ᠰᠢᠨᠬᠤᠸᠠ ᠬᠤᠷᠢᠶ᠎ᠠ᠎ᠵᠢᠨ ᠲᠢᠶᠠᠨᠵᠢᠨ᠎ᠤ 9 ᠰᠠᠷ᠎ᠠ᠎ᠶᠢᠨ 1 ᠤ᠋ ᠴᠠᠬᠢᠯᠭᠠᠨ ᠮᠡᠳᠡᠭᠡ
9 ᠰᠠᠷ᠎ᠠ᠎ᠶᠢᠨ 1 ᠤ᠋ ᠦᠳᠡ᠎ᠶᠢᠨ ᠡᠮᠦᠨ᠎ᠡ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ ᠤᠯᠤᠰ᠎ᠤᠳ᠎ᠤᠨ ᠲᠦᠷᠦᠭᠦᠴᠦᠳ᠎ᠦᠨ ᠬᠡᠷᠡᠭ ᠡᠷᠬᠢᠯᠡᠭᠴᠢᠳ᠎ᠦᠨ ᠬᠤᠷᠠᠯ᠎ᠤᠨ ᠬᠣᠷᠢᠨ ᠲᠠᠪᠤᠳᠤᠭᠠᠷ ᠤᠳᠠᠭ᠎ᠠ᠎ᠶᠢᠨ ᠬᠤᠷᠠᠯ ᠲᠢᠶᠠᠨᠵᠢᠨ᠎ᠤ ᠮᠧᠢᠵᠢᠶᠠᠩ ᠬᠤᠷᠠᠯ ᠦᠵᠡᠰᠬᠦᠯᠡᠩ᠎ᠦᠨ ᠲᠥᠪ᠎ᠲᠦ ᠶᠠᠪᠤᠭᠳᠠᠪᠠ᠃ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ ᠬᠤᠷᠠᠯ᠎ᠢ ᠡᠷᠭᠢᠯᠡᠭᠰᠡᠨ ᠪᠥᠭᠡᠳ 《ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ ᠰᠠᠢᠨ ᠰᠠᠢᠬᠠᠨ ᠢᠷᠡᠭᠡᠳᠦᠢ᠎ᠶᠢ ᠴᠣᠭᠴᠠᠯᠠᠶ᠎ᠠ》 ᠭᠡᠬᠦ ᠰᠡᠳᠦᠪ᠎ᠢᠶᠡᠷ ᠴᠢᠬᠤᠯᠠ ᠶᠠᠷᠢᠶ᠎ᠠ ᠲᠠᠯᠪᠢᠪᠠ᠃

9 ᠰᠠᠷ᠎ᠠ᠎ᠶᠢᠨ 1 ᠤ᠋ ᠦᠳᠡ᠎ᠶᠢᠨ ᠡᠮᠦᠨ᠎ᠡ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ ᠤᠯᠤᠰ᠎ᠤᠳ᠎ᠤᠨ ᠲᠦᠷᠦᠭᠦᠴᠦᠳ᠎ᠦᠨ ᠬᠡᠷᠡᠭ ᠡᠷᠬᠢᠯᠡᠭᠴᠢᠳ᠎ᠦᠨ ᠬᠤᠷᠠᠯ᠎ᠤᠨ ᠬᠣᠷᠢᠨ ᠲᠠᠪᠤᠳᠤᠭᠠᠷ ᠤᠳᠠᠭ᠎ᠠ᠎ᠶᠢᠨ ᠬᠤᠷᠠᠯ ᠲᠢᠶᠠᠨᠵᠢᠨ᠎ᠤ ᠮᠧᠢᠵᠢᠶᠠᠩ ᠬᠤᠷᠠᠯ ᠦᠵᠡᠰᠬᠦᠯᠡᠩ᠎ᠦᠨ ᠲᠥᠪ᠎ᠲᠦ ᠶᠠᠪᠤᠭᠳᠠᠪᠠ᠃ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ ᠬᠤᠷᠠᠯ᠎ᠢ ᠡᠷᠭᠢᠯᠡᠭᠰᠡᠨ ᠪᠥᠭᠡᠳ 《ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ ᠰᠠᠢᠨ ᠰᠠᠢᠬᠠᠨ ᠢᠷᠡᠭᠡᠳᠦᠢ᠎ᠶᠢ ᠴᠣᠭᠴᠠᠯᠠᠶ᠎ᠠ》 ᠭᠡᠬᠦ ᠰᠡᠳᠦᠪ᠎ᠢᠶᠡᠷ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠰᠢᠶᠧ ᠬᠤᠸᠠᠨ ᠤ᠋ᠤᠢ ᠰᠡᠭᠦᠳᠡᠷᠯᠡᠪᠡ
9 ᠰᠠᠷ᠎ᠠ᠎ᠶᠢᠨ ᠲᠢᠶᠠᠨᠵᠢᠨ᠎ᠳᠤ ᠨᠠᠮᠤᠷ ᠰᠠᠭᠠᠳᠠᠵᠦ ᠠᠭᠤᠷ ᠠᠮᠢᠰᠬᠤᠯ ᠰᠡᠷᠢᠭᠦᠨ ᠲᠠᠭᠠᠯᠠᠮᠵᠢᠲᠠᠢ ᠪᠠᠢᠯ᠎ᠠ᠃ ᠮᠧᠢᠵᠢᠶᠠᠩ ᠬᠤᠷᠠᠯ ᠦᠵᠡᠰᠬᠦᠯᠡᠩ᠎ᠦᠨ ᠲᠥᠪ᠎ᠦᠨ ᠭᠠᠳᠠᠨ᠎ᠠ᠂ ᠬᠤᠷᠠᠯ᠎ᠳᠤ ᠣᠷᠣᠯᠴᠠᠭᠰᠠᠨ ᠡᠯ᠎ᠡ ᠤᠯᠤᠰ᠎ᠤᠨ ᠤᠯᠤᠰ᠎ᠤᠨ ᠲᠣᠭ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠬᠤᠷᠠᠯ᠎ᠤᠨ ᠲᠣᠭ ᠰᠠᠯᠬᠢᠨ᠎ᠤ ᠠᠶ᠎ᠠ᠎ᠪᠠᠷ ᠨᠠᠮᠢᠷᠠᠨ᠎ᠠ᠃ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ 2024-2025 ᠣᠨ᠎ᠤ ᠵᠢᠵᠢᠭᠦᠷ ᠲᠡᠷᠢᠭᠦᠯᠡᠭᠴᠢ ᠤᠯᠤᠰ᠎ᠤᠨ ᠤᠯᠤᠰ᠎ᠤᠨ ᠰᠦᠯᠳᠡ ᠣᠨᠴᠠ᠎ᠶᠢᠨ ᠢᠯᠡᠳᠡᠢ ᠬᠠᠷᠠᠭᠳᠠᠨ᠎ᠠ᠃
ᠰᠢ ᠵᠢᠨ ᠫᠢᠩ ᠬᠤᠷᠠᠯ᠎ᠳᠤ ᠣᠷᠣᠯᠴᠠᠭᠰᠠᠨ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ ᠤᠯᠤᠰ᠎ᠤᠳ᠎ᠤᠨ ᠤᠳᠤᠷᠢᠳᠬᠤ ᠬᠥᠮᠥᠰ᠂ ᠪᠠᠢᠩᠭᠤ᠎ᠶᠢᠨ ᠪᠠᠢᠭᠤᠯᠤᠮᠵᠢ᠎ᠶᠢᠨ ᠬᠠᠷᠢᠭᠤᠴᠠᠯᠭᠠᠲᠠᠨᠨᠠᠷ ᠲᠠᠢ ᠳᠣᠲᠣᠨᠣ᠌᠎ᠪᠠᠷ ᠭᠠᠷ ᠠᠳᠬᠤᠵᠤ ᠬᠠᠮᠲᠤ ᠭᠡᠷᠡᠯ ᠵᠢᠷᠤᠭ ᠲᠠᠲᠠᠭᠤᠯᠤᠭᠰᠠᠨᠤ ᠳᠠᠷᠠᠭ᠎ᠠ ᠲᠦᠷᠦᠭᠦᠴᠦᠳ᠎ᠦᠨ ᠬᠡᠷᠡᠭ ᠡᠷᠬᠢᠯᠡᠭᠴᠢᠳ᠎ᠦᠨ ᠬᠤᠷᠠᠯ᠎ᠢ ᠡᠷᠬᠢᠯᠡᠪᠡ᠃

9 ᠰᠠᠷ᠎ᠠ᠎ᠶᠢᠨ 1 ᠤ᠋ ᠦᠳᠡ᠎ᠶᠢᠨ ᠡᠮᠦᠨ᠎ᠡ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ ᠤᠯᠤᠰ᠎ᠤᠳ᠎ᠤᠨ ᠲᠦᠷᠦᠭᠦᠴᠦᠳ᠎ᠦᠨ ᠬᠡᠷᠡᠭ ᠡᠷᠬᠢᠯᠡᠭᠴᠢᠳ᠎ᠦᠨ ᠬᠤᠷᠠᠯ᠎ᠤᠨ ᠬᠣᠷᠢᠨ ᠲᠠᠪᠤᠳᠤᠭᠠᠷ ᠤᠳᠠᠭ᠎ᠠ᠎ᠶᠢᠨ ᠬᠤᠷᠠᠯ ᠲᠢᠶᠠᠨᠵᠢᠨ᠎ᠤ ᠮᠧᠢᠵᠢᠶᠠᠩ ᠬᠤᠷᠠᠯ ᠦᠵᠡᠰᠬᠦᠯᠡᠩ᠎ᠦᠨ ᠲᠥᠪ᠎ᠲᠦ ᠶᠠᠪᠤᠭᠳᠠᠪᠠ᠃ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ ᠬᠤᠷᠠᠯ᠎ᠢ ᠡᠷᠭᠢᠯᠡᠭᠰᠡᠨ ᠪᠥᠭᠡᠳ 《ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ ᠰᠠᠢᠨ ᠰᠠᠢᠬᠠᠨ ᠢᠷᠡᠭᠡᠳᠦᠢ᠎ᠶᠢ ᠴᠣᠭᠴᠠᠯᠠᠶ᠎ᠠ》 ᠭᠡᠬᠦ ᠰᠡᠳᠦᠪ᠎ᠢᠶᠡᠷ ᠴᠢᠬᠤᠯᠠ ᠶᠠᠷᠢᠶ᠎ᠠ ᠲᠠᠯᠪᠢᠪᠠ᠃ ᠵᠢᠷᠤᠭ ᠪᠤᠯ ᠰᠢ ᠵᠢᠨ ᠫᠢᠩ ᠬᠤᠷᠠᠯ᠎ᠳᠤ ᠣᠷᠣᠯᠴᠠᠭᠰᠠᠨ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ ᠤᠯᠤᠰ᠎ᠤᠳ᠎ᠤᠨ ᠤᠳᠤᠷᠢᠳᠬᠤ ᠬᠥᠮᠥᠰ᠂ ᠪᠠᠢᠩᠭᠤ᠎ᠶᠢᠨ ᠪᠠᠢᠭᠤᠯᠤᠮᠵᠢ᠎ᠶᠢᠨ ᠬᠠᠷᠢᠭᠤᠴᠠᠯᠭᠠᠲᠠᠨᠨᠠᠷ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ
ᠰᠢ ᠵᠢᠨ ᠫᠢᠩ᠂ ᠬᠤᠸᠠᠩ ᠫᠦ᠋ ᠵᠢᠶᠠᠩ ᠮᠥᠷᠡᠨ᠎ᠦ ᠬᠦᠪᠡᠬᠡ᠎ᠡᠴᠡ ᠬᠠᠢ᠍ᠢᠾᠸ ᠭᠣᠣᠯ᠎ᠤᠨ ᠬᠦᠪᠡᠬᠡ ᠬᠦᠷᠲᠡᠯ᠎ᠡ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠶᠡᠷᠦ ᠪᠤᠰᠤ᠎ᠶᠢᠨ ᠬᠥᠭᠵᠢᠯᠲᠡ᠎ᠶᠢᠨ ᠶᠠᠪᠤᠴᠠ᠎ᠶᠢ ᠥᠩᠭᠡᠷᠡᠭᠦᠯᠵᠡᠢ᠃ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠪᠠᠢᠭᠤᠯᠤᠭᠳᠠᠭᠰᠠᠨ 24 ᠵᠢᠯ᠎ᠦᠨ ᠲᠤᠷᠰᠢ᠂ ᠪᠦᠷᠢᠯᠳᠦᠭᠦᠨ ᠤᠯᠤᠰ᠎ᠤᠳ ᠬᠠᠷᠢᠯᠴᠠᠨ ᠢᠲᠡᠭᠡᠯᠴᠡᠬᠦ᠂ ᠬᠠᠷᠢᠯᠴᠠᠨ ᠠᠰᠢᠭ᠍ᠲᠠᠢ ᠪᠠᠢᠬᠤ᠂ ᠡᠷᠬᠡ ᠲᠡᠭᠰᠢ ᠪᠠᠢᠬᠤ᠂ ᠵᠥᠪᠳᠡᠯᠴᠡᠬᠦ᠂ ᠤᠯᠠᠨ ᠶᠠᠩᠵᠤᠲᠤ ᠪᠣᠯᠪᠠᠰᠤᠨ᠎ᠢ ᠬᠦᠨᠳᠦᠳᠬᠡᠬᠦ᠂ ᠬᠠᠮᠲᠤ᠎ᠶᠢᠨ ᠬᠥᠭᠵᠢᠯᠲᠡ᠎ᠶᠢ ᠡᠷᠢᠯᠬᠢᠯᠡᠬᠦ 《ᠱᠠᠩᠬᠠᠢ᠎ᠶᠢᠨ ᠵᠣᠷᠢᠭ᠋ ᠰᠠᠨᠠᠭ᠎ᠠ》᠎ᠶᠢ ᠪᠠᠷᠢᠮᠲᠠᠯᠠᠵᠤ᠂ ᠠᠵᠠ ᠲᠣᠬᠢᠶᠠᠯ᠎ᠢ ᠬᠠᠮᠲᠤ᠎ᠪᠠᠷ ᠡᠳ᠋ᠯᠡᠵᠦ᠂ ᠬᠥᠭᠵᠢᠯᠲᠡ᠎ᠶᠢ ᠬᠠᠮᠲᠤ᠎ᠪᠠᠷ ᠡᠷᠢᠯᠬᠢᠯᠡᠵᠦ᠂ ᠠᠯᠢ ᠤᠯᠠᠨ ᠪᠦᠲᠦᠭᠡᠯᠴᠢ ᠴᠢᠨᠠᠷᠲᠠᠢ ᠦᠷ᠎ᠡ ᠪᠦᠲᠦᠭᠡᠯ᠂ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠰᠢᠨ᠎ᠡ ᠬᠡᠯᠪᠡᠷᠢ᠎ᠶᠢᠨ ᠤᠯᠠᠨ ᠤᠯᠤᠰ᠎ᠤᠨ ᠬᠠᠷᠢᠯᠴᠠᠭᠠᠨ᠎ᠤ ᠬᠡᠪ ᠳᠠᠭᠤᠷᠢᠶᠠᠯ᠎ᠢ ᠪᠤᠢ ᠪᠣᠯᠭᠠᠪᠠ᠃ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠬᠢᠯᠢ ᠬᠢᠵᠠᠭᠠᠷ ᠣᠷᠣᠨ᠎ᠤ ᠴᠡᠷᠢᠭ᠎ᠦᠨ ᠶᠠᠪᠤᠳᠠᠯ᠎ᠤᠨ ᠬᠦᠷᠢᠶᠡᠨ᠎ᠦ ᠢᠲᠡᠭᠡᠯ᠎ᠦᠨ ᠲᠣᠭᠲᠡᠴᠡ᠎ᠶᠢ ᠤᠷᠢᠳ᠎ᠵᠢᠡᠷ ᠪᠠᠢᠭᠤᠯᠵᠤ᠂ 《ᠭᠤᠷᠪᠠᠨ ᠵᠦᠢᠯ᠎ᠦᠨ ᠬᠦᠴᠦᠨ》᠎ᠳᠦ ᠴᠣᠬᠢᠯᠲᠠ ᠥᠭᠬᠦ ᠤᠯᠠᠨ ᠲᠠᠯ᠎ᠠ᠎ᠶᠢᠨ ᠠᠵᠢᠯᠯᠠᠭ᠎ᠠ᠎ᠶᠢ ᠬᠠᠮᠤᠭ᠎ᠤᠨ ᠡᠷᠲᠡ ᠦᠷᠨᠢᠭᠦᠯᠵᠦ᠂ ᠭᠠᠵᠠᠷ ᠣᠷᠣᠨ᠎ᠤ ᠡᠩᠬᠡ ᠲᠠᠢᠪᠤᠩ ᠠᠮᠤᠷ ᠲᠣᠭᠲᠠᠭᠤᠨ᠎ᠢ ᠬᠠᠮᠠᠭᠠᠯᠠᠪᠠ; 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠬᠠᠮᠲᠤᠷᠠᠯᠴᠠᠭ᠎ᠠ᠎ᠶᠢ ᠤᠷᠢᠳ᠎ᠢᠶᠠᠷ ᠡᠬᠢᠯᠡᠭᠦᠯᠵᠦ᠂ ᠭᠠᠵᠠᠷ ᠣᠷᠣᠨ᠎ᠤ ᠬᠥᠭᠵᠢᠯ ᠴᠡᠴᠡᠭᠯᠡᠯ᠎ᠦᠨ ᠬᠥᠳᠡᠯᠭᠡᠬᠦ ᠬᠦᠴᠦᠨ᠎ᠢ ᠨᠡᠩ ᠭᠦᠢᠴᠡᠳ ᠪᠣᠯᠭᠠᠵᠤ᠂ ᠪᠣᠰᠣᠭ᠎ᠠ ᠴᠣᠭᠴᠠᠲᠤ ᠬᠣᠯᠪᠣᠯᠳᠤᠨ ᠨᠡᠪᠲᠡᠷᠡᠯᠴᠡᠬᠦ ᠲᠣᠣᠷ᠎ᠢ ᠨᠡᠩ ᠲᠡᠭᠦᠯᠳᠡᠷᠵᠢᠭᠦᠯᠪᠠ; ᠤᠷᠳᠤ ᠬᠤᠭᠤᠴᠠᠭᠠᠨ᠎ᠤ ᠡᠶᠡᠯᠳᠡᠭ ᠬᠥᠷᠰᠢ᠎ᠶᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ᠎ᠶᠢ ᠤᠷᠢᠳ᠎ᠵᠢᠡᠷ ᠲᠣᠭᠲᠠᠭᠠᠵᠤ᠂ ᠦᠶ᠎ᠡ᠎ᠶᠢᠨ ᠦᠶ᠎ᠡ᠎ᠳᠡᠭᠡᠨ ᠨᠥᠬᠥᠷᠰᠡᠭ ᠪᠠᠢᠵᠤ᠂ ᠡᠭᠦᠷᠢᠳᠡ ᠳᠠᠢᠰᠤᠩᠨᠠᠬᠤ ᠦᠭᠡᠢ ᠪᠠᠢᠬᠤ᠎ᠶᠢ ᠲᠤᠩᠬᠠᠭᠯᠠᠵᠤ᠂ ᠡᠯ᠎ᠡ ᠪᠦᠷᠢᠯᠳᠦᠭᠦᠨ ᠤᠯᠤᠰ᠎ᠤᠨ ᠠᠷᠠᠳ ᠲᠦᠮᠡᠨ ᠤ ᠬᠠᠷᠢᠯᠴᠠᠨ ᠳᠣᠲᠣᠨᠣᠴᠢᠯᠠᠬᠤ᠂ ᠠᠷᠠᠳ᠎ᠤᠨ ᠰᠡᠳᠬᠢᠯ ᠤᠨ ᠬᠠᠷᠢᠯᠴᠠᠨ ᠨᠡᠪᠲᠡᠷᠡᠯᠴᠡᠬᠦ᠎ᠶᠢ ᠠᠬᠢᠭᠤᠯᠪᠠ; ᠬᠠᠮᠲᠤ᠎ᠪᠠᠷ ᠵᠥᠪᠳᠡᠬᠦ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠡᠳ᠋ᠯᠡᠬᠦ ᠪᠦᠬᠦ ᠪᠥᠮᠪᠥᠷᠴᠡᠭ᠎ᠦᠨ ᠵᠠᠰᠠᠯᠲᠠ᠎ᠶᠢᠨ ᠦᠵᠡᠯᠲᠡ᠎ᠶᠢ ᠤᠷᠢᠳ᠎ᠵᠢᠡᠷ ᠳᠤᠷᠠᠳᠴᠤ᠂ ᠵᠢᠩᠬᠢᠨᠢ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠵᠦ᠂ ᠳᠡᠯᠡᠬᠡᠢ᠎ᠶᠢᠨ ᠡᠩᠬᠡ ᠲᠠᠢᠪᠤᠩ ᠪᠣᠯᠣᠨ ᠬᠥᠭᠵᠢᠯᠲᠡ᠎ᠶᠢ ᠠᠬᠢᠭᠤᠯᠬᠤ᠎ᠳᠤ ᠢᠳᠡᠪᠬᠢ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠨᠢᠭᠡᠨᠲᠡ ᠳᠡᠯᠡᠬᠡᠢ᠎ᠶᠢᠨ ᠬᠠᠮᠤᠭ᠎ᠤᠨ ᠶᠡᠬᠡ ᠣᠷᠣᠨ ᠪᠦᠰᠡ᠎ᠶᠢᠨ ᠵᠣᠬᠢᠶᠠᠨ ᠪᠠᠢᠭᠤᠯᠤᠯᠲᠠ ᠪᠣᠯᠵᠤ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠪᠣᠯᠣᠨ ᠤᠷᠢᠶᠠᠯᠠᠬᠤ ᠬᠦᠴᠦᠨ ᠨᠢ ᠡᠳᠦᠷ ᠢᠷᠡᠬᠦᠶ᠎ᠡ ᠴᠢᠩᠭᠠᠷᠠᠵᠤ ᠪᠠᠢᠨ᠎ᠠ᠃ ᠢᠷᠡᠭᠡᠳᠦᠢ᠎ᠶᠢ ᠪᠠᠷᠠᠯᠠᠬᠤᠶ᠎ᠠ᠂ ᠡᠯ᠎ᠡ ᠪᠦᠷᠢᠯᠳᠦᠭᠦᠨ ᠤᠯᠤᠰ ᠮᠥᠨ ᠬᠦ᠌ 《ᠱᠠᠩᠬᠠᠢ᠎ᠶᠢᠨ ᠵᠣᠷᠢᠭ᠋ ᠰᠠᠨᠠᠭ᠎ᠠ》᠎ᠶᠢ ᠵᠢᠷᠤᠮᠯᠠᠵᠤ᠂ ᠯᠠᠪᠳᠠᠭᠤᠨ ᠪᠠᠲᠤᠲᠠᠢ᠎ᠪᠠᠷ ᠡᠷᠡᠮᠡᠬᠡᠢᠯᠡᠨ ᠤᠷᠤᠭᠰᠢᠯᠠᠵᠤ᠂ ᠵᠣᠬᠢᠶᠠᠨ ᠪᠠᠶ᠋ᠢᠭᠤᠯᠬᠤ ᠴᠢᠳᠠᠪᠬᠢ᠎ᠪᠠᠨ ᠨᠡᠩ ᠰᠠᠢᠲᠤᠷ ᠪᠠᠳᠠᠷᠠᠭᠤᠯᠬᠤ ᠴᠢᠬᠤᠯᠠᠲᠠᠢ᠃
ᠨᠢᠭᠡ᠎ᠳᠦ᠂ ᠠᠳᠠᠯᠢ ᠲᠠᠯ᠎ᠠ᠎ᠪᠠᠨ ᠨᠢᠭᠡᠳᠬᠡᠨ ᠵᠥᠷᠢᠶ᠎ᠡ᠎ᠪᠡᠨ ᠦᠯᠡᠳᠡᠭᠡᠬᠦ᠎ᠶᠢ ᠪᠠᠷᠢᠮᠲᠠᠯᠠᠨ᠎ᠠ᠃ ᠲᠤᠰ ᠲᠤᠰ᠎ᠤᠨ᠎ᠢᠶᠠᠨ ᠵᠥᠷᠢᠶ᠎ᠡ᠎ᠶᠢ ᠬᠦᠨᠳᠦᠳᠬᠡᠵᠦ᠂ ᠪᠠᠢᠯᠳᠤᠬᠤ ᠪᠣᠳᠣᠯᠭ᠎ᠠ᠎ᠶᠢᠨ ᠣᠯᠣᠯᠴᠠᠭ᠎ᠠ᠎ᠪᠠᠨ ᠪᠠᠲᠤᠯᠠᠵᠤ᠂ ᠤᠯᠠᠨ᠎ᠤ ᠬᠠᠮᠲᠤ᠎ᠶᠢᠨ ᠲᠠᠨᠢᠯᠲᠠ ᠵᠢ ᠨᠢᠭ᠍ᠲᠠᠷᠠᠭᠤᠯᠵᠤ᠂ ᠪᠦᠯᠬᠦᠮᠳᠡᠯ ᠬᠠᠮᠵᠢᠯᠴᠠᠭ᠎ᠠ᠎ᠪᠠᠨ ᠴᠢᠩᠭᠠᠳᠬᠠᠵᠤ᠂ ᠬᠠᠮᠲᠤᠷᠠᠯᠴᠠᠭᠠᠨ᠎ᠤ ᠬᠡᠪᠴᠢᠶ᠎ᠡ᠎ᠪᠡᠨ ᠥᠷᠭᠡᠳᠬᠡᠵᠦ᠂ ᠡᠯ᠎ᠡ ᠤᠯᠤᠰ᠎ᠤᠨ ᠳᠠᠪᠠᠭᠤᠯᠢᠭ ᠲᠠᠯ᠎ᠠ ᠵᠢ ᠰᠠᠢᠲᠤᠷ ᠠᠰᠢᠭ᠍ᠯᠠᠵᠤ᠂ ᠲᠤᠰ ᠭᠠᠵᠠᠷ ᠣᠷᠣᠨ᠎ᠤ ᠡᠩᠬᠡ ᠲᠠᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ᠎ᠢ ᠠᠬᠢᠭᠤᠯᠬᠤ ᠬᠠᠷᠢᠭᠤᠴᠠᠯᠭ᠎ᠠ᠎ᠶᠢ ᠬᠠᠮᠲᠤ᠎ᠪᠠᠷ ᠡᠭᠦᠷᠭᠡᠯᠡᠶᠠ᠃
ᠬᠣᠶᠠᠷ᠎ᠲᠤ᠂ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠲᠡᠬᠦ᠎ᠶᠢ ᠪᠠᠷᠢᠮᠲᠠᠯᠠᠨ᠎ᠠ᠃ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠶᠢ ᠭᠦᠨᠵᠡᠭᠡᠢᠷᠡᠭᠦᠯᠵᠦ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠢ ᠬᠠᠮᠲᠤ᠎ᠪᠠᠷ ᠪᠦᠲᠦᠭᠡᠨ ᠪᠠᠢᠭᠤᠯᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ᠎ᠶᠢᠨ ᠳᠥᠭᠥᠮᠴᠢᠯᠡᠯᠲᠡ᠎ᠶᠢᠨ ᠲᠦᠪᠰᠢᠨ᠎ᠢ ᠳᠡᠭᠡᠭᠰᠢᠯᠡᠭᠦᠯᠵᠦ᠂ ᠡᠨᠧᠷᠭᠢ᠂ ᠰᠠᠭᠤᠷᠢ ᠲᠥᠬᠦᠭᠡᠷᠦᠮᠵᠢ᠂ ᠪᠣᠬᠢᠷᠲᠤᠯ ᠦᠭᠡᠢ ᠠᠵᠤ ᠦᠢᠯᠡᠰ᠂ ᠲᠣᠭᠠᠴᠢᠯᠠᠭᠰᠠᠨ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶᠡᠨ᠎ᠳᠡᠬᠢ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠬᠠᠷᠢᠯᠴᠠᠨ ᠠᠮᠵᠢᠯᠲᠠ ᠪᠦᠲᠦᠮᠵᠢ ᠣᠯᠬᠤ᠂ ᠢᠷᠡᠭᠡᠳᠦᠢ᠎ᠪᠡᠨ ᠬᠠᠮᠲᠤ᠎ᠪᠠᠷ ᠴᠣᠭᠴᠠᠯᠠᠬᠤ ᠳᠤᠮᠳᠠ ᠬᠠᠮᠲᠤ᠎ᠪᠠᠷ ᠣᠳᠣᠬᠢᠴᠢᠯᠠᠯᠲᠠ ᠳᠠᠢᠰᠢ ᠤᠷᠤᠭᠰᠢᠯᠠᠶ᠎ᠠ᠃
ᠭᠤᠷᠪᠠ᠎ᠳᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠢᠬᠤ᠎ᠶᠢ ᠪᠠᠷᠢᠮᠲᠠᠯᠠᠨ᠎ᠠ᠃ ᠰᠣᠶᠣᠯ ᠢᠷᠭᠡᠨᠰᠢᠯ᠎ᠦᠨ ᠰᠣᠯᠢᠯᠴᠠᠭ᠎ᠠ ᠳᠤᠮᠳᠠ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣ᠌ ᠶᠠᠪᠤᠯᠴᠠᠵᠤ᠂ ᠠᠵᠤ ᠠᠬᠤᠢ᠎ᠶᠢᠨ ᠬᠠᠮᠲᠤᠷᠠᠯᠴᠠᠭ᠎ᠠ ᠳᠤᠮᠳᠠ ᠬᠦᠴᠦᠯᠡᠨ ᠳᠡᠮᠵᠢᠯᠴᠠᠵᠤ᠂ ᠥᠪᠡᠷᠪᠡᠶᠡ ᠪᠠ ᠦᠭᠡᠷ᠎ᠡ ᠪᠤᠰᠤᠳ᠎ᠲᠤ ᠦᠢᠯᠡᠴᠢᠯᠡᠬᠦ᠂ ᠭᠤᠸ᠎ᠠ ᠰᠠᠢᠬᠠᠨ᠎ᠢ ᠬᠠᠮᠲᠤ᠎ᠪᠠᠷ ᠡᠳ᠋ᠯᠡᠬᠦ᠂ ᠡᠶ᠎ᠡ ᠨᠠᠢᠷᠲᠠᠢ ᠬᠠᠮᠲᠤ᠎ᠪᠠᠷ ᠣᠷᠣᠰᠢᠬᠤ ᠪᠣᠯᠪᠠᠰᠤᠨ᠎ᠤ ᠥᠨᠢᠷ ᠴᠡᠴᠡᠭ᠎ᠦᠨ ᠬᠦᠷᠢᠶᠡᠯᠡᠩ᠎ᠢ ᠭᠠᠷ ᠬᠣᠯᠪᠣᠯᠴᠠᠨ ᠪᠠᠢᠭᠤᠯᠤᠶ᠎ᠠ᠃
ᠳᠥᠷᠪᠡ᠎ᠳᠦ᠂ ᠲᠥᠪ ᠭᠣᠣᠯᠴᠢ ᠰᠢᠳᠤᠷᠭᠤ ᠶᠣᠰᠣ᠌᠎ᠶᠢ ᠪᠠᠷᠢᠮᠲᠠᠯᠠᠨ᠎ᠠ᠃ ᠳᠡᠯᠡᠬᠡᠢ᠎ᠶᠢᠨ ᠬᠣᠶᠠᠳᠤᠭᠠᠷ ᠶᠡᠬᠡ ᠳᠠᠢ᠍ᠢᠨ᠎ᠦ ᠵᠥᠪ ᠲᠡᠦᠬᠡ᠎ᠶᠢᠨ ᠦᠵᠡᠯᠲᠡ᠎ᠶᠢ ᠪᠠᠳᠠᠷᠠᠭᠤᠯᠵᠤ᠂ ᠬᠦᠢᠲᠡᠨ ᠳᠠᠢ᠍ᠢᠨ᠎ᠦ ᠰᠡᠳᠬᠢᠬᠦᠢ᠂ ᠯᠠᠭ᠌ᠸᠷᠦᠨ ᠡᠰᠡᠷᠭᠦᠴᠡᠯᠳᠦᠯ ᠪᠠ ᠡᠵᠡᠷᠬᠡᠭ ᠠᠵᠢᠯᠯᠠᠭ᠎ᠠ᠎ᠶᠢ ᠡᠰᠡᠷᠭᠦᠴᠡᠵᠦ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠪᠠᠷ ᠭᠣᠣᠯ ᠪᠣᠯᠭᠠᠭᠰᠠᠨ ᠤᠯᠠᠨ ᠤᠯᠤᠰ᠎ᠤᠨ ᠰᠢᠰᠲᠧᠮ᠎ᠢ ᠬᠠᠮᠠᠭᠠᠯᠠᠵᠤ᠂ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠪᠠᠷ ᠭᠣᠣᠯ ᠪᠣᠯᠭᠠᠭᠰᠠᠨ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠯ᠎ᠢ ᠳᠡᠮᠵᠢᠵᠦ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲᠧᠮ᠎ᠢ ᠪᠠᠶ᠋ᠢᠭᠤᠯᠬᠤ᠎ᠶᠢ ᠠᠬᠢᠭᠤᠯᠤᠶ᠎ᠠ᠃
ᠲᠠᠪᠤ᠎ᠳᠤ᠂ ᠪᠣᠳᠠᠲᠠᠢ᠎ᠶᠢ ᠡᠷᠬᠢᠮᠯᠡᠨ ᠥᠨᠳᠥᠷ ᠪᠦᠲᠦᠮᠵᠢᠲᠡᠢ ᠪᠠᠢᠬᠤ᠎ᠶᠢ ᠪᠠᠷᠢᠮᠲᠠᠯᠠᠨ᠎ᠠ᠃ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠠᠬᠢᠭᠤᠯᠵᠤ᠂ ᠡᠬᠢ ᠪᠠᠶᠠᠯᠢᠭ᠋᠎ᠤᠨ ᠣᠷᠣᠭᠤᠯᠤᠯᠲᠠ ᠪᠠ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠵᠣᠬᠢᠶᠠᠨ ᠪᠠᠢᠭᠤᠯᠤᠯᠲᠠ᠎ᠶᠢᠨ ᠲᠣᠭᠲᠡᠴᠡ᠎ᠶᠢ ᠨᠡᠩ ᠲᠡᠭᠦᠯᠳᠡᠷᠵᠢᠭᠦᠯᠵᠦ᠂ ᠰᠢᠢᠳᠪᠦᠷᠢᠲᠦ ᠪᠣᠳᠣᠯᠭ᠎ᠠ᠎ᠶᠢ ᠨᠡᠩ ᠰᠢᠨᠵᠢᠯᠡᠬᠦ ᠤᠬᠠᠭᠠᠨᠴᠢ᠂ ᠠᠵᠢᠯᠯᠠᠭ᠎ᠠ᠎ᠶᠢ ᠨᠡᠩ ᠥᠨᠳᠥᠷ ᠪᠦᠲᠦᠮᠵᠢᠲᠡᠢ ᠪᠣᠯᠭᠠᠵᠤ᠂ ᠪᠦᠷᠢᠯᠳᠦᠭᠦᠨ ᠤᠯᠤᠰ᠎ᠤᠳ᠎ᠤᠨ ᠠᠮᠤᠷ ᠲᠦᠪᠰᠢᠨ ᠪᠠ ᠠᠵᠤ ᠠᠬᠤᠢ᠎ᠶᠢᠨ ᠬᠠᠮᠲᠤᠷᠠᠯᠴᠠᠭ᠎ᠠ᠎ᠳᠤ ᠨᠡᠩ ᠬᠦᠴᠦᠲᠡᠢ ᠲᠤᠯᠭᠠᠭᠤᠷᠢᠯᠠᠯ ᠬᠠᠩᠭᠠᠶ᠎ᠠ ᠭᠡᠵᠦ ᠴᠢᠬᠤᠯᠠᠴᠢᠯᠠᠪᠠ᠃
ᠰᠢ ᠵᠢᠨ ᠫᠢᠩ᠂ ᠳᠤᠮᠳᠠᠳᠤ ᠤᠯᠤᠰ ᠢᠮᠠᠭᠲᠠ ᠲᠤᠰ ᠪᠡᠶ᠎ᠡ᠎ᠶᠢᠨ ᠬᠥᠭᠵᠢᠯᠲᠡ᠎ᠪᠡᠨ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠬᠥᠭᠵᠢᠯᠲᠡ᠎ᠲᠠᠢ ᠬᠣᠯᠪᠣᠵᠤ᠂ ᠡᠯ᠎ᠡ ᠪᠦᠷᠢᠯᠳᠦᠭᠦᠨ ᠤᠯᠤᠰ᠎ᠤᠨ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠲᠠᠢ ᠬᠣᠯᠪᠣᠵᠤ ᠪᠠᠢᠳᠠᠭ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ᠎ᠶᠢᠨ ᠬᠢᠨ᠎ᠲᠠᠢ ᠬᠠᠮᠲᠤ᠎ᠪᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠢᠳᠡᠪᠬᠢᠲᠡᠢ᠎ᠪᠡᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠰᠠᠢᠨ ᠰᠠᠢᠬᠠᠨ ᠢᠷᠡᠭᠡᠳᠦᠢ ᠲᠡᠢᠰᠢ ᠡᠷᠡᠰ ᠪᠠᠲᠤ ᠤᠷᠤᠭᠰᠢᠯᠠᠨ᠎ᠠ ᠭᠡᠵᠦ ᠵᠢᠭᠠᠵᠤ ᠭᠠᠷᠭᠠᠪᠠ (ᠶᠠᠷᠢᠶ᠎ᠠ ᠵᠢᠨ ᠪᠦᠬᠦ ᠠᠭᠤᠯᠭ᠎ᠠ ᠵᠢ ᠠᠰ ᠲᠤᠨᠢ ᠨᠡᠢᠲᠡᠯᠡᠪᠡ)᠃
ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ ᠤᠯᠤᠰ ᠪᠣᠯᠬᠤ ᠪᠸᠯᠤᠷᠦ᠋ᠰᠢᠶ᠎ᠠ ᠵᠢᠨ ᠶᠡᠷᠦᠩᠬᠡᠢᠯᠡᠭᠴᠢ ᠯᠦᠺᠠᠱᠸᠨᠺᠸ᠂ ᠡᠨᠡᠳᠬᠡᠭ᠎ᠦᠨ ᠶᠡᠷᠦᠩᠬᠡᠢ ᠰᠠᠢᠳ ᠮᠦᠸᠸᠳᠢ᠂ ᠢᠷᠡᠨ᠎ᠤ ᠶᠡᠷᠦᠩᠬᠡᠢᠯᠡᠭᠴᠢ ᠫᠸᠽᠸᠱᠺᠢᠶᠠᠨ᠂ ᠺᠠᠽᠠᠬ᠍ᠰᠲ᠋ᠠᠨᠤ ᠶᠡᠷᠦᠩᠬᠡᠢᠯᠡᠭᠴᠢ ᠲᠦᠸᠸᠺᠠᠶᠸᠹ᠂ ᠺᠢᠷᠬᠢᠽᠰᠲ᠋ᠠᠨ᠎ᠤ ᠶᠡᠷᠦᠩᠬᠡᠢᠯᠡᠭᠴᠢ ᠵᠠᠫᠠᠯᠤᠹ᠂ ᠫᠠᠺᠢᠰᠲ᠋ᠠᠨ᠎ᠤ ᠶᠡᠷᠦᠩᠬᠡᠢ ᠰᠠᠢᠳ ᠰᠢᠶᠠᠪᠠᠽ᠂ ᠤᠷᠤᠰ᠎ᠤᠨ ᠶᠡᠷᠦᠩᠬᠡᠢᠯᠡᠭᠴᠢ ᠫᠦᠲ᠋ᠢᠨ᠂ ᠲᠠᠵᠢᠺᠰᠲ᠋ᠠᠨ᠎ᠤ ᠶᠡᠷᠦᠩᠬᠡᠢᠯᠡᠭᠴᠢ ᠯᠠᠾᠸᠮᠸᠩ᠂ ᠦᠽᠪᠸᠺᠰᠲ᠋ᠠᠨ᠎ᠤ ᠶᠡᠷᠦᠩᠬᠡᠢᠯᠡᠭᠴᠢ ᠮᠢᠷᠵᠢᠶᠤᠤᠶᠸᠹ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠨᠠᠷᠢᠨ ᠪᠢᠴᠢᠭ᠎ᠦᠨ ᠳᠠᠷᠤᠭ᠎ᠠ ᠶᠧᠷᠮᠸᠢᠢᠺᠪᠠᠶᠸᠹ᠂ ᠭᠠᠵᠠᠷ ᠣᠷᠣᠨ᠎ᠤ ᠰᠦᠷᠳᠡᠭᠦᠯᠦᠯ᠎ᠢ ᠡᠰᠡᠷᠭᠦᠴᠡᠬᠦ ᠪᠠᠢᠭᠤᠯᠤᠮᠵᠢ᠎ᠶᠢᠨ ᠭᠦᠢᠴᠡᠳᠬᠡᠬᠦ ᠵᠥᠪᠯᠡᠯ᠎ᠦᠨ ᠡᠷᠬᠢᠯᠡᠭᠴᠢ ᠱᠠᠷᠱᠶᠸᠹ ᠤᠷᠢᠳ ᠬᠣᠵᠢᠳ ᠦᠭᠡ ᠬᠡᠯᠡᠪᠡ᠃ ᠡᠯ᠎ᠡ ᠲᠠᠯ᠎ᠠ᠎ᠶᠢᠨ ᠬᠢᠨ ᠳᠤᠮᠳᠠᠳᠤ ᠤᠯᠤᠰ᠎ᠤᠨ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠬᠥᠭᠵᠢᠯᠲᠡ᠎ᠶᠢ ᠠᠬᠢᠭᠤᠯᠬᠤ᠎ᠳᠤ ᠦᠵᠡᠭᠦᠯᠦᠭᠰᠡᠨ ᠬᠤᠪᠢ ᠨᠡᠮᠡᠷᠢ ᠪᠣᠯᠣᠨ ᠵᠢᠵᠢᠭᠦᠷ ᠲᠡᠷᠢᠭᠦᠯᠡᠭᠴᠢ ᠤᠯᠤᠰ᠎ᠤᠨ ᠲᠤᠰᠢᠶᠠᠯ᠎ᠢ ᠡᠭᠦᠷᠭᠡᠯᠡᠵᠦ ᠪᠠᠢᠭᠰᠠᠨ ᠬᠤᠭᠤᠴᠠᠭᠠᠨ᠎ᠳᠠᠬᠢ ᠭᠠᠷᠮᠠᠭᠠᠢ ᠦᠷ᠎ᠡ ᠪᠦᠲᠦᠮᠵᠢᠲᠡᠢ ᠠᠵᠢᠯ᠎ᠢ ᠳᠡᠭᠡᠳᠦ ᠬᠡᠮᠵᠢᠶ᠎ᠡ᠎ᠪᠡᠷ ᠦᠨᠡᠯᠡᠵᠦ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠣᠯᠣᠭᠰᠠᠨ ᠬᠥᠭᠵᠢᠯᠲᠡ᠎ᠶᠢᠨ ᠠᠮᠵᠢᠯᠲᠠ᠎ᠶᠢ ᠢᠳᠡᠪᠬᠢᠲᠡᠢ ᠦᠨᠡᠯᠡᠬᠦ᠎ᠶᠢᠨ ᠬᠠᠮᠲᠤ ᠳᠠᠷᠠᠭᠠᠴᠢ᠎ᠶᠢᠨ ᠱᠠᠲᠤᠨ᠎ᠤ ᠬᠠᠮᠲᠤᠷᠠᠯᠴᠠᠭᠠᠨ᠎ᠤ ᠲᠤᠬᠠᠢ ᠰᠠᠨᠠᠭᠤᠯᠭ᠎ᠠ ᠳᠤᠷᠠᠳᠪᠠ᠃ ᠡᠯ᠎ᠡ ᠲᠠᠯ᠎ᠠ᠎ᠶᠢᠨ ᠬᠢᠨ᠂ ᠳᠤᠮᠳᠠᠳᠤ ᠤᠯᠤᠰ᠎ᠯᠤᠭ᠎ᠠ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠨᠢ ᠡᠯ᠎ᠡ ᠤᠯᠤᠰ᠎ᠲᠤ ᠳᠤᠮᠳᠠᠳᠤ ᠤᠯᠤᠰ᠎ᠤᠨ ᠬᠥᠭᠵᠢᠯᠲᠡ᠎ᠶᠢᠨ ᠰᠢᠨ᠎ᠡ ᠠᠵᠠ ᠲᠣᠬᠢᠶᠠᠯ᠎ᠢ ᠬᠠᠮᠲᠤ᠎ᠪᠠᠷ ᠡᠳ᠋ᠯᠡᠭᠦᠯᠦᠨ᠎ᠡ᠂ ᠳᠤᠮᠳᠠᠳᠤ᠎ᠤᠯᠤᠰ᠎ᠤᠨ ᠳᠤᠷᠠᠳᠤᠭᠰᠠᠨ ᠭᠤᠷᠪᠠᠨ ᠶᠡᠬᠡ ᠪᠦᠬᠦ ᠪᠥᠮᠪᠥᠷᠴᠡᠭ᠎ᠦᠨ ᠰᠠᠨᠠᠭᠠᠴᠢᠯᠠᠭ᠎ᠠ ᠨᠢ ᠲᠣᠭᠲᠠᠭᠤᠨ ᠪᠤᠰᠤ ᠳᠡᠯᠡᠬᠡᠢ ᠳ᠋ᠠᠬᠢᠨ᠎ᠳᠤ ᠲᠣᠭᠲᠠᠭᠠᠯᠲᠤ ᠴᠢᠨᠠᠷ᠂ ᠲᠣᠭᠲᠠᠭᠤᠨ ᠴᠢᠨᠠᠷ᠎ᠢ ᠠᠪᠴᠢᠷᠠᠵᠦ ᠥᠭᠴᠡᠢ ᠭᠡᠵᠦ ᠰᠠᠨᠠᠯ ᠨᠢᠭᠡᠲᠡᠢ ᠦᠵᠡᠵᠡᠭᠡᠪᠡ᠃ ᠡᠯ᠎ᠡ ᠲᠠᠯ᠎ᠠ᠎ᠶᠢᠨ ᠬᠢᠨ 《ᠱᠠᠩᠬᠠᠢ᠎ᠶᠢᠨ ᠵᠣᠷᠢᠭ᠋ ᠰᠠᠨᠠᠭ᠎ᠠ》᠎ᠶᠢ ᠦᠷᠭᠦᠯᠵᠢᠯᠡᠨ ᠦᠢᠯᠡᠳᠦᠯᠭᠡᠵᠢᠭᠦᠯᠵᠦ᠂ ᠬᠠᠮᠲᠤ᠎ᠶᠢᠨ ᠲᠠᠨᠢᠯᠲᠠ᠎ᠪᠠᠨ ᠨᠢᠭ᠍ᠲᠠᠷᠠᠭᠤᠯᠵᠤ᠂ ᠪᠦᠯᠬᠦᠮᠳᠡᠨ ᠨᠢᠭᠡᠳᠴᠦ᠂ ᠭᠠᠷ ᠬᠣᠯᠪᠣᠯᠴᠠᠨ ᠤᠷᠤᠭᠰᠢᠯᠠᠵᠤ᠂ ᠤᠯᠤᠰ ᠲᠦᠷᠦ᠂ ᠠᠮᠤᠷ ᠲᠦᠪᠰᠢᠨ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠣᠶᠣᠯ ᠢᠷᠭᠡᠨᠰᠢᠯ ᠵᠡᠷᠭᠡ ᠬᠦᠷᠢᠶᠡᠨ᠎ᠳᠡᠬᠢ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠤᠯᠠᠮᠵᠢᠯᠠᠯᠲᠤ ᠪᠠ ᠤᠯᠠᠮᠵᠢᠯᠠᠯᠲᠤ ᠪᠤᠰᠤ ᠠᠮᠤᠷ ᠲᠦᠪᠰᠢᠨ᠎ᠦ ᠰᠦᠷᠳᠡᠭᠦᠯᠦᠯ᠎ᠢ ᠨᠢᠭᠡᠳᠦᠯᠲᠡᠢ ᠲᠥᠯᠥᠪᠵᠢᠭᠦᠯᠦᠨ ᠠᠷᠭᠠᠴᠡᠭᠠᠵᠤ᠂ 《ᠭᠤᠷᠪᠠᠨ ᠵᠦᠢᠯ᠎ᠦᠨ ᠬᠦᠴᠦᠨ》᠎ᠳᠦ ᠡᠷᠡᠰ ᠴᠣᠬᠢᠯᠲᠠ ᠥᠭᠴᠦ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠨᠡᠩ ᠥᠨᠳᠥᠷ ᠲᠦᠪᠰᠢᠨ ᠪᠦᠬᠦᠢ ᠬᠠᠮᠲᠤᠷᠠᠯᠴᠠᠭ᠎ᠠ ᠳᠤᠮᠳᠠ ᠨᠡᠩ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠶᠢ ᠠᠬᠢᠭᠤᠯᠵᠤ᠂ ᠭᠠᠵᠠᠷ ᠣᠷᠣᠨ ᠪᠠ ᠳᠡᠯᠡᠬᠡᠢ᠎ᠶᠢᠨ ᠲᠣᠭᠲᠠᠭᠤᠨ ᠬᠥᠭᠵᠢᠯ ᠴᠡᠴᠡᠭᠯᠡᠯ᠎ᠳᠦ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠰᠠᠨᠠᠯ ᠨᠢᠭᠡᠲᠡᠢ ᠵᠥᠪᠰᠢᠶᠡᠷᠡᠪᠡ᠃ ᠡᠯ᠎ᠡ ᠲᠠᠯ᠎ᠠ᠎ᠶᠢᠨ ᠬᠢᠨ᠂ ᠬᠤᠪᠢᠷᠠᠯᠲᠠ ᠶᠡᠬᠡᠲᠡᠢ ᠳᠡᠯᠡᠬᠡᠢ᠎ᠶᠢᠨ ᠪᠠᠢᠳᠠᠯ᠎ᠤᠨ ᠡᠮᠦᠨ᠎ᠡ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ ᠤᠯᠤᠰ᠎ᠤᠳ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭ᠎ᠠ᠎ᠪᠠᠨ ᠴᠢᠩᠭᠠᠳᠬᠠᠵᠤ᠂ ᠳᠡᠯᠡᠬᠡᠢ᠎ᠶᠢᠨ ᠬᠣᠶᠠᠳᠤᠭᠠᠷ ᠶᠡᠬᠡ ᠲᠠᠢ᠍ᠢᠨ᠎ᠦ ᠢᠯᠠᠯᠲᠠ᠎ᠶᠢᠨ ᠦᠷ᠎ᠡ ᠪᠦᠲᠦᠭᠡᠯ᠎ᠢ ᠬᠠᠮᠠᠭᠠᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠦᠨᠳᠦᠰᠦᠨ ᠳᠦᠷᠢᠮ᠎ᠦᠨ ᠵᠣᠷᠢᠯᠲᠠ ᠪᠠ ᠵᠠᠷᠴᠢᠮ᠎ᠢ ᠬᠠᠮᠠᠭᠠᠯᠠᠵᠤ᠂ ᠭᠠᠭᠴᠠ ᠲᠠᠯ᠎ᠠ᠎ᠶᠢᠨ ᠡᠵᠡᠷᠬᠡᠭᠯᠡᠯᠢ ᠡᠰᠡᠷᠭᠦᠴᠡᠵᠦ᠂ ᠬᠠᠮᠠᠭᠠᠯᠠᠬᠤ ᠦᠵᠡᠯ᠎ᠢ ᠡᠰᠡᠷᠭᠦᠴᠡᠵᠦ᠂ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠳᠡᠯᠡᠬᠡᠢ᠎ᠶᠢᠨ ᠲᠥᠪ ᠭᠣᠣᠯᠴᠢ ᠰᠢᠳᠤᠷᠭᠤ ᠶᠣᠰᠣ᠌᠎ᠶᠢ ᠬᠠᠮᠠᠭᠠᠯᠠᠨ᠎ᠠ ᠃ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠠᠢ᠍ᠢᠨ᠎ᠦ ᠢᠯᠠᠯᠲᠠ ᠪᠣᠯ ᠳᠤᠮᠳᠠᠳᠤ ᠤᠯᠤᠰ᠎ᠤᠨ ᠬᠥᠮᠥᠨ ᠲᠥᠷᠥᠯᠬᠢᠲᠡᠨ᠎ᠦ ᠡᠩᠬᠡ ᠲᠠᠢᠪᠤᠩ᠎ᠳᠤ ᠦᠵᠡᠭᠦᠯᠦᠭᠰᠡᠨ ᠴᠢᠬᠤᠯᠠ ᠶᠡᠬᠡ ᠬᠤᠪᠢ ᠨᠡᠮᠡᠷᠢ ᠮᠥᠨ᠂ ᠲᠡᠷᠡ ᠨᠢ ᠳᠤᠮᠳᠠᠳᠤ ᠤᠯᠤᠰ᠎ᠤᠨ ᠠᠷᠠᠳ ᠲᠦᠮᠡᠨ᠎ᠦ ᠡᠷᠡᠯᠬᠡᠭ ᠪᠠᠭᠠᠲᠤᠷᠯᠢᠭ᠋ ᠡᠷᠡᠰ ᠬᠠᠲᠠᠭᠤ ᠪᠠ ᠰᠢᠨᠲᠠᠷᠠᠰᠢ ᠦᠭᠡᠢ ᠵᠣᠷᠢᠭ᠋᠎ᠢ ᠢᠯᠡᠷᠡᠭᠦᠯᠦᠭᠰᠡᠨ ᠪᠣᠯᠬᠣᠷ ᠥᠨᠢ ᠡᠭᠦᠷᠢᠳᠡ ᠪᠠᠲᠤ ᠴᠡᠭᠡᠵᠢᠯᠡᠭᠦᠰᠢᠲᠡᠢ ᠶᠤᠮ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃
ᠪᠦᠷᠢᠯᠳᠦᠭᠦᠨ ᠤᠯᠤᠰ᠎ᠤᠳ᠎ᠤᠨ ᠤᠳᠤᠷᠢᠳᠬᠤ ᠬᠥᠮᠥᠰ 《ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠪᠦᠷᠢᠯᠳᠦᠭᠦᠨ ᠤᠯᠤᠰ᠎ᠤᠳ᠎ᠤᠨ ᠲᠦᠷᠦᠭᠦᠴᠦᠳ᠎ᠦᠨ ᠬᠡᠷᠡᠭ ᠡᠷᠬᠢᠯᠡᠭᠴᠢᠳ᠎ᠦᠨ ᠬᠤᠷᠠᠯ᠎ᠤᠨ ᠲᠢᠶᠠᠨᠵᠢᠨ᠎ᠤ ᠲᠤᠩᠬᠠᠭ》᠎ᠲᠤ ᠭᠠᠷᠤᠨ ᠦᠰᠦᠭ ᠵᠢᠷᠤᠬᠤ᠎ᠶᠢᠨ ᠬᠠᠮᠲᠤ ᠨᠡᠢᠲᠡᠯᠡᠵᠦ᠂ 《ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠢᠷᠡᠭᠡᠳᠦᠢ᠎ᠶᠢᠨ 10 ᠵᠢᠯ (2026-2035 ᠣᠨ)᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ》᠎ᠶᠢ ᠵᠥᠪᠰᠢᠶᠡᠷᠡᠵᠦ᠂ ᠳᠡᠯᠡᠬᠡᠢ᠎ᠶᠢᠨ ᠬᠣᠶᠠᠳᠤᠭᠠᠷ ᠶᠡᠬᠡ ᠲᠠᠢ᠍ᠢᠨ᠎ᠦ ᠢᠯᠠᠯᠲᠠ ᠪᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠪᠠᠢᠭᠤᠯᠤᠭᠳᠠᠭᠰᠠᠨ 80 ᠵᠢᠯ᠎ᠦᠨ ᠤᠢ᠎ᠶᠢᠨ ᠲᠤᠬᠠᠢ ᠢᠯᠡᠷᠬᠡᠢᠯᠡᠯᠲᠡ᠂ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠮᠵᠢ᠎ᠶᠢ ᠳᠡᠮᠵᠢᠬᠦ ᠲᠤᠬᠠᠢ ᠢᠯᠡᠷᠬᠡᠢᠯᠡᠯᠲᠡ᠂ ᠠᠮᠤᠷ ᠲᠦᠪᠰᠢᠨ᠂ ᠠᠵᠤ ᠠᠬᠤᠢ᠂ ᠰᠣᠶᠣᠯ ᠢᠷᠭᠡᠨᠰᠢᠯ᠎ᠦᠨ ᠬᠠᠮᠲᠤᠷᠠᠯᠴᠠᠭ᠎ᠠ ᠪᠠ ᠵᠣᠬᠢᠶᠠᠨ ᠪᠠᠢᠭᠤᠯᠤᠯᠲᠠ᠎ᠶᠢᠨ ᠴᠣᠭᠴᠠᠯᠠᠯᠲᠠ᠎ᠶᠢ ᠴᠢᠩᠭᠠᠳᠬᠠᠬᠤ ᠵᠡᠷᠭᠡ 24 ᠬᠤᠪᠢ ᠦᠷ᠎ᠡ ᠪᠦᠲᠦᠭᠡᠯ᠎ᠦᠨ ᠪᠢᠴᠢᠭ ᠮᠠᠲᠧᠷᠢᠶᠠᠯ᠎ᠢ ᠨᠡᠢᠲᠡᠯᠡᠪᠡ᠃
ᠪᠦᠷᠢᠯᠳᠦᠭᠦᠨ ᠤᠯᠤᠰ᠎ᠤᠳ᠎ᠤᠨ ᠤᠳᠤᠷᠢᠳᠬᠤ ᠬᠥᠮᠥᠰ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠠᠮᠤᠷ ᠲᠦᠪᠰᠢᠨ᠎ᠦ ᠰᠦᠷᠳᠡᠭᠦᠯᠦᠯ ᠪᠠ ᠥᠷᠢᠰᠦᠯᠳᠦᠭᠡᠨ᠎ᠢ ᠠᠷᠭᠠᠴᠡᠭᠠᠬᠤ ᠶᠡᠷᠦᠩᠬᠡᠢᠯᠡᠭᠰᠡᠨ ᠲᠥᠪ᠂ ᠤᠯᠤᠰ ᠠᠯᠤᠰᠯᠠᠭᠰᠠᠨ ᠵᠣᠬᠢᠶᠠᠨ ᠪᠠᠢᠭᠤᠯᠤᠯᠲᠠ᠎ᠶᠢᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠥᠪ᠂ ᠮᠡᠳᠡᠭᠡ ᠵᠠᠩᠭᠢ᠎ᠶᠢᠨ ᠠᠮᠤᠷ ᠲᠦᠪᠰᠢᠨ᠎ᠦ ᠲᠥᠪ᠂ ᠬᠣᠣᠷ ᠴᠠᠭᠠᠵᠠᠯᠠᠬᠤ ᠲᠥᠪ᠎ᠦᠨ ᠫᠠᠢᠰᠠ᠎ᠶᠢ ᠰᠡᠬᠦᠬᠦ ᠵᠢ ᠬᠠᠮᠲᠤ᠎ᠪᠠᠷ ᠭᠡᠷᠡᠴᠢᠯᠡᠪᠡ᠃
ᠬᠤᠷᠠᠯ᠎ᠡᠴᠡ ᠯᠠᠤᠰᠢ ᠶᠠᠷᠢᠯᠴᠠᠭᠠᠨ᠎ᠤ ᠬᠠᠨᠢᠲᠠᠨ᠎ᠢᠶᠠᠷ ᠬᠦᠯᠢᠶᠡᠨ ᠠᠪᠬᠤ᠎ᠶᠢ ᠰᠠᠨᠠᠯ ᠨᠢᠭᠡᠲᠡᠢ ᠵᠥᠪᠰᠢᠶᠡᠷᠡᠵᠦ᠂ ᠺᠢᠷᠬᠢᠽᠰᠲ᠋ᠠᠨᠵᠢᠡᠷ 2025 ᠣᠨ᠎ᠡᠴᠡ 2026 ᠣᠨ ᠪᠣᠯᠲᠠᠯᠠᠬᠢ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠵᠢᠵᠢᠭᠦᠷ ᠲᠡᠷᠢᠭᠦᠯᠡᠭᠴᠢ ᠤᠯᠤᠰ᠎ᠤᠨ ᠲᠤᠰᠢᠶᠠᠯ᠎ᠢ ᠡᠭᠦᠷᠭᠡᠯᠡᠭᠦᠯᠬᠦ ᠪᠡᠷ ᠲᠣᠭᠲᠠᠪᠠ᠃
ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠵᠡᠢ᠃