨᠠᠢᠳᠠᠪᠤᠷᠢᠵᠢᠬᠤ᠎ᠶᠢ ᠳᠡᠮᠵᠢᠬᠦ ᠬᠡᠷᠡᠭᠲᠡᠢ᠃ ᠵᠣᠬᠢᠶᠠᠮᠠᠯ ᠣᠶᠤᠯᠢᠭ᠋᠎ᠤᠨ ᠰᠢᠨ᠎ᠡ ᠡᠭᠦᠳᠦᠯᠲᠡ᠎ᠶᠢᠨ ᠠᠮᠢ ᠠᠬᠤᠢ᠎ᠶᠢ ᠬᠦᠴᠦᠯᠡᠨ ᠰᠢᠯᠢᠳᠡᠭᠵᠢᠭᠦᠯᠵᠦ᠂ ᠪᠤᠳᠤᠬᠤ ᠴᠢᠳᠠᠪᠤᠷᠢ᠂ ᠪᠤᠳᠤᠬᠤ ᠠᠷᠭ᠎ᠠ ᠪᠠ ᠳ᠋ᠠᠢᠲ᠋ᠠ᠎ᠶᠢᠨ ᠬᠠᠩᠭᠠᠯᠭ᠎ᠠ᠎ᠶᠢ ᠴᠢᠩᠭᠠᠳᠬᠠᠵᠤ᠂ ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ᠎ᠶᠢᠨ ᠡᠷᠴᠢᠮ᠎ᠢᠶᠡᠨ ᠴᠢᠩᠭᠠᠷᠠᠭᠤᠯᠵᠤ᠂ ᠴᠢᠳᠠᠪᠤᠷᠢᠲᠠᠨ᠎ᠤ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠵᠤ᠂ ᠨᠡᠭᠡᠭᠡᠯᠲᠡᠲᠦ ᠡᠬᠢ ᠺᠣᠳ᠋᠎ᠤᠨ ᠠᠮᠢ ᠠᠬᠤᠢ᠎ᠶᠢᠨ ᠲᠣᠭᠲᠠᠯᠴᠠᠭ᠎ᠠ᠎ᠶᠢ ᠪᠠᠢᠭᠤᠯᠵᠤ᠂ ᠠᠵᠤ ᠦᠢᠯᠡᠰ᠎ᠦᠨ ᠬᠥᠭᠵᠢᠨ ᠪᠤᠵᠠᠭᠠᠢᠷᠠᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠮᠤᠷ ᠲᠦᠪᠰᠢᠨ᠎ᠢ ᠪᠠᠲᠤᠯᠠᠬᠤ ᠴᠢᠳᠠᠪᠤᠷᠢ᠎ᠶᠢᠨ ᠬᠢᠷᠢ ᠲᠦᠪᠰᠢᠨ᠎ᠢᠶᠡᠨ ᠳᠡᠭᠡᠭᠰᠢᠯᠡᠭᠦᠯᠵᠦ᠂ ᠬᠥᠳᠡᠯᠦᠩᠭᠦᠢ ᠱᠠᠯᠠᠮᠠᠭᠠᠢ᠂ ᠤᠯᠠᠨ ᠡᠰᠢᠴᠢᠯᠡᠨ ᠬᠠᠮᠵᠢᠯᠴᠠᠭᠰᠠᠨ ᠵᠣᠬᠢᠶᠠᠮᠠᠯ ᠣᠶᠤᠯᠢᠭ᠋ ᠵᠠᠰᠠᠯᠲᠠ᠎ᠶᠢᠨ ᠲᠥᠯᠥᠪ ᠪᠠᠢᠳᠠᠯ᠎ᠢ ᠲᠦᠷᠭᠡᠬᠡᠨ ᠪᠦᠷᠢᠯᠳᠦᠭᠦᠯᠬᠦ ᠬᠡᠷᠡᠭᠲᠡᠢ ᠭᠡᠪᠡ᠃

    ᠬᠤᠷᠠᠯᠳᠤᠭᠠᠨ᠎ᠢᠶᠠᠷ ᠬᠤᠪᠢ ᠬᠥᠮᠥᠨ᠎ᠦ ᠬᠡᠷᠡᠭᠯᠡᠭᠡ᠎ᠶᠢᠨ ᠵᠢᠭᠡᠯᠡᠯᠭᠡ᠎ᠶᠢᠨ ᠳᠠᠮ ᠬᠦᠦ᠎ᠶᠢᠨ ᠳᠦᠷᠦ᠎ᠶᠢᠨ ᠪᠣᠳᠣᠯᠭ᠎ᠠ ᠪᠠ ᠦᠢᠯᠡᠴᠢᠯᠡᠭᠡᠨ᠎ᠦ ᠦᠢᠯᠡᠰ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠵᠢᠭᠡᠯᠡᠯᠭᠡ᠎ᠶᠢᠨ ᠳᠠᠮ ᠬᠦᠦ᠎ᠶᠢᠨ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠬᠦ᠎ᠶᠢ ᠪᠠᠢᠷᠢᠯᠠᠭᠤᠯᠪᠠ᠃ ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠬᠤᠪᠢ ᠬᠥᠮᠥᠨ᠎ᠦ ᠬᠡᠷᠡᠭᠯᠡᠭᠡ᠎ᠶᠢᠨ ᠵᠢᠭᠡᠯᠡᠯᠭᠡ ᠪᠠ ᠦᠢᠯᠡᠴᠢᠯᠡᠭᠡᠨ᠎ᠦ ᠦᠢᠯᠡᠰ᠎ᠦᠨ ᠡᠵᠡᠩᠨᠡᠯᠲᠡ᠎ᠶᠢᠨ ᠭᠣᠣᠯ ᠴᠣᠭᠴᠠ᠎ᠳᠤ ᠳᠠᠮ ᠬᠦᠦ ᠲᠡᠢ ᠵᠢᠭᠡᠯᠡᠯᠭᠡ ᠥᠭᠬᠦ ᠨᠢ ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠬᠣᠯᠪᠤᠭᠠᠯᠠᠨ ᠬᠥᠳᠡᠯᠦᠯᠴᠡᠬᠦ ᠠᠷᠭ᠎ᠠ ᠬᠡᠯᠪᠡᠷᠢ᠎ᠪᠡᠷ ᠰᠠᠭᠤᠭᠠᠯᠢ ᠠᠷᠠᠳ᠎ᠤᠨ ᠢᠲᠡᠭᠡᠮᠵᠢᠲᠦ ᠵᠢᠭᠡᠯᠡᠯᠭᠡ᠎ᠶᠢᠨ ᠥᠪᠡᠷ᠎ᠦᠨ ᠦᠷᠲᠡᠭ ᠪᠠ ᠦᠢᠯᠡᠴᠢᠯᠡᠭᠡᠨ᠎ᠦ ᠦᠢᠯᠡᠰ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠪᠡᠯᠡ ᠲᠣᠬᠢᠷᠠᠭᠤᠯᠬᠤ ᠥᠪᠡᠷ᠎ᠦᠨ ᠦᠷᠲᠡᠭ᠎ᠢ ᠨᠢ ᠪᠠᠭᠤᠷᠠᠭᠤᠯᠵᠤ᠂ ᠬᠡᠷᠡᠭᠯᠡᠭᠡ᠎ᠶᠢᠨ ᠳᠠᠯᠳᠠ ᠬᠦᠴᠦᠨ᠎ᠢ ᠨᠡᠩ ᠰᠠᠢᠲᠤᠷ ᠬᠥᠭᠵᠢᠭᠡᠵᠦ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠳᠡᠭᠡᠭᠰᠢᠯᠡᠭᠦᠯᠬᠦ᠎ᠳᠦ ᠠᠰᠢᠭ᠍ᠲᠠᠢ᠃ ᠳᠠᠮ ᠬᠦᠦ᠎ᠶᠢᠨ ᠲᠥᠷᠥ᠎ᠶᠢᠨ ᠪᠣᠳᠣᠯᠭ᠎ᠠ᠎ᠶᠢ ᠵᠣᠬᠢᠶᠠᠨ ᠪᠠᠢᠭᠤᠯᠤᠨ ᠬᠡᠷᠡᠭᠵᠢᠭᠦᠯᠬᠦ᠎ᠶᠢ ᠰᠠᠢᠲᠤᠷ ᠠᠳᠬᠤᠵᠤ᠂ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠶᠢ ᠴᠢᠩᠭᠠᠳᠬᠠᠨ᠂ ᠭᠦᠢᠴᠡᠳᠬᠡᠬᠦ ᠭᠠᠷᠳᠠᠮ᠎ᠢ ᠳᠥᠭᠥᠮᠴᠢᠯᠡᠵᠦ᠂ ᠲᠥᠷᠥ᠎ᠶᠢᠨ ᠪᠣᠳᠣᠯᠭ᠎ᠠ᠎ᠶᠢ ᠲᠦᠷᠭᠡᠬᠡᠨ ᠨᠠᠢᠳᠠᠪᠤᠷᠢᠵᠢᠭᠤᠯᠬᠤ᠎ᠶᠢ ᠠᠬᠢᠭᠤᠯᠬᠤ᠎ᠶᠢᠨ ᠬᠠᠮᠲᠤ ᠴᠢᠩᠭ᠎ᠠ ᠬᠢᠨᠠᠨ ᠬᠠᠮᠢᠶᠠᠷᠴᠤ ᠪᠠᠢᠭᠠᠳ ᠪᠡᠯᠡ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠠᠰᠢᠭ᠋᠎ᠢ ᠳᠡᠭᠡᠭᠰᠢᠯᠡᠭᠦᠯᠵᠦ᠂ ᠡᠳ᠋᠎ᠦᠨ ᠵᠠᠰᠠᠭ᠎ᠤᠨ ᠪᠡᠯᠡ ᠮᠥᠩᠭᠥ᠎ᠶᠢ ᠰᠠᠢᠲᠤᠷ ᠬᠡᠷᠡᠭᠯᠡᠵᠦ ᠪᠣᠳᠠᠲᠠᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ  ᠭᠡᠪᠡ᠃

    ᠬᠤᠷᠠᠯᠳᠤᠭᠠᠨ᠎ᠢᠶᠠᠷ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠷᠢᠶᠠᠨ ᠭᠠᠵᠠᠷ᠎ᠢ ᠬᠠᠮᠠᠭᠠᠯᠠᠬᠤ ᠵᠢᠴᠢ ᠴᠢᠨᠠᠷ ᠴᠢᠨᠰᠠᠭ᠎ᠠ᠎ᠶᠢ ᠨᠢ ᠳᠡᠭᠡᠭᠰᠢᠯᠡᠭᠦᠯᠬᠦ ᠬᠠᠤᠯᠢ (ᠡᠬᠡ ᠲᠥᠰᠥᠯ) 》᠎ᠶᠢ ᠶᠠᠷᠢᠯᠴᠠᠵᠤ ᠵᠠᠷᠴᠢᠮ ᠳᠡᠭᠡᠷ᠎ᠡ᠎ᠪᠡᠨ ᠪᠠᠲᠤᠯᠠᠵᠤ᠂ ᠡᠬᠡ ᠲᠥᠰᠥᠯ᠎ᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠡᠷ ᠲᠣᠭᠲᠠᠪᠠ᠃ ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠲᠠᠷᠢᠶᠠᠨ ᠭᠠᠵᠠᠷ᠎ᠢ ᠬᠠᠤᠯᠢ ᠶᠣᠰᠣᠭᠠᠷ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ᠎ᠪᠡᠨ ᠦᠨᠡᠨ ᠬᠦ᠌ ᠴᠢᠩᠭᠠᠳᠬᠠᠵᠤ᠂ ᠡᠯ᠎ᠡ ᠵᠦᠢᠯ᠎ᠦᠨ ᠲᠣᠭᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ᠂ ᠴᠢᠨᠠᠷ ᠴᠢᠨᠰᠠᠭ᠎ᠠ ᠪᠠ ᠠᠮᠢ ᠠᠬᠤᠢ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ᠎ᠶᠢ ᠪᠠᠷᠢᠮᠲᠠᠯᠠᠵᠤ᠂ ᠶᠡᠷᠦᠩᠬᠡᠢᠯᠡᠭᠰᠡᠨ ᠠᠷᠭ᠎ᠠ ᠪᠣᠳᠣᠯᠭ᠎ᠠ᠎ᠶᠢ ᠬᠡᠷᠡᠭᠵᠢᠭᠦᠯᠵᠦ ᠪᠠᠢᠭᠠᠳ ᠲᠠᠷᠢᠶᠠᠨ ᠭᠠᠵᠠᠷ᠎ᠤᠨ ᠠᠮᠢ ᠠᠬᠤᠢ᠎ᠶᠢᠨ ᠴᠢᠳᠠᠪᠬᠢ᠎ᠶᠢ ᠨᠢ ᠦᠷᠭᠦᠯᠵᠢᠯᠡᠨ ᠰᠡᠷᠭᠦᠭᠡᠬᠦ ᠪᠠ ᠳᠡᠭᠡᠭᠰᠢᠯᠡᠭᠦᠯᠵᠦ᠂ ᠡᠭᠦᠷᠢᠳᠡ ᠠᠰᠢᠭᠯᠠᠵᠤ ᠪᠣᠯᠬᠤ᠎ᠶᠢ ᠪᠠᠲᠤᠯᠠᠬᠤ ᠬᠡᠷᠡᠭᠲᠡᠢ ᠭᠡᠪᠡ᠃

    ᠬᠤᠷᠠᠯᠳᠤᠭᠠᠨ᠎ᠢᠶᠠᠷ ᠪᠠᠰᠠ ᠪᠤᠰᠤᠳ ᠵᠦᠢᠯᠡᠰ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
 
            