ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠨᠢᠭᠤᠷ   -   ᠲᠡᠷᠢᠭᠦᠨ ᠵᠣᠷᠪᠣᠰ
ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 60 ᠵᠢᠯ᠎ᠦᠨ ᠣᠢ᠎ᠶ᠋ᠢ ᠪᠡᠯᠭᠡᠯᠡᠬᠦ᠌ ᠶᠡᠬᠡ ᠬᠤᠷᠠᠯ ᠦᠪᠡᠳᠡᠭ᠌ᠰᠢ ᠶᠡᠬᠡ᠎ᠪᠡᠷ ᠶᠠᠪᠤᠭᠳᠠᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ ᠪᠦᠬᠦ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠳᠦᠷᠤ᠎ᠶ᠋ᠢᠨ ᠶᠠᠪᠤᠳᠠᠯ᠎ᠤᠨ ᠬᠣᠷᠢᠢ᠎ᠠ ᠪᠦᠬᠦ ᠤᠯᠤᠰ᠎ᠤᠨ ᠤᠯᠤᠰ ᠲᠦᠷᠦ᠎ᠶᠢᠨ ᠵᠦᠪᠯᠡᠯᠬᠡᠨ ᠲᠥᠪ᠎ᠦᠨ ᠴᠡᠷᠢᠭ᠎ᠤᠨ ᠶᠠᠪᠤᠳᠠᠯ᠎ᠤᠨ ᠬᠣᠷᠢᠢ᠎ᠠ ᠴᠠᠬᠢᠯᠭᠠᠨ ᠴᠢᠮᠡᠭᠡ ᠢᠯᠡᠭᠡᠵᠦ᠍ ᠪᠠᠶᠠᠷ ᠬᠦᠷᠭᠡᠪᠡ ᠰᠢ ᠵᠢᠨ ᠫᠢᠩ ᠶᠡᠬᠡ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2025-08-22

ᠸᠠᠩ ᠬᠣ᠌ ᠨᠢᠩ ᠤᠷᠤᠯᠴᠠᠭᠰᠠᠨ ᠪᠦᠭᠡᠳ ᠶᠡᠷᠢᠶ᠎ᠡ ᠲᠠᠯᠪᠢᠪᠠ

ᠼᠠᠢ ᠴᠢ ᠤᠷᠤᠯᠴᠠᠪᠠ

ᠵᠢᠷᠠᠨ ᠵᠢᠯ᠎ᠤᠨ ᠬᠠᠳᠠᠭᠤᠵᠢᠯᠳᠠᠢ ᠲᠡᠮᠡᠴᠡᠯ ᠰᠠᠯᠬᠢ ᠪᠣᠷᠣᠭᠠᠨ᠎ᠢ ᠲᠤᠭᠤᠯᠵᠤ᠂ ᠵᠢᠷᠠᠨ ᠵᠢᠯ᠎ᠦᠨ ᠲᠤᠷᠰᠢ ᠴᠠᠰᠤᠲᠤ᠎ᠦᠨᠳᠦᠷᠯᠢᠭ᠎ᠲᠦ ᠯᠤᠳᠤ ᠶᠡᠬᠡ ᠬᠤᠪᠢᠷᠠᠯᠲᠠ ᠭᠠᠷᠴᠠᠢ᠃ 21 ᠤ᠋ ᠦᠳᠡ᠎ᠶ᠋ᠢᠨ ᠡᠮᠦᠨ᠎ᠡ᠂ ᠲᠥᠪᠡᠳ᠎ᠦᠨ ᠦᠨᠳᠦᠰᠦᠲᠡᠨ ᠨᠤᠬᠦᠳ᠎ᠤᠨ ᠡᠯ᠎ᠡ ᠡᠲᠡᠭᠡᠳ᠎ᠦᠨ ᠺᠠᠳ᠋ᠷ ᠣᠯᠠᠨ ᠲᠦᠮᠡᠨ ᠪᠠᠷᠤᠭ 2 ᠲᠦᠮᠡᠨ ᠬᠥᠮᠦᠨ ᡀᠠᠰᠠ ᠬᠣᠲᠠ᠎ᠶ᠋ᠢᠨ ᠪᠣᠳᠠᠯᠠ ᠣᠷᠳᠣᠨ ᠠᠭᠤᠳᠠᠮ ᠲᠠᠯᠠᠪᠠᠶ᠎ᠳᠤ ᠴᠤᠭ᠍ᠯᠠᠷᠠᠵᠤ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 60 ᠵᠢᠯ᠎ᠦᠨ ᠣᠶ᠎ᠶ᠋ᠢ ᠬᠠᠯᠠᠭᠤᠨ᠎ᠢᠶᠠᠷ ᠪᠡᠯᠭᠡᠯᠡᠪᠡ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠪᠡᠯᠭᠡᠯᠡᠬᠦ᠌ ᠶᠡᠬᠡ ᠬᠤᠷᠠᠯ᠎ᠳᠤ ᠣᠷᠣᠯᠴᠠᠪᠠ᠃

8 ᠰᠠᠷ᠎ᠠ᠎ᠶ᠋ᠢᠨ 21 ᠤ᠋ ᠦᠳᠡ᠎ᠶ᠋ᠢᠨ ᠡᠮᠦᠨ᠎ᠡ᠂ ᠲᠥᠪᠡᠳ᠎ᠦᠨ ᠦᠨᠳᠦᠰᠦᠲᠡᠨ ᠨᠤᠬᠦᠳ᠎ᠤᠨ ᠡᠯ᠎ᠡ ᠡᠲᠡᠭᠡᠳ᠎ᠦᠨ ᠺᠠᠳ᠋ᠷ ᠣᠯᠠᠨ ᠲᠦᠮᠡᠨ ᠪᠠᠷᠤᠭ 2 ᠲᠦᠮᠡᠨ ᠬᠥᠮᠦᠨ ᡀᠠᠰᠠ ᠬᠣᠲᠠ᠎ᠶ᠋ᠢᠨ ᠪᠣᠳᠠᠯᠠ ᠣᠷᠳᠣᠨ ᠠᠭᠤᠳᠠᠮ ᠲᠠᠯᠠᠪᠠᠶ᠎ᠳᠤ ᠴᠤᠭ᠍ᠯᠠᠷᠠᠵᠤ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 60 ᠵᠢᠯ᠎ᠦᠨ ᠣᠶ᠎ᠶ᠋ᠢ ᠬᠠᠯᠠᠭᠤᠨ᠎ᠢᠶᠠᠷ ᠪᠡᠯᠭᠡᠯᠡᠪᠡ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠪᠡᠯᠭᠡᠯᠡᠬᠦ᠌ ᠶᠡᠬᠡ ᠬᠤᠷᠠᠯ᠎ᠳᠤ ᠣᠷᠣᠯᠴᠠᠪᠠ᠃

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ

ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ᠂ ᠲᠥᠪ᠎ᠦᠨ ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ ᠸᠠᠩ ᠬᠣ᠌ ᠨᠢᠩ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠨᠠᠮ᠎ᠤᠨ ᠲᠥᠪ ᠬᠤᠷᠢᠶ᠎ᠠ᠎ᠶᠢᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ ᠣᠷᠣᠯᠴᠠᠪᠠ᠃

8 ᠰᠠᠷ᠎ᠠ᠎ᠶ᠋ᠢᠨ 21 ᠤ᠋ ᠦᠳᠡ᠎ᠶ᠋ᠢᠨ ᠡᠮᠦᠨ᠎ᠡ᠂ ᠲᠥᠪᠡᠳ᠎ᠦᠨ ᠦᠨᠳᠦᠰᠦᠲᠡᠨ ᠨᠤᠬᠦᠳ᠎ᠤᠨ ᠡᠯ᠎ᠡ ᠡᠲᠡᠭᠡᠳ᠎ᠦᠨ ᠺᠠᠳ᠋ᠷ ᠣᠯᠠᠨ ᠲᠦᠮᠡᠨ ᠪᠠᠷᠤᠭ 2 ᠲᠦᠮᠡᠨ ᠬᠥᠮᠦᠨ ᡀᠠᠰᠠ ᠬᠣᠲᠠ᠎ᠶ᠋ᠢᠨ ᠪᠣᠳᠠᠯᠠ ᠣᠷᠳᠣᠨ ᠠᠭᠤᠳᠠᠮ ᠲᠠᠯᠠᠪᠠᠶ᠎ᠳᠤ ᠴᠤᠭ᠍ᠯᠠᠷᠠᠵᠤ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 60 ᠵᠢᠯ᠎ᠦᠨ ᠣᠶ᠎ᠶ᠋ᠢ ᠬᠠᠯᠠᠭᠤᠨ᠎ᠢᠶᠠᠷ ᠪᠡᠯᠭᠡᠯᠡᠪᠡ᠃ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠪᠡᠯᠭᠡᠯᠡᠬᠦ᠌ ᠶᠡᠬᠡ ᠬᠤᠷᠠᠯ᠎ᠳᠤ ᠣᠷᠣᠯᠴᠠᠪᠠ᠃

ᠸᠠᠩ ᠬᠣ᠌ ᠨᠢᠩ᠂ ᠼᠠᠢ ᠴᠢ ᠶᠡᠭᠡ ᠬᠤᠷᠠᠯ᠎ᠳᠤ  ᠣᠷᠣᠯᠴᠠᠪᠠ᠃

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ  ᠶᠢᠨ ᠪᠦᠸᠸ ᠭᠦ ᠰᠡᠭᠦᠳᠡᠷᠯᠡᠪᠡ

ᠡᠷᠲᠡᠨ᠎ᠦ ᠬᠣᠲᠠ ᡀᠠᠰᠠ᠎ᠳᠤ ᠥᠩᠭᠡᠲᠦ ᠲᠤᠭ ᠨᠠᠮᠢᠷᠠᠵᠤ᠂ ᠭᠠᠵᠠᠷ ᠪᠣᠯᠭᠠᠨ᠎ᠳᠤ ᠪᠠᠶᠠᠷ᠎ᠤᠨ ᠡᠳᠦᠷ᠎ᠦᠨ ᠠᠭᠤᠷ ᠠᠮᠢᠰᠭᠤᠯ᠎ᠢᠶᠠᠷ ᠪᠢᠯᠬᠠᠨ᠎ᠠ᠃ ᠰᠦᠷᠯᠢᠭ ᠰᠠᠢᠬᠠᠨ ᠪᠣᠳᠠᠯᠠ ᠣᠷᠳᠣᠨ᠎ᠤ ᠳᠤᠤᠷ᠎ᠠ᠂ ᠲᠥᠪᠡᠳ ᠬᠡᠪ ᠨᠠᠮᠪᠠ ᠲᠠᠢ  ᠶᠡᠬᠡ ᠬᠤᠷᠠᠯ᠎ᠤᠨ ᠲᠡᠷᠢᠭᠦᠯᠡᠭ᠌ᠴᠢ᠎ᠶ᠋ᠢᠨ ᠲᠠᠢᠰᠠ ᠪᠠᠢᠭᠤᠯᠵᠠᠢ᠃ ᠲᠡᠷᠢᠭᠦᠯᠡᠭ᠌ᠴᠢ᠎ᠶ᠋ᠢᠨ ᠲᠠᠢᠰᠠᠨ᠎ᠤ ᠳᠡᠭᠡᠷ᠎ᠡ ᠲᠠᠯ᠎ᠠ᠎ᠳᠡᠬᠢ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠳᠡ ᠪᠣᠯᠤᠨ 《ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 60 ᠵᠢᠯ᠎ᠦᠨ ᠣᠶ᠎ᠶ᠋ᠢ ᠪᠡᠯᠭᠡᠯᠡᠬᠦ᠌ ᠶᠡᠬᠡ ᠬᠤᠷᠠᠯ》 ᠭᠡᠬᠦ᠌ ᠬᠥᠨᠳᠡᠯᠡᠨ ᠪᠢᠴᠢᠭᠡᠰᠦ ᠢᠯᠡᠬᠡᠨ ᠬᠠᠷᠠᠭ᠍ᠳᠠᠵᠤ᠂ ᠠᠷᠤ ᠦᠵᠡᠭ᠌ᠳᠡᠯ᠎ᠦᠨ ᠬᠡᠷᠡᠮ ᠳᠡᠭᠡᠷ᠎ᠡ ᠦᠪᠡᠳᠡᠭ᠌ᠰᠢ ᠶᠡᠬᠡ ᠪᠠᠶᠠᠷ᠎ᠤᠨ ᠬᠤᠷᠠᠯ᠎ᠤᠨ ᠰᠦᠯᠳᠡ ᠪᠣᠯᠤᠨ 《1965》᠂ 《2025》 ᠭᠡᠬᠦ᠌ ᠥᠰᠥᠭ᠎ᠢ ᠡᠯᠭᠦᠵᠦ᠍᠂ 10 ᠤᠯᠠᠭᠠᠨ ᠲᠣᠭ᠎ᠢ ᠬᠣᠶᠠᠷ ᠭᠠᠷᠯᠠᠨ ᠵᠢᠭ᠍ᠰᠠᠭᠠᠵᠠᠶ᠃ ᠲᠡᠷᠢᠭᠦᠯᠡᠭ᠌ᠴᠢᠳ᠎ᠦᠨ ᠲᠠᠢᠰᠠᠨ᠎ᠤ ᠡᠰᠡᠷᠭᠦ᠌ ᠲᠠᠯ᠎ᠠ᠎ᠶ᠋ᠢᠨ ᠪᠤᠳᠠᠯᠠ ᠣᠷᠳᠣᠨ ᠠᠭᠤᠳᠠᠮ ᠲᠠᠯᠠᠪᠠᠢ᠎ᠳᠤ᠂ ᠪᠠᠶᠠᠷ᠎ᠤᠨ ᠡᠳᠦᠷ᠎ᠦᠨ ᠬᠤᠪᠴᠠᠰᠤ ᠵᠠᠰᠠᠯ᠎ᠢᠶᠠᠷ᠎ᠢᠶᠠᠨ ᠭᠣᠶᠣᠯᠠᠭ᠍ᠰᠠᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠲᠦᠷᠪᠡᠨ ᠵᠦᠭ ᠨᠠᠢ᠍ᠮᠠᠨ ᠵᠣᠪᠬᠢᠰ᠎ᠡᠴᠡ ᠡᠨᠳᠡ ᠬᠤᠷᠠᠨ ᠴᠤᠭ᠍ᠯᠠᠷᠠᠵᠤ᠂ ᠭᠠᠷ᠎ᠲᠠᠭᠠᠨ ᠤᠯᠠᠭᠠᠨ ᠲᠤᠭ ᠬᠤᠷᠤᠢᠯᠠᠵᠤ᠂  ᠬᠦᠮᠦᠨ᠎ᠤ ᠲᠠᠯᠠᠢ ᠪᠤᠯᠵᠤ ᠪᠠᠶᠠᠷ ᠵᠢᠷᠭᠠᠯ᠎ᠢᠶᠡᠷ ᠴᠠᠯᠬᠢᠯᠠᠨ᠎ᠠ᠃

ᠦᠳᠡ᠎ᠶ᠋ᠢᠨ ᠡᠮᠦᠨᠡᠬᠢ 10 ᠴᠠᠭ᠎ᠤᠨ ᠦᠶ᠎ᠡ᠎ᠪᠡᠷ᠂ ᠪᠠᠶᠠᠰᠭᠤᠯᠠᠩᠲᠤ ᠰᠠᠢᠬᠠᠨ ᠬᠥᠭ᠌ᠵᠢᠮ᠎ᠦᠨ ᠠᠶᠠᠰ ᠳᠤᠮᠳᠠ᠂

ᠰᠢ ᠵᠢᠨ ᠫᠢᠩ ᠵᠡᠷᠭᠡ ᠤᠳᠤᠷᠢᠳᠭᠤ ᠨᠥᠬᠥᠳ ᠲᠡᠷᠢᠭᠦᠯᠡᠭ᠌ᠴᠢ᠎ᠶ᠋ᠢᠨ ᠲᠠᠢᠰᠠᠨ᠎ᠳᠤ ᠠᠯᠬᠤᠨ ᠭᠠᠷᠴᠤ᠌ ᠢᠷᠡᠬᠦ᠌ ᠦᠶ᠎ᠠ᠎ᠳᠦ᠂ ᠲᠠᠯᠠᠪᠠᠢ ᠳᠠᠶᠠᠭᠠᠷ ᠤᠳᠠᠲᠠᠯ᠎ᠠ ᠨᠢᠵᠢᠭᠢᠨᠡᠲᠡᠯ᠎ᠡ ᠠᠯᠠᠭ᠎ᠠ ᠲᠠᠱᠢᠵᠠᠭᠠᠪᠠ᠃

ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠭᠠᠷᠠᠮᠽᠠᠪᠳᠠᠨ ᠶᠡᠬᠡ ᠬᠤᠷᠠᠯ ᠡᠬᠢᠯᠡᠭ᠌ᠰᠡᠨ᠎ᠢ ᠵᠠᠷᠯᠠᠪᠠ᠃ ᠲᠠᠯᠠᠪᠠᠢ ᠳᠠᠶᠠᠭᠠᠷ᠎ᠢᠶᠠᠨ ᠪᠣᠰᠴᠤ᠌ ᠵᠣᠭ᠍ᠰᠣᠨ᠂ ᠤᠯᠤᠰ᠎ᠤᠨ ᠰᠦᠯᠳᠡ ᠳᠠᠭᠤᠤ᠎ᠶ᠋ᠢ ᠬᠠᠩᠭᠢᠨᠠᠲᠠᠯ᠎ᠠ ᠳᠠᠭᠤᠯᠠᠵᠤ᠂ ᠭᠠᠯ ᠤᠯᠠᠭᠠᠨ ᠲᠠᠪᠤᠨ ᠣᠳᠣᠲᠤ ᠤᠯᠠᠭᠠᠨ ᠲᠤᠭ ᠪᠤᠳᠠᠯᠠ ᠣᠷᠳᠣᠨ ᠠᠭᠤᠳᠠᠮ ᠲᠠᠯᠠᠪᠠᠢ ᠳ᠋ᠤ  ᠠᠯᠭᠤᠷᠬᠠᠨ ᠮᠠᠨᠳᠤᠪᠠ᠃

ᠳᠣᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ᠎ᠶᠢᠨ ᠤᠯᠤᠰ ᠲᠦᠷᠦ ᠵᠢᠠ ᠲᠣᠪᠴᠢᠶ᠎ᠡ᠎ᠶᠢᠨ ᠭᠡᠰᠢᠭᠦᠨ᠂ ᠲᠦᠷᠦ ᠵᠢᠠ ᠶᠠᠪᠤᠳᠠᠯ᠎ᠤᠨ ᠬᠣᠷᠢᠶ᠎ᠡ᠎ᠶᠢᠨ ᠳᠡᠳ᠋ ᠶᠡᠷᠦᠩᠬᠡᠢ ᠰᠠᠢᠳ᠂ ᠲᠥᠪ᠎ᠦᠨ ᠲᠥᠯᠥᠭᠡᠯᠡᠭᠴᠢᠳ᠎ᠦᠨ ᠪᠦᠯᠬᠦᠮ᠎ᠦᠨ ᠳᠡᠳ᠋ ᠳᠠᠷᠤᠭ᠎ᠠ ᠵᠠᠩ ᠭᠦᠸᠧ ᠴᠢᠩ ᠳᠣᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠠ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠨᠭᠭᠤ᠎ᠶᠢᠨ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠤᠷᠢᠶ᠎ᠠ᠂ ᠪᠦᠬᠦ ᠤᠯᠤᠰ᠎ᠤᠨ ᠤᠯᠤᠰ ᠲᠦᠷᠦ᠎ᠶᠢᠨ ᠵᠦᠪᠯᠡᠯᠭᠡᠨ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ᠎ᠶᠢᠨ ᠲᠦᠪᠡᠳ᠎ᠤᠨ ᠦᠪᠡᠷᠲᠡᠭᠡᠨ ᠵᠠᠰᠠᠬᠤ ᠤᠷᠤᠨ ᠪᠠᠢᠭᠤᠯᠤᠭᠳᠠᠭᠰᠠᠨ 60 ᠵᠢᠯ᠎ᠤᠨ ᠤᠢ᠎ᠶᠢ ᠪᠡᠯᠬᠡᠯᠡᠬᠦ ᠲᠤᠬᠠᠢ ᠪᠡᠶᠠᠷ᠎ᠤᠨ ᠴᠠᠬᠢᠯᠭᠠᠨ ᠮᠡᠳᠡᠬᠡ᠎ᠵᠢ ᠤᠨᠭᠰᠢᠨ ᠨᠡᠢᠲᠡᠯᠡᠪᠡ (ᠪᠦᠬᠦ ᠠᠭᠤᠯᠭ᠎ᠠ᠎ᠶᠢ ᠠᠰ ᠲᠤᠨᠢ ᠨᠡᠢᠲᠡᠯᠡᠪᠠ)᠃

ᠸᠠᠩ ᠬ᠍ᠤ ᠨᠢᠩ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠳᠤ ᠰᠢ ᠵᠢᠨ ᠫᠢᠩ᠎ᠤᠨ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢ ᠬᠠᠮᠲᠤ ᠪᠠᠷ ᠪᠠᠢᠭᠤᠯᠵᠤ ᠦᠵᠡᠰᠬᠦᠯᠡᠩᠲᠦ ᠰᠠᠢᠬᠠᠨ ᠲᠥᠪᠡᠳ᠎ᠦᠨ ᠰᠢᠨ᠎ᠡ ᠬᠠᠭᠤᠳᠠᠰᠤ᠎ᠶᠢ ᠪᠢᠴᠢᠭᠯᠡᠶ᠎ᠡ》 ᠭᠡᠬᠦ  ᠪᠢᠴᠢᠭᠡᠰᠤ ᠲᠠᠢ ᠪᠠᠶᠠᠷ᠎ᠤᠨ  ᠢᠯᠡᠷᠬᠡᠢᠯᠡᠯ᠎ᠢ ᠪᠡᠯᠡᠭᠯᠡᠪᠡ᠃

ᠸᠠᠩ ᠬ᠍ᠤ ᠨᠢᠩ ᠶᠠᠷᠢᠶ᠎ᠠ ᠲᠠᠯᠪᠢᠪᠠ᠃ ᠲᠡᠷᠡ᠂ 1965 ᠣᠨ᠎ᠤ 9 ᠰᠠᠷ᠎ᠠ᠎ᠳᠤ᠂ ᠨᠠᠮ᠎ᠤᠨ ᠲᠥᠪ ᠬᠣᠷᠢᠶ᠎ᠡ᠎ᠶᠢᠨ ᠳᠣᠲᠣᠨᠣ᠌ ᠬᠠᠯᠠᠮᠵᠢᠯᠠᠯ ᠪᠠ ᠨᠠᠮ᠎ᠤᠨ ᠦᠨᠳᠦᠰᠦᠲᠡᠨ᠎ᠦ ᠲᠦᠷᠦ᠎ᠶᠢᠨ ᠪᠣᠳᠣᠯᠭ᠎ᠠ᠎ᠶᠢᠨ ᠲᠤᠶᠠᠭᠠᠯᠠᠯ ᠳᠣᠣᠷ᠎ᠠ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ᠎ᠢ ᠲᠤᠩᠬᠠᠭᠯᠠᠪᠠ᠃ ᠡᠨᠡ ᠪᠣᠯ ᠲᠥᠪᠡᠳ᠎ᠦᠨ ᠬᠥᠭᠵᠢᠯᠲᠡ᠎ᠶᠢᠨ ᠲᠡᠦᠬᠡᠨ ᠳᠡᠭᠡᠷᠡᠬᠢ ᠴᠠᠭ ᠦᠶ᠎ᠡ᠎ᠶᠢ ᠵᠠᠭᠠᠭᠯᠠᠭᠰᠠᠨ ᠠᠴᠢ ᠬᠣᠯᠪᠣᠭᠳᠠᠯ᠎ᠲᠠᠢ ᠲᠤᠮᠤ ᠶᠠᠪᠤᠳᠠᠯ ᠪᠠᠢᠵᠤ᠂ ᠲᠥᠪᠡᠳ᠎ᠢ ᠨᠠᠢᠷᠠᠮᠳᠠᠯ᠎ᠢᠶᠠᠷ ᠴᠢᠯᠦᠭᠡᠯᠡᠬᠦ ᠪᠠ ᠠᠷᠠᠳᠴᠢᠯᠠᠭᠰᠠᠨ ᠥᠭᠡᠷᠡᠴᠢᠯᠡᠯᠲᠡ᠎ᠶᠢᠨ ᠠᠭᠤᠤ ᠶᠡᠬᠡ ᠦᠷ᠎ᠡ ᠪᠦᠲᠦᠭᠡᠯ᠎ᠢ ᠪᠡᠬᠢᠵᠢᠭᠦᠯᠵᠦ᠂ ᠲᠥᠪᠡᠳ᠎ᠦᠨ ᠨᠡᠢᠭᠡᠮ᠎ᠦᠨ ᠪᠠᠢᠭᠤᠯᠤᠯ᠎ᠤᠨ ᠲᠡᠦᠬᠡᠲᠦ ᠴᠢᠨᠠᠷᠲᠠᠢ ᠳᠠᠪᠠᠯᠲᠠ᠎ᠶᠢ ᠪᠡᠶᠡᠯᠡᠭᠦᠯᠪᠡ᠃ 60 ᠵᠢᠯ᠎ᠦᠨ ᠲᠤᠷᠰᠢ᠂ ᠲᠥᠪᠡᠳ᠎ᠦᠨ ᠠᠵᠤ ᠠᠬᠤᠢ ᠨᠡᠢᠭᠡᠮ ᠪᠦᠬᠦ ᠲᠠᠯ᠎ᠠ᠎ᠪᠠᠷ ᠬᠥᠭᠵᠢᠵᠦ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ ᠠᠮᠵᠢᠯᠲᠠ᠎ᠲᠠᠢ ᠦᠢᠯᠡᠳᠦᠯᠭᠡᠵᠢᠬᠦᠯᠦᠭᠳᠡᠵᠤ᠂ ᠦᠨᠳᠦᠰᠦᠲᠡᠨ᠎ᠦ ᠪᠦᠯᠬᠦᠮᠳᠡᠯ ᠡᠳᠦᠷ ᠢᠷᠡᠬᠦᠶ᠎ᠡ ᠪᠡᠬᠢᠵᠢᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠳᠤᠷᠠᠯ ᠡᠳᠦᠷ᠎ᠡᠴᠡ ᠡᠳᠦᠷ ᠥᠭᠡᠳᠡᠯᠡᠨ ᠳᠡᠭᠵᠢᠷᠡᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠪᠠᠲᠤ ᠴᠢᠩᠭ᠎ᠠ ᠬᠦᠴᠦᠨ᠎ᠢ ᠭᠦᠢᠴᠡᠳ ᠬᠠᠷᠠᠭᠤᠯᠵᠤ᠂ ᠮᠠᠨ᠎ᠤ ᠤᠯᠤᠰ᠎ᠤᠨ ᠨᠡᠢᠭᠡᠮ ᠵᠢᠷᠤᠮᠲᠤ ᠪᠠᠢᠭᠤᠯᠤᠯ᠎ᠤᠨ ᠢᠯᠡᠷᠬᠡᠢ ᠤᠯᠤᠰ ᠲᠦᠷᠦ᠎ᠶᠢᠨ ᠳᠠᠪᠠᠭᠤᠯᠢᠭ᠋᠎ᠢ ᠭᠦᠢᠴᠡᠳ ᠬᠠᠷᠠᠭᠤᠯᠵᠠᠢ ᠭᠡᠪᠡ᠃

ᠸᠠᠩ ᠬ᠍ᠤ ᠨᠢᠩ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠦ᠂ ᠲᠥᠪᠡᠳ᠎ᠦᠨ ᠠᠵᠢᠯ᠎ᠢ ᠪᠦᠬᠦ ᠲᠠᠯ᠎ᠠ᠎ᠪᠠᠷ ᠴᠢᠩᠭᠠᠳᠬᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠣᠳᠣᠯᠭ᠎ᠠ᠎ᠶᠢ ᠲᠣᠭᠲᠠᠭᠠᠵᠤ᠂ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠪᠦᠬᠦ ᠲᠠᠯ᠎ᠠ᠎ᠡᠴᠡ ᠡᠭᠦᠰᠤᠨ ᠲᠥᠪᠡᠳ᠎ᠦᠨ ᠥᠨᠢ ᠤᠳᠠᠭᠠᠨ ᠠᠮᠤᠷ ᠲᠤᠭᠲᠠᠭᠤᠨ ᠪᠠᠢᠬᠤ ᠪᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢ ᠰᠢᠰᠲᠧᠮ᠎ᠲᠠᠢ ᠤᠬᠠᠭᠠᠯᠠᠨ ᠲᠦᠯᠦᠪᠯᠡᠵᠤ᠂ ᠲᠥᠪᠡᠳ ᠨᠢ ᠪᠦᠬᠦ ᠤᠯᠤᠰ᠎ᠲᠠᠢ ᠬᠠᠮᠲᠤ ᠪᠠᠷ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠣᠯᠵᠤ᠂ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠲᠥᠪᠡᠳ᠎ᠦᠨ ᠠᠵᠤ ᠠᠬᠤᠢ ᠨᠡᠢᠭᠡᠮ᠎ᠦᠨ ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠲᠦ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ᠂ ᠠᠷᠠᠳ᠎ᠤᠨ ᠠᠮᠢᠳᠤᠷᠠᠯ᠎ᠤᠨ ᠲᠦᠪᠰᠢᠨ ᠲᠡᠦᠬᠡᠲᠦ ᠴᠢᠨᠠᠷᠲᠠᠢ ᠳᠡᠭᠡᠭᠰᠢᠯᠡᠯᠲᠡ᠎ᠶᠢ ᠪᠡᠶᠡᠯᠡᠭᠦᠯᠵᠦ᠂ ᠲᠥᠪᠡᠳ ᠬᠥᠭᠵᠢᠯᠲᠡ᠎ᠪᠡᠷ ᠬᠠᠮᠤᠭ᠎ᠤᠨ ᠰᠠᠢᠨ᠂ ᠬᠤᠪᠢᠷᠠᠯᠲᠠ᠎ᠪᠠᠷ ᠬᠠᠮᠤᠭ᠎ᠤᠨ ᠶᠡᠬᠡ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠬᠠᠮᠤᠭ ᠡᠴᠡ ᠤᠯᠠᠨ ᠪᠣᠳᠠᠲᠤ ᠠᠰᠢᠭ᠋᠎ᠬᠦᠷᠲᠡᠭᠰᠡᠨ ᠲᠡᠦᠬᠡᠨ ᠴᠠᠭ ᠦᠶ᠎ᠡ᠎ᠳᠦ ᠣᠷᠣᠵᠤ᠂ ᠨᠡᠢᠭᠡᠮ ᠵᠢᠷᠤᠮᠳᠤ ᠣᠳᠣᠬᠢᠴᠢᠯᠠᠭᠰᠠᠨ ᠰᠢᠨ᠎ᠡ ᠲᠥᠪᠡᠳ᠎ᠦᠨ ᠪᠦᠲᠦᠭᠡᠨ ᠪᠠᠢᠭᠤᠯᠤᠯᠲᠠ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠬᠠᠷᠠᠭᠤᠯᠵᠠᠢ ᠭᠡᠵᠤ ᠢᠯᠠᠳᠬᠡᠪᠡ᠃

ᠸᠠᠩ ᠬ᠍ᠤ ᠨᠢᠩ᠂ ᠲᠡᠦᠬᠡ᠎ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ᠎ᠶᠢᠨ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭᠲᠠᠭᠠᠭᠰᠠᠨ》᠎ᠤ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》᠎ᠢᠶᠠᠨ ᠴᠢᠩᠭᠠᠳᠬᠠᠵᠤ᠂ 《ᠳᠥᠷᠪᠡᠨ ᠢᠲᠡᠭᠡᠯ》᠎ᠢᠶᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠣᠳᠣᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠰᠢᠵᠢᠮ᠎ᠢ ᠪᠠᠲᠤ ᠡᠵᠡᠮᠳᠡᠵᠦ᠂ ᠲᠣᠭᠲᠠᠭᠤᠨ᠂ ᠬᠥᠭᠵᠢᠯᠲᠡ᠂ ᠠᠮᠢ ᠠᠬᠤᠢ᠂ ᠬᠢᠯᠢ ᠬᠢᠵᠠᠭᠠᠷ᠎ᠢ ᠬᠦᠴᠦᠷᠬᠡᠭᠵᠢᠭᠦᠯᠬᠦ ᠲᠦᠷᠪᠡᠨ ᠶᠡᠬᠡ ᠶᠠᠪᠤᠳᠠᠯ᠎ᠢ ᠰᠠᠢᠲᠤᠷ ᠠᠳᠬᠤᠵᠤ᠂ ᠪᠦᠯᠬᠦᠮᠳᠡᠯ᠎ᠲᠠᠢ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠢᠬᠠᠨ ᠨᠡᠢᠭᠡᠮ ᠵᠢᠷᠤᠮᠳᠤ ᠣᠳᠣᠬᠢᠴᠢᠯᠠᠭᠰᠠᠨ ᠰᠢᠨ᠎ᠡ ᠲᠥᠪᠡᠳ᠎ᠢ ᠴᠢᠷᠮᠠᠢᠨ ᠪᠦᠲᠦᠭᠡᠨ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠲᠡᠢ ᠭᠡᠵᠤ ᠢᠯᠡᠳᠬᠡᠪᠡ (ᠪᠦᠬᠦ ᠠᠭᠤᠯᠭ᠎ᠠ᠎ᠶᠢ ᠠᠰ ᠲᠤᠨᠢ ᠨᠡᠢᠲᠡᠯᠡᠪᠠ)᠃

ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ ᠸᠠᠩ ᠵᠢᠶᠦ᠋ᠨ ᠵᠧᠩ᠂ ᠲᠥᠪᠡᠳ ᠦᠨᠳᠦᠰᠦᠲᠡᠨ᠎ᠦ ᠣᠯᠠᠨ ᠲᠦᠮᠡᠨ᠎ᠦ ᠲᠥᠯᠥᠭᠡᠯᠡᠭᠴᠢ ᠷᠤᠯᠮᠡᠷᠢᠭᠽᠢᠨ ᠬᠤᠷᠠᠯ ᠳᠡᠭᠡᠷ᠎ᠡ ᠦᠭᠡ ᠬᠡᠯᠡᠪᠡ᠃

ᠳᠠᠷᠠᠭ᠎ᠠ ᠨᠢ᠂ ᠥᠯᠵᠡᠢ ᠪᠡᠯᠭᠡ ᠲᠡᠢ ᠪᠠᠶᠠᠷ ᠳᠤᠷᠠᠰᠬᠠᠯ᠎ᠤᠨ ᠠᠭᠤᠷ ᠠᠮᠢᠰᠬᠤᠯ᠎ᠢᠶᠠᠷ ᠪᠢᠯᠬᠠᠬᠰᠠᠨ ᠦᠪᠡᠳᠡᠭᠰᠢ ᠶᠡᠬᠡ ᠤᠯᠠᠨ ᠲᠦᠮᠡᠨᠴᠢ ᠵᠢᠭ᠍ᠰᠠᠭᠠᠯ ᠶᠠᠪᠤᠭᠤᠯᠪᠠ᠃ ᠵᠢᠭ᠍ᠰᠠᠭᠠᠯ᠎ᠢ 《ᠲᠤᠭ᠎ᠢᠶᠠᠷ ᠬᠥᠲᠥᠯᠥᠨ ᠳᠠᠭᠠᠭᠤᠯᠤᠶ᠎ᠡ》᠂ 《ᠳᠥᠷᠪᠡᠨ ᠶᠡᠬᠡ ᠶᠠᠪᠤᠳᠠᠯ》᠂ 《ᠰᠢᠨ᠎ᠡ ᠴᠠᠭ ᠦᠶ᠎ᠡ᠎ᠳᠦ ᠡᠷᠡᠯᠬᠡᠭᠯᠡᠨ ᠤᠷᠤᠭᠰᠢᠯᠠᠶ᠎ᠠ》᠂ 《ᠢᠷᠡᠭᠡᠳᠦᠢ ᠵᠦᠭ ᠤᠷᠤᠭᠰᠢᠯᠠᠶ᠎ᠠ》 ᠭᠡᠬᠦ 4 ᠨᠢᠭᠡᠴᠢ ᠬᠤᠪᠢᠶᠠᠵᠤ᠂ 26 ᠣᠯᠠᠨ ᠲᠦᠮᠡᠨᠴᠢ ᠵᠢᠭ᠍ᠰᠠᠭᠠᠯ᠎ᠤᠨ ᠡᠩᠨᠡᠭᠡ᠂ ᠴᠢᠮᠡᠭᠲᠦ ᠲᠡᠷᠭᠡ ᠨᠢ ᠪᠠᠶᠠᠷ ᠪᠠᠶᠠᠰᠬᠤᠯᠠᠩᠲᠤ ᠳᠠᠭᠤᠤ ᠬᠥᠭᠵᠢᠮ᠎ᠦᠨ ᠳᠤᠮᠳᠠ ᠲᠠᠰ ᠳᠠᠷᠠᠭ᠎ᠠ᠎ᠲᠠᠢ ᠠᠯᠬᠤᠨ ᠤᠷᠤᠭᠰᠢᠯᠠᠪᠠ᠃ ᠦᠨᠳᠦᠰᠦᠲᠡᠨ᠎ᠨᠦᠭᠦᠳ᠎ᠦᠨ ᠤᠯᠠᠨ ᠲᠦᠮᠡᠨ ᠥᠩᠭᠡ ᠢᠯᠭᠠᠷᠠᠬᠰᠠᠨ ᠬᠤᠪᠴᠠᠰᠤ ᠵᠠᠰᠠᠯ᠎ᠢᠶᠠᠷ᠎ᠢᠶᠠᠨ ᠭᠤᠶᠤᠯᠠᠵᠤ᠂ ᠤᠷᠬᠢᠯᠤᠮ᠎ᠠ ᠬᠠᠯᠠᠭᠤᠨ ᠰᠡᠳᠬᠢᠯᠭᠡ᠎ᠪᠡᠷ ᠪᠠᠶᠠᠰᠬᠤᠯᠠᠨᠭᠲᠦ ᠲᠡᠭᠵᠢᠨ ᠪᠥᠵᠢᠭ ᠪᠥᠵᠢᠭᠯᠡᠵᠦ᠂  ᠵᠢᠷᠭᠠᠯᠲᠤ ᠠᠮᠢᠳᠤᠷᠠᠯ᠎ᠢ ᠡᠳ᠋ᠯᠡᠵᠤ ᠪᠠᠢᠭ᠎ᠠ ᠪᠠᠶᠠᠷ ᠪᠠᠬᠠᠳᠤᠯᠲᠤ ᠰᠡᠳᠬᠢᠯᠭᠡ᠂ ᠨᠠᠮ ᠪᠠ ᠤᠯᠤᠰ ᠣᠷᠣᠨ᠎ᠳᠠᠭᠠᠨ ᠪᠠᠶᠠᠷᠯᠠᠨ ᠲᠠᠯᠠᠷᠬᠠᠭᠰᠠᠨ ᠰᠡᠳᠬᠢᠯᠭᠡ᠎ᠪᠡᠨ ᠢᠯᠡᠳᠬᠡᠵᠡᠢ᠃ ᠰᠢ ᠵᠢᠨ ᠫᠢᠩ ᠵᠡᠷᠭᠡ ᠤᠳᠤᠷᠢᠳᠬᠤ ᠬᠥᠮᠥᠰ ᠪᠠᠢᠨ ᠪᠠᠢᠨ ᠡᠯ᠎ᠡ ᠡᠲᠡᠭᠡᠳ᠎ᠦᠨ ᠤᠯᠠᠨ ᠲᠦᠮᠡᠨ᠎ᠦ ᠵᠦᠭ ᠭᠠᠷ ᠳᠠᠯᠠᠯᠤᠨ ᠮᠡᠨᠳᠦᠴᠢᠯᠡᠵᠤ ᠪᠠᠢᠯ᠎ᠠ᠃

《ᠡᠬᠡ ᠤᠯᠤᠰ᠎ᠢᠶᠠᠨ ᠮᠠᠭᠲᠠᠨ ᠳᠠᠭᠤᠯᠠᠶ᠎ᠠ》 ᠭᠡᠬᠦ ᠰᠦᠷ ᠵᠢᠪᠬᠤᠯᠠᠩᠲᠤ ᠬᠦᠭ ᠠᠶᠠᠰ᠎ᠤᠨ ᠳᠤᠮᠳᠠ᠂ ᠡᠩᠬᠡ ᠲᠠᠢᠪᠤᠩ᠎ᠤᠨ ᠲᠠᠭᠲᠠᠭ᠎ᠠ ᠵᠢᠭᠦᠷ᠎ᠢᠶᠡᠨ ᠳᠡᠯᠭᠡᠨ ᠤᠬᠳᠠᠷᠭᠤᠢ ᠳ᠋ᠤ ᠨᠢᠰᠴᠦ᠂ ᠥᠩᠭᠡᠲᠦ ᠬᠡᠢᠲᠦ ᠪᠥᠮᠪᠥᠭᠡ ᠠᠭᠠᠷ ᠲᠤ᠌ ᠳᠡᠭᠳᠡᠨ᠂ ᠲᠤᠬᠠᠢ᠎ᠶᠢᠨ ᠲᠠᠯᠠᠪᠠᠢ᠎ᠳᠤ ᠬᠠᠯᠠᠭᠤᠨ ᠠᠯᠠᠭ᠎ᠠ ᠲᠡᠰᠢᠯᠲᠡ᠎ᠶᠢᠨ ᠲᠠᠭᠤᠨ ᠪᠠ ᠤᠤᠬᠠᠢᠯᠠᠨᠬᠤ ᠲᠠᠭᠤᠨ ᠨᠢᠵᠢᠭᠢᠨᠡᠵᠦ᠂ ᠶᠡᠬᠡ ᠬᠤᠷᠠᠯ ᠲᠡᠭᠦᠰ ᠠᠮᠵᠢᠯᠲᠠ᠎ᠲᠠᠢ ᠦᠨᠳᠦᠷᠯᠡᠪᠡ᠃

ᠯᠢ ᠭᠠᠨ ᠵᠢᠶᠸ᠂ ᠡᡁᠸ ᠯᠢ ᠹᠸᠩ᠂ ᠸᠠᠩ ᠰᠢᠶᠣᠣ ᠬᠣᠩ᠂ ᠯᠤᠪᠰᠠᠩᠵᠠᠯᠰᠠᠨ᠂ ᠬ᠍ᠤ ᠴᠦᠨ ᠬᠤᠸᠠ᠂ ᠫᠠᠪᠠᠯᠠ·ᠭᠸᠯᠸᠭᠨᠡᠮᠵᠢᠯ ᠪᠣᠯᠣᠨ ᠵᠠᠩ ᠱᠧᠩ ᠮᠢᠨ᠂ ᠲᠥᠪᠡᠳ᠎ᠲᠦ ᠠᠵᠢᠯᠯᠠᠵᠤ ᠥᠩᠭᠡᠷᠡᠭᠰᠡᠨ ᠠᠬᠠᠮᠠᠳ ᠨᠥᠬᠥᠳ ᠵᠢᠴᠢ ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠤᠯᠪᠤᠬᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ᠂ ᠲᠥᠪ᠎ᠦᠨ ᠲᠥᠯᠥᠭᠡᠯᠡᠭᠴᠢᠳ᠎ᠦᠨ ᠪᠦᠯᠬᠦᠮ᠎ᠦᠨ ᠪᠦᠬᠦ ᠪᠦᠷᠢᠯᠳᠦᠭᠦᠨ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠴᠡᠷᠢᠭ᠎ᠦᠨ ᠬᠠᠷᠢᠭᠤᠴᠠᠯᠭᠠᠲᠠᠨ ᠨᠥᠬᠥᠳ ᠶᠡᠬᠡ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
 
            