ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠨᠢᠭᠤᠷ   -   ᠲᠡᠷᠢᠭᠦᠨ ᠵᠣᠷᠪᠣᠰ
ᠯᠢ ᠴᠢᠶᠠᠩ ᠪᠡᠭᠡᠵᠢᠩ᠎ᠳᠦ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠪᠠᠢᠳᠠᠯ᠎ᠳᠤ ᠪᠠᠢᠴᠠᠭᠠᠨ ᠰᠤᠳᠤᠯᠤᠯᠲᠠ ᠬᠢᠬᠦ᠎ᠳᠦ᠎ᠪᠡᠨ ᠴᠢᠨᠠᠷ ᠰᠠᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠠᠩᠭᠠᠯᠭ᠎ᠠ ᠪᠠ ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ᠎ᠶᠢ ᠴᠢᠩᠭᠠᠳᠬᠠᠵᠤ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠦᠨ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠦᠨ ᠲᠡᠰ ᠳᠡᠪᠰᠢᠭᠦᠯᠬᠦ᠎ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶ᠋ᠢᠲᠡᠯᠡᠭᠰᠡᠨ ᠴᠠᠭ᠄ 2025-08-22

    ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ 8 ᠳ᠋ᠤᠭᠠᠷ ᠰᠠᠷ᠎ᠠ᠎ᠶᠢᠨ 20 ᠎ᠦ ᠡᠳᠦᠷ ᠪᠡᠭᠡᠵᠢᠩ᠎ᠳᠦ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠪᠠᠢᠳᠠᠯ᠎ᠳᠤ ᠪᠠᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠬᠤ᠎ᠳᠤ᠎ᠪᠠᠨ᠂ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠴᠢᠨᠠᠷ ᠰᠠᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠠᠩᠭᠠᠯᠭ᠎ᠠ ᠪᠠ ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ᠎ᠶᠢ ᠴᠢᠩᠭᠠᠳᠬᠠᠵᠤ᠂ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠦᠢᠯᠡᠳᠦᠯ᠎ᠢ ᠨᠢ ᠭᠦᠢᠴᠡᠳ ᠪᠠᠳᠠᠷᠠᠭᠤᠯᠵᠤ᠂ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠦᠨ ᠴᠢᠨᠠᠷ ᠴᠢᠨᠰᠠᠭ᠎ᠠ᠎ᠪᠠᠨ ᠳᠡᠭᠡᠭᠰᠢᠯᠡᠭᠦᠯᠦᠨ ᠲᠡᠰ ᠳᠡᠪᠰᠢᠭᠦᠯᠬᠦ᠎ᠶᠢ ᠬᠦᠴᠦᠯᠡᠨ ᠠᠬᠢᠭᠤᠯᠵᠤ᠂ ᠨᠡᠩ ᠤᠯᠠᠨ ᠴᠢᠨᠠᠷ ᠰᠠᠢᠲᠠᠢ ᠥᠨᠳᠥᠷ ᠪᠦᠲᠦᠮᠵᠢᠲᠡᠢ ᠰᠠᠢᠨ ᠡᠮ ᠰᠢᠨ᠎ᠡ ᠡᠮ᠎ᠢ ᠰᠤᠳᠤᠯᠤᠨ ᠦᠢᠯᠡᠳᠪᠦᠷᠢᠯᠡᠵᠦ᠂ ᠠᠷᠠᠳ ᠲᠦᠮᠡᠨ᠎ᠦ ᠡᠷᠡᠭᠦᠯ ᠮᠡᠨᠳᠦ ᠪᠤᠶᠠᠨ ᠵᠢᠷᠭᠠᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠪᠡ᠃

    8 ᠳ᠋ᠤᠭᠠᠷ ᠰᠠᠷ᠎ᠠ᠎ᠶᠢᠨ 20᠎ᠦ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ ᠪᠡᠭᠡᠵᠢᠩ᠎ᠳᠦ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠪᠠᠢᠳᠠᠯ᠎ᠳᠤ ᠪᠠᠢᠴᠠᠭᠠᠨ ᠰᠤᠳᠤᠯᠤᠯᠲᠠ ᠬᠢᠪᠡ᠃ ᠵᠢᠷᠤᠭ ᠪᠣᠯ ᠯᠢ ᠴᠢᠶᠠᠩ ᠪᠠᠢ ᠵᠢᠢ ᠱᠧᠨ ᠵᠧᠦ (ᠪᠡᠭᠡᠵᠢᠩ) ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ ᠰᠢᠨ᠎ᠡ ᠡᠮ᠎ᠢ ᠰᠤᠳᠤᠯᠤᠨ ᠨᠡᠭᠡᠭᠡᠭᠰᠡᠨ ᠵᠡᠷᠭᠡ ᠪᠠᠢᠳᠠᠯ᠎ᠢ ᠪᠠᠢᠴᠠᠭᠠᠨ ᠰᠤᠳᠤᠯᠤᠯᠲᠠ ᠬᠢᠵᠦ ᠪᠠᠢᠭ᠎ᠠ ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠯᠢᠦ ᠪᠢᠨ ᠰᠡᠭᠦᠳᠡᠷᠯᠡᠪᠡ

    ᠯᠢ ᠴᠢᠶᠠᠩ ᠡᠩ ᠲᠡᠷᠢᠭᠦᠨ᠎ᠳᠦ ᠴᠠᠩ ᠫᠢᠩ ᠲᠤᠷᠰᠢᠯᠲᠠ᠎ᠶᠢᠨ ᠲᠠᠰᠤᠭ᠎ᠲᠤ ᠬᠦᠷᠴᠦ᠂ ᠬᠦᠨᠳᠦ ᠶᠡᠬᠡ ᠡᠪᠡᠳᠴᠢᠨ ᠡᠮᠭᠡᠭ᠎ᠢ ᠣᠨᠣᠰᠢᠯᠠᠨ ᠡᠮᠨᠡᠬᠦ᠎ᠳᠦ ᠬᠣᠯᠪᠣᠭᠳᠠᠭᠰᠠᠨ ᠮᠡᠷᠭᠡᠵᠢᠯ ᠪᠠ ᠲᠥᠬᠦᠭᠡᠷᠦᠮᠵᠢ ᠪᠡᠯᠡᠳᠬᠡᠮᠵᠢ᠎ᠶᠢ ᠰᠤᠳᠤᠯᠤᠨ ᠨᠡᠭᠡᠭᠡᠭᠰᠡᠨ ᠠᠬᠢᠴᠠ᠎ᠶᠢᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠪᠠ᠃ ᠯᠢ ᠴᠢᠶᠠᠩ ᠵᠢᠭᠠᠵᠤ ᠭᠠᠷᠭᠠᠬᠤ᠎ᠳᠤ᠎ᠪᠠᠨ᠂ ᠠᠮᠢᠳᠤ ᠪᠣᠳᠠᠰ᠎ᠤᠨ ᠡᠮ ᠡᠮᠨᠡᠯᠭᠡ᠎ᠶᠢᠨ ᠡᠨᠡ ᠬᠦ᠌ ᠰᠢᠨ᠎ᠡ ᠥᠷᠢᠰᠦᠯᠳᠦᠭᠡᠨ᠎ᠦ ᠴᠠᠷᠠᠭᠠᠨ᠎ᠳᠤ ᠬᠤᠷᠳᠤᠴᠠ᠎ᠪᠠᠨ ᠨᠡᠮᠡᠭᠳᠡᠭᠦᠯᠬᠦ᠎ᠳᠦ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠡᠷᠴᠢᠮ᠎ᠢᠶᠡᠨ ᠴᠢᠩᠭᠠᠷᠠᠭᠤᠯᠬᠤ ᠬᠡᠷᠡᠭᠲᠡᠢ᠃ ᠤᠯᠠᠨ᠎ᠢᠶᠠᠷ᠎ᠢᠶᠠᠨ ᠤᠯᠠᠨ ᠤᠯᠤᠰ᠎ᠤᠨ ᠬᠣᠰᠢᠭᠤᠷᠠᠯ ᠪᠠ ᠴᠢᠬᠤᠯᠠ ᠪᠣᠯᠬᠤ ᠬᠦᠷᠢᠶᠡᠨ᠎ᠳᠦ ᠬᠠᠷᠠᠯᠲᠠ᠎ᠪᠠᠨ ᠲᠣᠭᠲᠠᠭᠠᠵᠤ᠂ ᠰᠢᠨ᠎ᠡ ᠬᠠᠷᠠᠯᠲᠠ᠎ᠶᠢᠨ ᠴᠡᠭ᠂ ᠰᠢᠨ᠎ᠡ ᠨᠡᠢᠯᠡᠮᠡᠯ ᠪᠣᠳᠠᠰ᠂ ᠰᠢᠨ᠎ᠡ ᠦᠢᠯᠡᠳᠦᠯ᠎ᠦᠨ ᠵᠢᠮ᠎ᠡ ᠬᠠᠤᠯᠢ ᠵᠡᠷᠭᠡ᠎ᠪᠡᠷ ᠭᠣᠣᠯᠳᠠᠭᠤᠯᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠳᠤ ᠰᠢᠪᠲᠤᠯᠤᠯᠲᠠ ᠬᠢᠬᠦ᠎ᠶᠢ ᠲᠥᠪᠯᠡᠷᠡᠭᠦᠯᠵᠦ ᠬᠠᠮᠵᠢᠯᠴᠠᠨ ᠥᠷᠨᠢᠭᠦᠯᠵᠦ᠂ ᠴᠢᠬᠤᠯᠠ ᠶᠡᠬᠡ ᠠᠩᠬᠠᠨ᠎ᠤ ᠡᠭᠦᠳᠦᠯᠲᠡ᠎ᠶᠢᠨ ᠴᠢᠨᠠᠷᠲᠠᠢ ᠦᠷ᠎ᠡ ᠪᠦᠲᠦᠭᠡᠯ᠎ᠢ ᠢᠯᠡᠭᠦᠬᠡᠨ ᠭᠠᠷᠭᠠᠵᠤ᠂ ᠠᠮᠢ ᠨᠠᠰᠤᠨ᠎ᠤ ᠰᠢᠨᠵᠢᠯᠡᠬᠦ ᠤᠬᠠᠭᠠᠨ᠎ᠤ ᠬᠦᠷᠢᠶᠡᠨ᠎ᠦ ᠳᠡᠭᠡᠳᠦ ᠲᠡᠰ᠎ᠤᠨ ᠴᠢᠳᠠᠪᠤᠷᠢᠲᠠᠨ᠎ᠢ ᠢᠯᠡᠭᠦᠬᠡᠨ ᠬᠥᠮᠥᠵᠢᠭᠦᠯᠵᠦ᠂ ᠮᠠᠨ᠎ᠤ ᠤᠯᠤᠰ᠎ᠤᠨ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠰᠠᠭᠤᠷᠢ᠎ᠶᠢ ᠲᠠᠰᠤᠷᠠᠯᠲᠠ ᠦᠭᠡᠢ ᠪᠠᠲᠤᠳᠬᠠᠬᠤ᠎ᠶᠢ ᠬᠦᠰᠡᠵᠦ ᠪᠠᠢᠨ᠎ᠠ ᠭᠡᠪᠡ᠃

    ᠪᠠᠢ ᠵᠢᠢ ᠱᠧᠨ ᠵᠧᠦ (ᠪᠡᠭᠡᠵᠢᠩ) ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ᠂ ᠯᠢ ᠴᠢᠶᠠᠩ ᠰᠢᠨ᠎ᠡ ᠡᠮ᠎ᠦᠨ ᠰᠤᠳᠤᠯᠭᠠᠨ᠎ᠤ ᠬᠣᠯᠪᠣᠭᠳᠠᠯ ᠪᠦᠬᠦᠢ ᠪᠠᠢᠳᠠᠯ᠎ᠤᠳ᠎ᠢ ᠣᠢᠯᠠᠭᠠᠵᠤ᠂ ᠡᠮ᠎ᠦᠨ ᠵᠦᠢᠯ᠎ᠦᠨ ᠬᠢᠮᠢ᠎ᠶᠢᠨ ᠲᠤᠷᠰᠢᠯᠲᠠ᠎ᠶᠢᠨ ᠲᠠᠰᠤᠭ᠎ᠢ ᠪᠠᠢᠴᠠᠭᠠᠨ ᠦᠵᠡᠵᠦ᠂ ᠦᠢᠯᠡᠳᠪᠦᠷᠢᠯᠡᠯ᠎ᠦᠨ ᠶᠠᠪᠤᠴᠠ᠎ᠶᠢ ᠨᠠᠷᠢᠨ ᠨᠢᠮᠪᠠᠢ ᠯᠠᠪᠯᠠᠨ ᠠᠰᠠᠭᠤᠪᠠ᠃ ᠯᠢ ᠴᠢᠶᠠᠩ ᠬᠡᠯᠡᠬᠦ᠎ᠳᠦ᠎ᠪᠡᠨ᠂ ᠮᠠᠨ᠎ᠤ ᠤᠯᠤᠰ᠎ᠤᠨ ᠡᠷᠡᠭᠦᠯ ᠮᠡᠨᠳᠦ᠎ᠶᠢᠨ ᠠᠵᠤ ᠦᠢᠯᠡᠰ᠎ᠦᠨ ᠵᠠᠬ᠎ᠠ ᠳᠡᠯᠭᠡᠭᠦᠷ ᠯᠤᠲᠤ ᠶᠡᠬᠡ ᠣᠷᠣᠨ ᠵᠠᠢ ᠲᠠᠢ ᠪᠠᠢᠵᠤ᠂ ᠰᠢᠨ᠎ᠡ ᠡᠭᠦᠳᠦᠯᠲᠡ ᠲᠡᠢ ᠡᠮ᠎ᠦᠨ ᠬᠥᠭᠵᠢᠯᠲᠡ᠎ᠶᠢᠨ ᠢᠷᠡᠭᠡᠳᠦᠢ ᠥᠷᠭᠡᠨ ᠠᠭᠤᠳᠠᠮ ᠪᠠᠢᠨ᠎ᠠ᠃ ᠡᠮᠴᠢᠯᠡᠭᠡᠨ᠎ᠦ ᠦᠨ᠎ᠡ ᠥᠷᠲᠡᠭ᠎ᠢᠶᠡᠷ ᠥᠨᠳᠥᠷ᠂ ᠤᠯᠠᠷᠢᠭᠤᠯᠬᠤ ᠳᠠᠯᠳᠠ ᠬᠦᠴᠦᠨ᠎ᠢᠶᠡᠷ ᠶᠡᠬᠡ ᠪᠠᠢᠭ᠎ᠠ ᠰᠢᠨ᠎ᠡ ᠡᠭᠦᠳᠦᠯᠲᠡ ᠲᠡᠢ ᠡᠮ᠎ᠦᠨ ᠲᠥᠷᠥᠯ ᠵᠦᠢᠯ᠎ᠢ ᠴᠠᠭ ᠲᠤᠬᠠᠢ᠎ᠳᠤ ᠨᠢ ᠢᠯᠡᠷᠡᠭᠦᠯᠵᠦ᠂ ᠮᠥᠷᠳᠡᠨ ᠦᠢᠯᠡᠴᠢᠯᠡᠬᠦ᠎ᠪᠡᠨ ᠴᠢᠩᠭᠠᠳᠬᠠᠨ᠂ ᠡᠮᠴᠢᠯᠡᠭᠡᠨ᠎ᠦ ᠪᠠᠢᠭᠤᠯᠤᠮᠵᠢ᠎ᠳᠤ ᠲᠣᠬᠢᠷᠠᠭᠤᠯᠤᠨ ᠬᠡᠷᠡᠭᠯᠡᠬᠦ᠎ᠶᠢ ᠠᠬᠢᠭᠤᠯᠬᠤ ᠬᠡᠷᠡᠭᠲᠡᠢ᠃ ᠰᠢᠯᠢᠳᠡᠭ ᠠᠵᠤ ᠠᠬᠤᠢᠯᠠᠯ᠎ᠢ ᠶᠡᠬᠡ᠎ᠪᠡᠷ ᠪᠣᠢᠵᠢᠭᠤᠯᠵᠤ᠂ ᠴᠢᠳᠠᠪᠤᠷᠢᠲᠠᠨ᠂ ᠪᠡᠯᠡ ᠲᠣᠬᠢᠷᠠᠭᠤᠯᠭ᠎ᠠ ᠵᠡᠷᠭᠡ ᠲᠠᠯ᠎ᠠ᠎ᠪᠠᠷ ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ ᠦᠵᠡᠭᠦᠯᠵᠦ᠂ ᠠᠵᠤ ᠠᠬᠤᠢᠯᠠᠯ᠎ᠤᠨ ᠤᠯᠠᠨ ᠤᠯᠤᠰ᠎ᠤᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠎ᠶᠢ ᠨᠢ ᠵᠣᠷᠢᠭ᠍ᠵᠢᠭᠤᠯᠵᠤ᠂ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠬᠦᠴᠦᠨ᠂ ᠥᠷᠢᠰᠦᠯᠳᠦᠬᠦ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠪᠡ᠃ 

    8 ᠳ᠋ᠤᠭᠠᠷ ᠰᠠᠷ᠎ᠠ᠎ᠶᠢᠨ 20᠎ᠦ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ ᠪᠡᠭᠡᠵᠢᠩ᠎ᠳᠦ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠪᠠᠢᠳᠠᠯ᠎ᠳᠤ ᠪᠠᠢᠴᠠᠭᠠᠨ ᠰᠤᠳᠤᠯᠤᠯᠲᠠ ᠬᠢᠪᠡ᠃  ᠵᠢᠷᠤᠭ ᠪᠣᠯ ᠯᠢ ᠴᠢᠶᠠᠩ ᠪᠡᠭᠡᠵᠢᠩ᠎ᠦᠨ ᠹᠧᠢ ᠪᠢᠶᠣᠣ ᠣᠯᠠᠨ ᠤᠯᠤᠰ᠎ᠤᠨ ᠰᠢᠨ᠎ᠡ᠎ᠶᠢ ᠡᠭᠦᠳᠬᠦ ᠲᠥᠪ᠎ᠲᠦ ᠡᠮ ᠡᠮᠨᠡᠯᠭᠡ᠎ᠶᠢᠨ ᠠᠵᠤ ᠦᠢᠯᠡᠰ᠎ᠦᠨ ᠨᠡᠪᠴᠢᠭᠦᠯᠦᠯᠲᠡ ᠵᠡᠷᠭᠡ ᠪᠠᠢᠳᠠᠯ᠎ᠢ ᠪᠠᠢᠴᠠᠭᠠᠨ ᠰᠤᠳᠤᠯᠵᠤ ᠪᠠᠢᠭ᠎ᠠ ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠯᠢᠦ ᠪᠢᠨ ᠰᠡᠭᠦᠳᠡᠷᠯᠡᠪᠡ

    ᠪᠡᠭᠡᠵᠢᠩ᠎ᠦᠨ ᠹᠧᠢ ᠪᠢᠶᠣᠣ ᠣᠯᠠᠨ ᠤᠯᠤᠰ᠎ᠤᠨ ᠰᠢᠨ᠎ᠡ᠎ᠶᠢ ᠡᠭᠦᠳᠬᠦ ᠲᠥᠪ᠎ᠲᠦ᠂ ᠯᠢ ᠴᠢᠶᠠᠩ ᠨᠡᠪᠴᠢᠭᠦᠯᠬᠦ ᠬᠡᠪ ᠵᠠᠭᠪᠤᠷ᠎ᠲᠤ ᠰᠢᠨ᠎ᠡ᠎ᠶᠢ ᠡᠭᠦᠳᠴᠦ ᠠᠮᠢᠳᠤ ᠪᠣᠳᠠᠰ᠎ᠤᠨ ᠡᠮ ᠡᠮᠨᠡᠯᠭᠡ᠎ᠶᠢᠨ ᠰᠢᠨ᠎ᠡ ᠡᠭᠦᠳᠦᠯᠲᠡ ᠲᠡᠢ ᠦᠷ᠎ᠡ ᠪᠦᠲᠦᠭᠡᠯ᠎ᠢ ᠲᠦᠷᠭᠡᠪᠴᠢᠯᠡᠨ ᠤᠯᠠᠷᠢᠭᠤᠯᠬᠤ᠎ᠪᠠᠨ ᠠᠬᠢᠭᠤᠯᠤᠭᠰᠠᠨ ᠵᠡᠷᠭᠡ ᠲᠠᠨᠢᠯᠴᠠᠭᠤᠯᠭ᠎ᠠ᠎ᠶᠢ ᠰᠣᠨᠣᠰᠴᠤ᠂ ᠬᠠᠮᠲᠤ᠎ᠪᠠᠷ ᠡᠳ᠋ᠯᠡᠵᠦ ᠰᠤᠳᠤᠯᠤᠨ ᠨᠡᠭᠡᠭᠡᠬᠦ ᠲᠠᠪᠴᠠᠩ᠎ᠤᠨ ᠪᠦᠲᠦᠭᠡᠨ ᠪᠠᠢᠭᠤᠯᠤᠯᠲᠠ᠎ᠶᠢᠨ ᠪᠠᠢᠳᠠᠯ᠎ᠢ ᠭᠦᠨᠵᠡᠭᠡᠢ ᠣᠢᠯᠠᠭᠠᠪᠠ᠃ ᠯᠢ ᠴᠢᠶᠠᠩ ᠲᠡᠳᠡᠨ᠎ᠢ ᠵᠣᠷᠢᠭᠵᠢᠭᠤᠯᠬᠤ᠎ᠳᠤ᠎ᠪᠠᠨ᠂ ᠡᠮ ᠡᠮᠨᠡᠯᠭᠡ᠎ᠶᠢᠨ ᠠᠵᠤ ᠠᠬᠤᠢᠯᠠᠯ᠎ᠤᠨ ᠪᠣᠶ᠋ᠢᠵᠢᠯᠲᠠ᠎ᠶᠢᠨ ᠵᠢᠮ᠎ᠡ ᠶᠣᠰᠣᠨ᠎ᠤ ᠣᠨᠴᠠᠯᠢᠭ᠋᠎ᠢ ᠦᠨᠳᠦᠰᠦᠯᠡᠨ᠂ ᠵᠥᠭᠡᠯᠡᠨ ᠪᠠ ᠬᠠᠲᠠᠭᠤ ᠬᠡᠷᠡᠭᠰᠡᠯ᠎ᠦᠨ ᠢᠵᠢ ᠪᠦᠷᠢᠳᠦᠭᠰᠡᠨ ᠳᠡᠮᠵᠢᠯᠭᠡ᠎ᠶᠢ ᠰᠠᠢᠲᠤᠷ ᠬᠢᠵᠦ᠂ ᠪᠦᠬᠦ ᠲᠠᠯ᠎ᠠ ᠪᠦᠬᠦ ᠬᠡᠯᠬᠢᠶ᠎ᠡ ᠪᠦᠬᠦ ᠦᠶᠡᠯᠡᠯ᠎ᠦᠨ ᠦᠢᠯᠡᠴᠢᠯᠡᠭᠡ᠎ᠶᠢ ᠴᠢᠩᠭᠠᠳᠬᠠᠵᠤ ᠣᠯᠠᠨ ᠭᠣᠭᠴᠣᠭ᠎ᠠ᠎ᠶᠢ ᠨᠡᠢᠳᠬᠡᠵᠦ ᠪᠠᠢᠭᠠᠳ᠂ ᠰᠤᠳᠤᠯᠤᠨ ᠨᠡᠭᠡᠭᠡᠵᠦ ᠰᠢᠢᠳᠪᠦᠷᠢᠯᠡᠬᠦ ᠲᠥᠰᠥᠯ᠎ᠢ ᠬᠠᠩᠭᠠᠵᠤ᠂ ᠡᠮ ᠡᠮᠨᠡᠯᠭᠡ ᠠᠵᠤ ᠦᠢᠯᠡᠳᠪᠦᠷᠢ᠎ᠶᠢ ᠤᠶᠠᠯᠳᠤᠭᠤᠯᠬᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠠᠭᠤᠰᠤᠯᠴᠠᠨ ᠨᠡᠪᠲᠡᠷᠡᠯᠴᠡᠬᠦ᠎ᠶᠢ ᠠᠬᠢᠭᠤᠯᠵᠤ᠂ ᠨᠡᠩ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠦᠷ᠎ᠡ ᠪᠦᠲᠦᠭᠡᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠬᠡᠷᠡᠭᠯᠡᠬᠦ᠎ᠶᠢ ᠠᠬᠢᠭᠤᠯᠬᠤ ᠬᠡᠷᠡᠭᠲᠡᠢ᠃ ᠡᠭᠦᠨ᠎ᠦ ᠬᠠᠮᠲᠤ ᠲᠠᠪᠴᠠᠩ᠎ᠤᠨ ᠪᠠᠢᠭᠤᠯᠤᠯᠲᠠ ᠡᠵᠡᠩᠨᠡᠯᠲᠡ᠎ᠶᠢᠨ ᠬᠡᠪ ᠵᠠᠭᠪᠤᠷ᠎ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠭᠤᠯᠪᠤᠷᠢᠯᠠᠬᠤᠢᠴᠠ ᠳᠡᠯᠭᠡᠷᠡᠭᠦᠯᠬᠦᠢᠴᠡ ᠲᠤᠷᠰᠢᠯᠭ᠎ᠠ ᠬᠢᠳᠡᠯ᠎ᠢ ᠪᠣᠶ ᠪᠣᠯᠭᠠᠬᠤ ᠬᠡᠷᠡᠭᠲᠡᠢ ᠭᠡᠪᠡ᠃

    ᠪᠠᠢᠴᠠᠭᠠᠨ ᠰᠤᠳᠤᠯᠤᠯᠲᠠ᠎ᠶᠢᠨ ᠳᠤᠮᠳᠠ᠂ ᠯᠢ ᠴᠢᠶᠠᠩ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ᠃ ᠬᠣᠯᠪᠣᠭᠳᠠᠯ ᠪᠦᠬᠦᠢ ᠠᠵᠤ ᠠᠬᠤᠢᠯᠠᠯ ᠪᠠ ᠪᠡᠯᠡ ᠣᠷᠣᠭᠤᠯᠤᠯᠲᠠ᠂ ᠰᠤᠳᠤᠯᠤᠨ ᠨᠡᠭᠡᠭᠡᠯᠲᠡ᠂ ᠡᠮᠴᠢᠯᠡᠭᠡᠨ᠎ᠦ ᠪᠠᠢᠭᠤᠯᠤᠮᠵᠢ᠎ᠶᠢᠨ ᠬᠠᠷᠢᠭᠤᠴᠠᠯᠭᠠᠲᠠᠳ᠎ᠤᠨ ᠶᠠᠷᠢᠶ᠎ᠠ᠎ᠶᠢ ᠰᠣᠨᠣᠰᠤᠭᠰᠠᠨ᠎ᠤ ᠳᠠᠷᠠᠭ᠎ᠠ᠂ ᠯᠢ ᠴᠢᠶᠠᠩ ᠵᠢᠭᠠᠵᠤ ᠭᠠᠷᠭᠠᠬᠤ᠎ᠳᠤ᠎ᠪᠠᠨ᠂ ᠠᠮᠢᠳᠤ ᠪᠣᠳᠠᠰ᠎ᠤᠨ ᠡᠮ ᠡᠮᠨᠡᠯᠭᠡ᠎ᠶᠢᠨ ᠠᠵᠤ ᠦᠢᠯᠡᠰ ᠪᠣᠯ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠵᠤ ᠪᠠᠢᠭ᠎ᠠ ᠠᠵᠤ ᠦᠢᠯᠡᠰ ᠪᠣᠯᠬᠤ᠎ᠪᠠᠷ ᠪᠠᠷᠠᠬᠤ ᠦᠭᠡᠢ ᠪᠠᠰᠠ ᠠᠷᠠᠳ ᠲᠦᠮᠡᠨ᠎ᠦ ᠡᠷᠡᠭᠦᠯ ᠮᠡᠨᠳᠦ ᠠᠵᠠ ᠵᠢᠷᠭᠠᠯ ᠯᠤᠭ᠎ᠠ ᠬᠣᠯᠪᠣᠭᠳᠠᠨ᠎ᠠ᠃ ᠠᠩᠬᠠᠨ᠎ᠤ ᠡᠭᠦᠳᠦᠯᠲᠡ ᠪᠠ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠳᠦ ᠰᠢᠪᠲᠤᠯᠤᠯᠲᠠ ᠬᠢᠬᠦ᠎ᠶᠢ ᠴᠢᠩᠭᠠᠳᠬᠠᠵᠤ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠦᠨ ᠬᠣᠶᠠᠷ ᠲᠠᠯ᠎ᠠ᠎ᠶᠢᠨ ᠦᠢᠯᠡᠳᠦᠯ᠎ᠢ ᠪᠠᠳᠠᠷᠠᠭᠤᠯᠵᠤ᠂ ᠡᠯ᠎ᠡ ᠲᠦᠷᠦᠯ᠎ᠦᠨ ᠡᠬᠢ ᠪᠠᠶᠠᠯᠢᠭ᠋᠎ᠢ ᠭᠦᠢᠴᠡᠳ ᠲᠠᠢ᠍ᠢᠴᠢᠯᠠᠨ᠂ ᠰᠢᠨ᠎ᠡ᠎ᠶᠢ ᠡᠭᠦᠳᠬᠦ ᠨᠡᠢᠯᠡᠯ ᠬᠦᠴᠦᠨ᠎ᠢ ᠨᠢᠭ᠍ᠲᠠᠷᠠᠭᠤᠯᠵᠤ᠂ ᠠᠯᠢ ᠲᠦᠷᠭᠡᠨ᠎ᠢᠶᠡᠷ ᠨᠡᠩ ᠶᠡᠬᠡ ᠰᠢᠪᠲᠤᠯᠤᠯᠲᠠ ᠭᠠᠷᠭᠠᠬᠤ ᠬᠡᠷᠡᠭᠲᠡᠢ᠃ ᠵᠣᠬᠢᠶᠠᠮᠠᠯ ᠤᠶᠤᠨ᠎ᠢ ᠬᠡᠷᠡᠭᠯᠡᠨ ᠠᠵᠤ ᠦᠢᠯᠡᠰ᠎ᠦᠨ ᠬᠥᠭᠵᠢᠯᠲᠡ᠎ᠪᠡᠨ ᠪᠥᠬᠥ ᠲᠠᠯ᠎ᠠ᠎ᠪᠠᠷ ᠡᠷᠴᠢᠮᠯᠡᠬᠦ᠎ᠶᠢ ᠴᠢᠬᠤᠯᠠᠴᠢᠯᠠᠵᠤ᠂ ᠡᠮ᠎ᠦᠨ ᠵᠦᠢᠯᠡᠰ᠎ᠢ ᠰᠤᠳᠤᠯᠤᠨ ᠨᠡᠭᠡᠭᠡᠬᠦ᠂ ᠡᠮᠴᠢᠯᠡᠭᠡᠨ᠎ᠦ ᠲᠤᠷᠰᠢᠯᠲᠠ ᠬᠢᠬᠦ᠂ ᠣᠨᠣᠰᠢᠯᠠᠵᠤ ᠡᠮᠨᠡᠨ ᠵᠠᠰᠠᠬᠤ᠂ ᠦᠢᠯᠡᠳᠪᠦᠷᠢᠯᠡᠯ ᠭᠦᠢᠯᠭᠡᠭᠡ ᠵᠡᠷᠭᠡ ᠭᠣᠭᠴᠣᠭ᠎ᠠ᠎ᠳᠠᠬᠢ ᠣᠶᠤᠨᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠪᠦᠲᠦᠭᠡᠭᠳᠡᠬᠦᠨ᠎ᠢ ᠰᠤᠳᠤᠯᠤᠨ ᠨᠡᠭᠡᠭᠡᠬᠦ᠂ ᠬᠢᠨᠠᠨ ᠦᠨᠡᠯᠡᠵᠦ ᠬᠢᠨᠠᠨ ᠵᠥᠪᠰᠢᠶᠡᠷᠡᠬᠦ᠂ ᠬᠠᠮᠢᠶᠠᠷᠴᠤ ᠬᠡᠷᠡᠭᠯᠡᠬᠦ ᠵᠡᠷᠭᠡ ᠲᠦᠷᠦ᠎ᠶᠢᠨ ᠪᠣᠳᠣᠯᠭ᠎ᠠ᠎ᠶᠢ ᠵᠣᠯᠭᠠᠭᠤᠯᠬᠤ ᠪᠠ ᠬᠠᠮᠵᠢᠯᠴᠠᠭᠤᠯᠬᠤ᠎ᠶᠢ ᠴᠢᠩᠭᠠᠳᠬᠠᠵᠤ᠂ ᠡᠮ᠎ᠦᠨ ᠵᠦᠢᠯᠡᠰ᠎ᠢ ᠲᠥᠪᠯᠡᠷᠡᠭᠦᠯᠦᠨ ᠴᠤᠭᠯᠠᠭᠤᠯᠬᠤ ᠪᠠ ᠬᠡᠯᠡᠯᠴᠡᠨ ᠦᠨ᠎ᠡ ᠵᠥᠪᠯᠡᠬᠦ ᠲᠣᠭᠲᠠᠴᠠ᠎ᠶᠢ ᠰᠢᠯᠢᠳᠡᠭᠵᠢᠭᠦᠯᠵᠦ᠂ ᠥᠨᠳᠥᠷ ᠲᠦᠪᠰᠢᠨ ᠪᠦᠬᠦᠢ ᠰᠢᠨ᠎ᠡ ᠡᠭᠦᠳᠦᠯᠲᠡ ᠲᠡᠢ ᠡᠮ᠎ᠦᠨ ᠬᠡᠷᠡᠭᠯᠡᠯᠲᠡ᠎ᠶᠢ ᠵᠢᠯᠤᠭᠣᠳᠬᠤ ᠡᠷᠴᠢᠮ᠎ᠢᠶᠡᠨ ᠴᠢᠩᠭᠠᠷᠠᠭᠤᠯᠬᠤ ᠬᠡᠷᠡᠭᠲᠡᠢ ᠭᠡᠪᠡ᠃ ᠯᠢ ᠴᠢᠶᠠᠩ ᠴᠢᠬᠤᠯᠠᠴᠢᠯᠠᠬᠤ᠎ᠳᠤ᠎ᠪᠠᠨ᠂ ᠰᠢᠨ᠎ᠡ᠎ᠶᠢ ᠡᠭᠦᠳᠬᠦ᠎ᠳᠦ ᠲᠦᠰᠢᠭᠯᠡᠨ ᠬᠢᠲᠠᠳ ᠡᠮ ᠡᠮᠨᠡᠯᠭᠡ᠎ᠪᠡᠨ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠵᠤ᠂ ᠤᠳᠤ ᠦᠶ᠎ᠡ᠎ᠶᠢᠨ ᠰᠢᠨᠵᠢᠯᠡᠬᠦ ᠤᠬᠠᠭᠠᠨ᠎ᠤ ᠤᠨᠤᠯ᠂ ᠮᠡᠷᠭᠡᠵᠢᠯ᠂ ᠮᠠᠲᠧᠷᠢᠶᠠᠯ ᠵᠡᠷᠭᠡ᠎ᠶᠢ ᠭᠦᠢᠴᠡᠳ ᠠᠰᠢᠭ᠍ᠯᠠᠵᠤ᠂ ᠬᠢᠲᠠᠳ ᠡᠮ ᠡᠮᠨᠡᠯᠭᠡ᠎ᠶᠢᠨ ᠰᠠᠭᠤᠷᠢ ᠤᠨᠤᠯ᠂ ᠣᠨᠣᠰᠢᠯᠠᠨ ᠡᠮᠨᠡᠬᠦ ᠵᠢᠮ᠎ᠡ ᠶᠣᠰᠣ᠌᠂ ᠦᠢᠯᠡᠳᠦᠯ᠎ᠦᠨ ᠵᠢᠮ᠎ᠡ ᠶᠣᠰᠣ᠌᠎ᠶᠢ ᠰᠤᠳᠤᠯᠤᠨ ᠲᠠᠢᠯᠪᠤᠷᠢᠯᠠᠬᠤ᠎ᠶᠢ ᠭᠦᠨᠵᠡᠭᠡᠢᠷᠡᠭᠦᠯᠵᠦ᠂ ᠡᠮᠨᠡᠨ ᠵᠠᠰᠠᠬᠤ ᠠᠷᠭ᠎ᠠ᠎ᠶᠢ ᠪᠠᠶᠠᠯᠢᠭ᠍ᠵᠢᠭᠤᠯᠵᠤ᠂ ᠬᠢᠲᠠᠳ ᠡᠮ ᠡᠮᠨᠡᠯᠭᠡ᠎ᠶᠢᠨ ᠣᠳᠣᠬᠢᠴᠢᠯᠠᠯᠲᠠ᠂ ᠠᠵᠤ ᠦᠢᠯᠡᠰᠵᠢᠯᠲᠡ᠎ᠶᠢ ᠠᠬᠢᠭᠤᠯᠬᠤ ᠬᠡᠷᠡᠭᠲᠡᠢ ᠭᠡᠪᠡ᠃ 

    ᠶᠢᠨ ᠯᠢ᠂ ᠦ᠋ ᠵᠧᠩ ᠯᠦᠩ ᠪᠠᠢᠴᠠᠭᠠᠨ ᠰᠤᠳᠤᠯᠤᠯᠲᠠ᠎ᠳᠤ ᠣᠷᠣᠯᠴᠠᠪᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
 
            