ᠲᠢᠶᠠᠨ ᠠᠨ ᠮᠸᠨ ᠲᠠᠯᠠᠪᠠᠶ᠎ᠳᠤ ᠦᠪᠡᠳᠡᠭ᠌ᠰᠢ ᠶᠡᠬᠡ ᠴᠡᠷᠢᠭ ᠠᠩᠬᠢ᠎ᠶᠢ ᠱᠢᠯᠭᠠᠨ ᠦᠵᠡᠬᠦ᠌ ᠶᠣᠰᠣᠯᠠᠯ ᠶᠠᠪᠤᠭᠤᠯᠵᠠᠢ
ᠰᠢ ᠵᠢᠨ ᠫᠢᠩ ᠴᠢᠬᠤᠯᠠ ᠶᠠᠷᠢᠶ᠎ᠠ ᠲᠠᠯᠪᠢᠭ᠍ᠰᠠᠨ ᠪᠥᠭᠡᠳ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠭᠢ᠎ᠶᠢ ᠱᠢᠯᠭᠠᠨ ᠦᠵᠡᠪᠡ
ᠰᠢ ᠵᠢᠨ ᠫᠢᠩ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠦᠪᠡᠳᠡᠭ᠌ᠰᠢ ᠶᠡᠬᠡᠪᠡᠷ ᠳᠤᠷᠠᠰᠭᠠᠵᠤ ᠪᠠᠢᠭ᠎ᠠ᠎ᠶ᠋ᠢᠨ ᠵᠣᠷᠢᠯᠭ᠎ᠠ ᠪᠤᠯ ᠲᠡᠦᠬᠡ᠎ᠶᠢ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠵᠤ᠂ ᠢᠷᠡᠭᠡᠳᠦᠢ᠎ᠶ᠋ᠢ ᠡᠭᠦᠳᠦᠨ ᠨᠡᠭᠡᠭᠡᠬᠦ᠌᠎ᠶ᠋ᠢᠨ ᠲᠥᠯᠥᠭᠡ ᠶᠤᠮ᠃ ᠳᠤᠮᠳᠠᠳᠤ᠎ᠶ᠋ᠢᠨ ᠦᠨᠳᠦᠰᠦᠲᠡᠨ ᠪᠣᠯ ᠬᠦᠴᠦᠷᠬᠡᠭ᠌ᠯᠡᠯ᠎ᠡᠴᠡ ᠠᠶᠤᠬᠤ ᠦᠭᠡᠢ᠂ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠠᠭᠤᠤ ᠶᠡᠬᠡ ᠦᠨᠳᠦᠰᠦᠲᠡᠨ ᠮᠥᠨ᠃ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠣᠯ ᠨᠠᠮ ᠪᠠ ᠠᠷᠠᠳ ᠲᠦᠮᠡᠨ᠎ᠦ ᠬᠡᠵᠢᠶᠡᠳᠡ ᠪᠦᠷᠢᠮᠦᠰᠦᠨ ᠢᠲᠡᠭᠡᠵᠦ᠍ ᠪᠣᠯᠬᠤ ᠪᠠᠭᠠᠲᠤᠷᠯᠢᠭ ᠴᠡᠷᠢᠭ ᠠᠩᠭᠢ ᠮᠥᠨ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠡᠷᠴᠢ ᠵᠣᠷᠢᠭ᠎ᠢᠶᠠᠨ ᠬᠥᠪᠴᠢᠯᠡᠨ ᠡᠷᠡᠯᠬᠡᠭ᠌ᠯᠡᠨ ᠤᠷᠤᠭ᠍ᠰᠢᠯᠠᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠰᠦᠷ ᠬᠦᠴᠦᠨ ᠬᠤᠷᠢᠭ᠍ᠯᠠᠭ᠍ᠳᠠᠰᠢ ᠦᠭᠡᠢ! ᠬᠥᠮᠦᠨ ᠲᠥᠷᠥᠯᠬᠢᠲᠡᠨ᠎ᠦ ᠡᠩᠬᠡ ᠲᠠᠢᠪᠤᠩ ᠪᠠ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ ᠯᠠᠪᠲᠠᠢ ᠢᠯᠠᠯᠲᠠ ᠣᠯᠤᠨ᠎ᠠ! ᠭᠡᠵᠦ ᠴᠢᠬᠤᠯᠠᠴᠢᠯᠠᠪᠠ
ᠯᠢ ᠴᠢᠶᠠᠩ ᠬᠤᠷᠠᠯ᠎ᠢ ᠡᠷᠭᠢᠯᠡᠵᠦ᠍ ᠵᠣᠣ ᠯᠸ ᠵᠢᠶ ᠸᠠᠩ ᠬᠤ᠌ ᠨᠢᠩ ᠼᠠᠢ ᠴᠢ ᠳ᠋ᠢᠩ ᠱᠢᠤᠸᠠᠢ ᠱᠢᠶᠠᠩ
ᠯᠢ ᠰᠢ ᠬᠠᠨ ᠵᠧᠩ ᠣᠷᠣᠯᠴᠠᠪᠠ
ᠭᠠᠳᠠᠭᠠᠳᠤ ᠤᠯᠤᠰ᠎ᠤᠨ 61 ᠤᠳᠤᠷᠢᠳᠭᠤ ᠬᠥᠮᠦᠨ ᠵᠢᠴᠢ ᠬᠣᠯᠪᠣᠭ᠍ᠳᠠᠯ ᠪᠦᠬᠦᠢ ᠤᠯᠤᠰ᠎ᠤᠨ ᠳᠡᠭᠡᠳᠦ ᠲᠡᠰ᠎ᠤᠨ ᠲᠥᠯᠥᠭᠡᠯᠡᠭ᠌ᠴᠢ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ᠂ ᠤᠤᠯ᠎ᠤᠨ ᠤᠯᠤᠰ ᠲᠦᠷᠦ᠍᠎ᠶ᠋ᠢᠨ ᠴᠢᠬᠤᠯᠠ ᠬᠥᠮᠦᠰ ᠤᠷᠢᠯᠭ᠎ᠠ ᠪᠠᠷ ᠶᠡᠬᠡ ᠬᠤᠷᠠᠯ᠎ᠳᠤ ᠣᠷᠣᠯᠴᠠᠪᠠ
ᠠᠭᠤᠤ ᠶᠡᠬᠡ ᠲᠡᠦᠬᠡ᠎ᠶ᠋ᠢᠨ ᠢᠯᠠᠯᠲᠠ᠎ᠶ᠋ᠢ ᠪᠠᠲᠤ ᠴᠡᠭᠡᠵᠢᠯᠡᠵᠦ᠍᠂ ᠱᠢᠳᠤᠷᠭᠤ ᠶᠣᠰᠣ ᠡᠩᠬᠡ ᠲᠠᠢᠪᠤᠩ᠎ᠤᠨ ᠬᠦᠴᠦᠨ᠎ᠢ ᠨᠢᠭ᠍ᠲᠠᠷᠠᠭᠤᠯᠤᠨ᠎ᠠ᠃ 9 ᠰᠠᠷ᠎ᠠ᠎ᠶ᠋ᠢᠨ 3᠎ᠤ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠦᠨ ᠲᠢᠶᠠᠨ ᠠᠨ ᠮᠸᠨ ᠲᠠᠯᠠᠪᠠᠶ᠎ᠳᠤ ᠦᠪᠡᠳᠡᠭ᠌ᠰᠢ ᠶᠡᠬᠡᠪᠡᠷ ᠶᠠᠪᠤᠭ᠍ᠳᠠᠵᠤ᠂ ᠦᠪᠡᠳᠡᠭ᠌ᠰᠢ ᠶᠡᠬᠡ ᠴᠡᠷᠢᠭ ᠠᠩᠬᠢ᠎ᠶᠢ ᠱᠢᠯᠭᠠᠨ ᠦᠵᠡᠬᠦ᠌ ᠶᠣᠰᠣᠯᠠᠯ᠎ᠢᠶᠠᠷ ᠳᠡᠯᠡᠬᠡᠶ᠎ᠶ᠋ᠢᠨ ᠠᠷᠠᠳ ᠲᠦᠮᠡᠨ ᠲᠠᠢ ᠬᠠᠮᠲᠤ ᠡᠨᠡ ᠬᠦ᠌ ᠠᠭᠤᠤ ᠶᠡᠬᠡ ᠡᠳᠦᠷ᠎ᠢ ᠳᠤᠷᠠᠰᠭᠠᠵᠤ᠂ ᠨᠡᠩ ᠭᠡᠭᠡᠨ ᠰᠠᠷᠠᠭᠤᠯ ᠢᠷᠡᠭᠡᠳᠦᠶ᠎ᠶ᠋ᠢ ᠬᠠᠮᠲᠤ᠎ᠪᠠᠷ ᠡᠭᠦᠳᠦᠨ ᠨᠡᠬᠡᠬᠡᠪᠡ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠭ᠍ᠰᠠᠨ ᠪᠥᠭᠡᠳ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠬᠢ᠎ᠶ᠋ᠢ ᠱᠢᠯᠭᠠᠨ ᠦᠵᠡᠪᠡ᠃

9 ᠰᠠᠷ᠎ᠠ᠎ᠶ᠋ᠢᠨ 3 ᠤ᠋ ᠡᠳᠦᠷ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠦᠨ ᠲᠢᠶᠠᠨ ᠠᠨ ᠮᠸᠨ ᠠᠭᠤᠳᠠᠮ ᠲᠠᠯᠠᠪᠠᠶ᠎ᠳᠤ ᠦᠪᠡᠳᠡᠭ᠌ᠰᠢ ᠶᠡᠬᠡᠪᠡᠷ ᠶᠠᠪᠤᠭ᠍ᠳᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠲᠡᠷᠢᠭᠦᠯᠡᠭ᠌ᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃
ᠱᠢᠨᠬᠤᠸᠠ ᠬᠤᠷᠢᠶ᠎ᠠ᠎ᠵᠢᠨ ᠰᠤᠷᠪᠤᠯᠵᠢᠯᠠᠭ᠍ᠴᠢ ᠰᠢᠶᠸ ᠬᠤᠸᠠᠨ ᠤ᠋ᠤᠢ ᠰᠡᠭᠦᠳᠡᠷᠯᠡᠪᠡ

9 ᠰᠠᠷ᠎ᠠ᠎ᠶ᠋ᠢᠨ 3 ᠤ᠋ ᠡᠳᠦᠷ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠦᠨ ᠲᠢᠶᠠᠨ ᠠᠨ ᠮᠸᠨ ᠠᠭᠤᠳᠠᠮ ᠲᠠᠯᠠᠪᠠᠶ᠎ᠳᠤ ᠦᠪᠡᠳᠡᠭ᠌ᠰᠢ ᠶᠡᠬᠡᠪᠡᠷ ᠶᠠᠪᠤᠭ᠍ᠳᠠᠪᠠ᠃ ᠵᠢᠷᠤᠭ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠶ ᠱᠦᠵᠢ᠂ ᠡᠣᠯᠣᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠲᠡᠷᠢᠭᠦᠯᠡᠭ᠌ᠴᠢ ᠰᠢ ᠵᠢᠨ ᠫᠢᠩ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠭᠢ᠎ᠶ᠋ᠢ ᠱᠢᠯᠭᠠᠨ ᠦᠵᠡᠵᠦ᠍ ᠪᠠᠢᠭ᠎ᠠ ᠨᠢ᠃
ᠱᠢᠨᠬᠤᠸᠠ ᠬᠤᠷᠢᠶ᠎ᠠ᠎ᠵᠢᠨ ᠰᠤᠷᠪᠤᠯᠵᠢᠯᠠᠭ᠍ᠴᠢ ᠯᠢ ᠭᠠᠩ ᠰᠡᠭᠦᠳᠡᠷᠯᠡᠪᠡ
ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ ᠯᠢ ᠴᠢᠶᠠᠩ ᠶᠡᠬᠡ ᠬᠤᠷᠠᠯ᠎ᠢ ᠡᠷᠬᠢᠯᠡᠪᠡ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ ᠵᠤᠤ ᠯᠸ ᠵᠶ᠋ᠢ᠂ ᠸᠠᠩ ᠬᠤ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠤᠯᠤᠰ᠎ᠤᠨ ᠳᠡᠳ᠋ ᠲᠡᠷᠢᠭᠦᠯᠡᠭ᠌ᠴᠢ ᠬᠠᠨ ᠵᠧᠩ ᠶᠡᠬᠡ ᠬᠤᠷᠠᠯ᠎ᠳᠤ ᠣᠷᠣᠯᠴᠠᠪᠠ᠃ ᠭᠠᠳᠠᠭᠠᠳᠤ ᠤᠯᠤᠰ᠎ᠤᠨ 61 ᠤᠯᠤᠰ᠎ᠤᠨ ᠲᠡᠷᠢᠭᠦᠨ᠂ ᠵᠠᠰᠠᠭ᠎ᠤᠨ ᠣᠷᠳᠣᠨ᠎ᠤ ᠲᠦᠷᠦᠭᠦᠴᠦᠳ ᠵᠢᠴᠢ ᠬᠣᠯᠪᠣᠭ᠍ᠳᠠᠯ ᠪᠦᠬᠦᠢ ᠤᠯᠤᠰ᠎ᠤᠨ ᠳᠡᠭᠡᠳᠦ ᠲᠡᠰ᠎ᠤᠨ ᠲᠥᠯᠥᠭᠡᠯᠡᠭ᠌ᠴᠢ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ᠂ ᠤᠤᠯ᠎ᠤᠨ ᠤᠯᠤᠰ ᠲᠦᠷᠦ᠍᠎ᠶ᠋ᠢᠨ ᠴᠢᠬᠤᠯᠠ ᠬᠥᠮᠦᠰ ᠶᠡᠬᠡ ᠬᠤᠷᠠᠯ᠎ᠳᠤ ᠣᠷᠣᠯᠴᠠᠪᠠ᠃
ᠨᠡᠢᠰᠯᠡᠯ ᠪᠡᠭᠡᠵᠢᠩ᠎ᠳᠦ᠂ ᠦᠩᠭᠡᠳᠦ ᠴᠡᠴᠡᠭ ᠦᠵᠡᠮᠵᠢ ᠪᠦᠷᠢᠳᠦᠬᠦᠯᠦᠨ᠂ ᠲᠤᠭ ᠳᠠᠯᠪᠠᠭ᠎ᠠ ᠨᠠᠮᠢᠷᠠᠨ᠎ᠠ᠃ ᠲᠢᠶᠠᠨ ᠠᠨ ᠮᠸᠨ ᠠᠰᠠᠷ ᠲᠥᠪ ᠶᠡᠬᠡᠮᠰᠦᠭ ᠰᠦᠨᠳᠡᠷᠯᠡᠵᠤ᠂ ᠲᠢᠶᠠᠨ ᠠᠨ ᠮᠸᠨ ᠲᠠᠯᠠᠪᠠᠢ᠎ᠶ᠋ᠢᠨ ᠠᠭᠤᠷ ᠠᠮᠢᠰᠭᠤᠯ ᠲᠦᠪ ᠬᠢᠴᠢᠶᠡᠩᠬᠦᠢ ᠪᠠᠢᠯ᠎ᠠ᠃ ᠠᠷᠠᠳ᠎ᠤᠨ ᠪᠠᠭᠠᠲᠤᠷᠴᠤᠳ᠎ᠤᠨ ᠳᠤᠷᠠᠰᠭᠠᠯ᠎ᠤᠨ ᠬᠥᠱᠢᠢ᠎ᠡ᠎ᠶ᠋ᠢᠨ ᠡᠮᠦᠨ᠎ᠡ᠂ 《ᠪᠤᠯᠤᠳ ᠤᠷᠳᠤ ᠴᠠᠭᠠᠨ ᠬᠡᠷᠡᠮ》᠎ᠤᠨ ᠭᠣᠣᠯ ᠰᠡᠳᠦᠪᠲᠦ ᠦᠵᠡᠮᠵᠢ ᠰᠡᠬᠦᠢᠵᠤ᠂ 14 ᠲᠤᠬᠢᠶᠠᠨ ᠲᠠᠢᠰᠠᠨ ᠳᠡᠭᠡᠷ᠎ᠠ 《1945》᠂ 《2025》 ᠭᠡᠬᠦ᠌ ᠦᠰᠦᠭ ᠲᠠᠯᠪᠢᠵᠤ᠂ 14 《ᠡᠩᠬᠡ ᠲᠠᠢᠪᠤᠩ᠎ᠤᠨ ᠳᠠᠭ᠍ᠳᠠᠭᠠ》 ᠵᠢᠭᠦᠷ᠎ᠢᠶᠡᠨ ᠳᠡᠯᠭᠡᠨ ᠨᠢᠰᠪᠡ᠃ ᠠᠭᠠᠷ ᠳᠡᠭᠡᠷ᠎ᠡ᠎ᠡᠴᠡ ᠬᠠᠷᠠᠬᠤᠶ᠎ᠠ᠂ ᠲᠠᠯᠠᠪᠠᠢ᠎ᠳᠠᠬᠢ ᠬᠢᠳᠠᠳ ᠦᠰᠦᠭ 《众》 ᠬᠡᠯᠪᠡᠷᠢ᠎ᠶᠢᠨ ᠶᠣᠰᠣᠯᠠᠯ᠎ᠤᠨ ᠲᠠᠢ᠌ᠰᠠ ᠰᠦᠷᠯᠢᠭ ᠰᠠᠢᠬᠠᠨ ᠳᠤᠳᠤᠷᠠᠵᠤ᠂ ᠡᠨᠡ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ᠎ᠤᠨ ᠠᠷᠠᠳ ᠲᠦᠮᠡᠨ ᠰᠡᠳᠭᠢᠯ ᠨᠢᠭᠡᠳᠦᠨ᠂ ᠲᠦᠮᠡᠨ ᠤᠯᠠᠨ᠎ᠢᠶᠠᠷ᠎ᠢᠶᠠᠨ ᠲᠡᠮᠦᠷ ᠭᠡᠷᠡᠮ ᠪᠤᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠲᠡᠢᠰᠢ ᠡᠷᠡᠮᠡᠬᠡᠢᠯᠡᠨ ᠤᠷᠤᠭ᠍ᠰᠢᠯᠠᠵᠤ ᠪᠠᠢᠬᠤ᠎ᠶ᠋ᠢ ᠪᠡᠯᠭᠡᠳᠡᠪᠠ᠃

9 ᠰᠠᠷ᠎ᠠ᠎ᠶᠢᠨ 3 ᠤ᠋ ᠡᠳᠦᠷ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠪᠡᠭᠡᠵᠢᠩ᠎ᠤᠨ ᠲᠢᠶᠠᠨ ᠠᠨ ᠮᠸᠨ ᠠᠭᠤᠳᠠᠮ ᠲᠠᠯᠠᠪᠠᠶ᠎ᠳᠤ ᠦᠪᠡᠳᠡᠭ᠌ᠰᠢ ᠶᠡᠬᠡᠪᠡᠷ ᠶᠠᠪᠤᠭ᠍ᠳᠠᠪᠠ᠃ ᠵᠢᠷᠤᠭ ᠪᠤᠯ ᠳᠤᠮᠳᠠᠳᠤ ᠤᠯᠤᠰ ᠤ᠋ᠨ ᠡᠪ ᠬᠠᠮᠳᠤ ᠨᠠᠮ ᠤ᠋ᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠨᠠᠷ ᠲᠢᠶᠠᠨ ᠠᠨ ᠮᠸᠨ ᠠᠰᠠᠷ ᠳᠡᠭᠡᠷ᠎ᠡ ᠪᠠᠢᠭ᠎ᠠ ᠨᠢ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠸᠠᠩ ᠶᠸ ᠰᠡᠭᠦᠳᠡᠷᠯᠡᠪᠡ
ᠦᠳᠡ᠎ᠶ᠋ᠢᠨ ᠡᠮᠦᠨᠡᠬᠢ 8 ᠴᠠᠭ 35 ᠮᠢᠨᠦ᠋ᠲ᠎ᠲᠦ᠂ ᠰᠢ ᠵᠢᠨ ᠫᠢᠩ ᠶᠡᠬᠡ ᠬᠤᠷᠠᠯ᠎ᠳᠤ ᠣᠷᠣᠯᠴᠠᠬᠤ ᠭᠠᠳᠠᠭᠠᠳᠤ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭᠠᠨᠠᠷᠲᠠᠶ ᠬᠠᠮᠲᠤ ᠱᠠᠳᠤ ᠪᠡᠷ ᠠᠯᠬᠤᠯᠠᠨ᠂ ᠲᠢᠶᠠᠨ ᠠᠨ ᠮᠸᠨ ᠠᠰᠠᠷ᠎ᠲᠤ ᠭᠠᠷᠪᠠ᠃ ᠰᠢ ᠵᠢᠨ ᠫᠢᠩ ᠶᠠᠫᠣᠨ᠎ᠢ ᠡᠰᠡᠷᠭᠦᠴᠡᠬᠦ᠌ ᠳᠠᠢ᠌ᠨ᠎ᠦ ᠠᠬᠠᠮᠠᠳ ᠪᠠᠢᠯᠳᠤᠭ᠍ᠴᠢ ᠠᠬᠠᠮᠠᠳ ᠨᠥᠬᠥᠳ᠎ᠦᠨ ᠲᠥᠯᠥᠭᠡᠯᠡᠭ᠌ᠴᠢᠳ ᠲᠠᠢ ᠳᠣᠲᠣᠨᠣ᠎ᠪᠠᠷ ᠭᠠᠷ ᠠᠳᠭᠤᠵᠤ᠂ ᠳᠡᠳᠡᠨ᠎ᠳᠦ ᠡᠷᠬᠢᠮ ᠳᠡᠭᠡᠳᠦ ᠬᠦᠨᠳᠦᠳᠭᠡᠯ ᠳᠡᠪᠱᠢᠭᠦᠯᠪᠡ᠃
《ᠰᠤᠩᠭᠠᠷᠢ ᠮᠥᠷᠡᠨ ᠳᠡᠭᠡᠷ᠎ᠡ》᠂ 《ᠲᠠᠢ ᠬᠠᠩ ᠱᠠᠨ ᠠᠭᠤᠯᠠᠨ᠎ᠳᠤ》᠂ 《ᠬᠠᠳᠤᠨ ᠭᠣᠣᠯ᠎ᠢ ᠬᠠᠮᠠᠭᠠᠯᠠᠶ᠎ᠠ》᠂ 《ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠬᠤ ᠦᠭᠡᠢ》 ᠵᠡᠷᠭᠡ ᠶᠠᠫᠣᠨ᠎ᠢ ᠡᠰᠡᠷᠭᠦᠴᠡᠬᠦ᠌ ᠲᠠᠢ᠌ᠨ᠎ᠦ ᠳᠤᠮᠳᠠ ᠮᠡᠨᠳᠦᠯᠡᠭ᠌ᠰᠡᠨ ᠰᠣᠩᠭᠣᠳᠠᠭ ᠳᠠᠭᠤᠤ᠎ᠨᠤᠭᠤᠳ ᠬᠠᠩᠭᠢᠨᠠᠵᠤ᠂ ᠤᠯᠠᠨ᠎ᠳᠤ ᠳᠤᠮᠳᠠᠳᠤ᠎ᠶ᠋ᠢᠨ ᠦᠨᠳᠦᠰᠦᠲᠡᠨ᠎ᠦ ᠲᠡᠷᠡ ᠬᠦ᠌ ᠪᠡᠷᠬᠡ ᠬᠠᠲᠠᠭᠤᠵᠢᠯᠲᠠᠢ᠂ ᠰᠦᠷ ᠵᠢᠪᠬᠤᠯᠠᠩᠲᠤ ᠣᠨ ᠰᠠᠷᠠᠶ᠋ᠢ ᠲᠠᠬᠢᠨ ᠪᠤᠳᠤᠭ᠍ᠳᠠᠭᠤᠯᠤᠨ᠎ᠠ᠃
8 ᠴᠠᠭ 55 ᠮᠢᠨᠦ᠋ᠲ᠎ᠲᠦ᠂ ᠰᠢ ᠵᠢᠨ ᠫᠢᠩ ᠵᠡᠷᠭᠡ ᠳᠤᠮᠳᠠᠳᠤ ᠭᠠᠳᠠᠭᠠᠳᠤ᠎ᠶ᠋ᠢᠨ ᠤᠳᠤᠷᠢᠳᠭᠤ ᠬᠥᠮᠦᠰ ᠲᠢᠶᠠᠨ ᠠᠨ ᠮᠸᠨ ᠠᠰᠠᠷ᠎ᠤᠨ ᠲᠡᠷᠢᠭᠦᠯᠡᠭ᠌ᠴᠢᠳ᠎ᠦᠨ ᠲᠠᠢᠰᠠᠨ᠎ᠳᠤ ᠬᠦᠷᠬᠦ᠌᠎ᠳᠦ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠱᠢᠪᠠ᠃
ᠡᠯᠧᠺᠲᠷᠣᠨ ᠳᠡᠯᠭᠡᠴᠡ ᠳᠡᠭᠡᠷ᠎ᠡ ᠴᠠᠭ᠎ᠤᠨ ᠳᠡᠭᠦᠵᠢᠩ ᠰᠠᠵᠢᠯᠠᠬᠤ ᠵᠢᠷᠤᠭ ᠢᠯᠡᠷᠡᠪᠡ᠃ ᠴᠠᠭ᠎ᠤᠨ ᠳᠡᠭᠦᠵᠢᠩ ᠰᠠᠵᠢᠯᠠᠬᠤ᠎ᠶᠢ ᠳᠠᠭᠠᠯᠳᠤᠨ᠂ 1945᠂ 1955᠂ 1965 ᠁ 2025 ᠵᠡᠷᠭᠡ ᠣᠨ᠎ᠤ ᠲᠣᠭ᠎ᠠ ᠳᠠᠷᠠᠭᠠᠯᠠᠨ ᠢᠯᠡᠷᠡᠯ᠎ᠡ᠃ 9 ᠴᠠᠭ᠎ᠲᠤ᠂ ᠴᠠᠭ ᠮᠡᠳᠡᠭᠡᠯᠡᠬᠦ᠌ ᠬᠤᠩᠬᠤ ᠳᠤᠤᠭᠠᠷᠴᠤ᠌᠂ ᠳᠤᠷᠠᠰᠭᠠᠬᠤ ᠶᠡᠬᠡ ᠬᠤᠷᠠᠯ ᠡᠬᠢᠯᠡᠪᠡ᠃

9 ᠰᠠᠷ᠎ᠠ᠎ᠵᠢᠨ 3 ᠤ᠋ ᠡᠳᠦᠷ᠂ ᠳᠤᠮᠳᠠᠳᠤ ᠤᠯᠤᠰ᠎ᠤᠨ ᠠᠷᠠᠳ ᠲᠦᠮᠡᠨ ᠤ᠋ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠵᠢᠨ ᠹᠠᠱ᠌ᠢᠰᠢ᠋ ᠡᠰᠡᠷᠭᠦᠴᠡᠬᠦ ᠳᠠᠢᠨ ᠢᠯᠠᠯᠲᠠ ᠣᠯᠤᠭᠰᠠᠨ 80 ᠵᠢᠯ᠎ᠤᠨ ᠣᠶ᠎ᠶᠢ ᠳᠤᠷᠠᠰᠬᠠᠬᠤ ᠶᠡᠬᠡ ᠬᠤᠷᠠᠯ ᠪᠡᠭᠡᠵᠢᠩ᠎ᠳᠦ ᠦᠪᠡᠳᠡᠭᠰᠢ ᠶᠡᠬᠡ ᠪᠡᠷ ᠶᠠᠪᠤᠭᠳᠠᠪᠠ᠃ ᠵᠢᠷᠤᠭ ᠪᠣᠯ ᠶᠠᠪᠠᠭᠠᠨ ᠵᠢᠭᠰᠠᠭᠠᠯ ᠤᠨ ᠡᠨᠭᠨᠡᠬᠡ ᠰᠢᠯᠭᠠᠨ ᠦᠵᠡᠬᠦ᠎ᠶᠢ ᠬᠦᠯᠢᠶᠡᠵᠦ ᠪᠠᠢᠭ᠎ᠠ ᠨᠢ᠃
ᠰᠢᠨᠬᠤᠸᠠ ᠬᠣᠷᠢᠶ᠎ᠠ᠎ᠵᠢᠨ ᠰᠤᠷᠪᠤᠯᠵᠢᠯᠠᠭᠴᠢ ᠰᠦᠨ ᠹᠸᠢ ᠰᠡᠭᠦᠳᠡᠷᠯᠡᠪᠡ
ᠪᠦᠭᠦᠳᠡᠭᠡᠷ᠎ᠢᠶᠡᠨ ᠲᠥᠪ ᠵᠣᠭ᠍ᠰᠣᠵᠤ᠂ ᠶᠣᠰᠣᠯᠠᠯ᠎ᠤᠨ ᠫᠤᠤ 80 ᠳᠤᠤᠭᠠᠷᠴᠤ᠌ ᠣᠭ᠍ᠲᠠᠷᠭᠤᠢᠳ᠋ᠦ ᠳᠠᠭᠤᠷᠢᠰᠦᠨ᠂ ᠤᠯᠤᠰ᠎ᠤᠨ ᠲᠤᠭ᠎ᠢ ᠬᠠᠮᠠᠭᠠᠯᠠᠬᠤ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ ᠲᠠᠪᠤᠨ ᠣᠳᠣᠲᠤ ᠤᠯᠠᠭᠠᠨ ᠲᠤᠭ᠎ᠢ ᠬᠠᠮᠠᠭᠠᠯᠠᠨ᠂ ᠢᠳᠡᠷᠡᠭᠦᠨ ᠠᠯᠬᠤᠭ᠎ᠠ᠎ᠪᠠᠷ ᠠᠷᠠᠳ᠎ᠤᠨ ᠪᠠᠭᠠᠲᠤᠷᠴᠤᠳ᠎ᠤᠨ ᠳᠤᠷᠠᠰᠭᠠᠯ᠎ᠤᠨ ᠬᠥᠱᠢᠢ᠎ᠡ᠎ᠡᠴᠡ ᠲᠠᠯᠠᠪᠠᠢ᠎ᠶ᠋ᠢᠨ ᠬᠣᠢᠲᠤ ᠲᠠᠯ᠎ᠠ᠎ᠶ᠋ᠢᠨ ᠲᠤᠭ ᠮᠠᠨᠳᠤᠭᠤᠯᠬᠤ ᠲᠤᠭᠤᠷᠢᠭ᠎ᠲᠤ ᠬᠦᠷᠪᠡ᠃ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠬᠠᠮᠲᠤᠷᠠᠭ᠍ᠰᠠᠨ ᠴᠡᠷᠢᠭ᠎ᠦᠨ ᠬᠥᠭ᠌ᠵᠢᠮ᠎ᠦᠨ ᠠᠩᠬᠢ ᠰᠦᠷ ᠵᠢᠪᠬᠤᠯᠠᠩᠲᠤ 《ᠵᠢᠷᠤᠮ᠎ᠤᠨ ᠴᠡᠷᠢᠭ᠎ᠦᠨ ᠤᠷᠤᠭ᠍ᠰᠢᠯᠠᠯᠲᠠ᠎ᠶ᠋ᠢᠨ ᠳᠠᠭᠤᠤ》᠎ᠶᠢ ᠬᠥᠭ᠌ᠵᠢᠮᠳᠡᠵᠦ᠍᠂ ᠲᠠᠯᠠᠪᠠᠢ ᠳᠠᠶᠠᠭᠠᠷ᠎ᠢᠶᠠᠨ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠳᠡ ᠳᠠᠭᠤᠤ᠎ᠶ᠋ᠢ ᠬᠠᠩᠭᠢᠨᠠᠲᠠᠯ᠎ᠠ ᠳᠠᠭᠤᠯᠠᠵᠤ᠂ ᠬᠤᠷᠴᠠ ᠰᠣᠷᠭᠣᠭ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂
ᠲᠢᠶᠠᠨ ᠠᠨ ᠮᠸᠨ ᠲᠠᠯᠠᠪᠠᠢ᠎ᠶ᠋ᠢᠨ ᠣᠭ᠍ᠲᠠᠷᠭᠤᠢ᠎ᠳᠤ ᠨᠠᠮᠢᠷᠠᠪᠠ᠃
ᠬᠠᠯᠠᠭᠤᠨ ᠠᠯᠠᠭ᠎ᠠ ᠲᠠᠱᠢᠯᠳᠠ᠎ᠶ᠋ᠢᠨ ᠳᠤᠮᠳᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠨᠡ ᠡᠳᠦᠷ ᠪᠢᠳᠡ ᠦᠪᠡᠳᠡᠭ᠌ᠰᠢ ᠶᠡᠬᠡ ᠴᠤᠭ᠍ᠯᠠᠭᠠᠨ ᠪᠤᠯᠵᠥ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠵᠤ ᠪᠠᠢᠨ᠎ᠠ᠂ ᠵᠣᠷᠢᠯᠭ᠎ᠠ ᠨᠢ ᠲᠡᠦᠬᠡ᠎ᠶᠢ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠡᠩᠬᠡ ᠲᠠᠢᠪᠤᠩ᠎ᠢ ᠨᠠᠨᠳᠢᠩᠨᠠᠵᠤ᠂ ᠢᠷᠡᠭᠡᠳᠦᠢ᠎ᠶ᠋ᠢ ᠡᠭᠦᠳᠦᠨ ᠨᠡᠭᠡᠭᠡᠬᠦ᠌᠎ᠶ᠋ᠢᠨ ᠲᠥᠯᠥᠭᠡ ᠶᠤᠮ ᠭᠡᠵᠤ ᠢᠯᠡᠳᠭᠡᠪᠡ᠃
ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠡᠮᠦᠨ᠎ᠡ᠎ᠡᠴᠡ᠂ ᠶᠠᠫᠣᠨ᠎ᠢ ᠡᠰᠡᠷᠭᠦᠴᠡᠬᠦ᠌ ᠳᠠᠢ᠌ᠨ᠎ᠳᠦ ᠣᠷᠣᠯᠴᠠᠵᠤ ᠥᠩᠭᠡᠷᠡᠭ᠌ᠰᠡᠨ ᠪᠦᠬᠦ᠌ ᠤᠯᠤᠰ᠎ᠤᠨ ᠠᠬᠠᠮᠠᠳ ᠪᠠᠢᠯᠳᠤᠭ᠍ᠴᠢ᠂ ᠠᠬᠠᠮᠠᠳ ᠨᠥᠬᠥᠳ᠂ ᠤᠯᠤᠰ᠎ᠢᠶᠠᠨ ᠬᠠᠢᠷᠠᠯᠠᠭᠴᠢ ᠬᠥᠮᠦᠰ ᠪᠠ ᠶᠠᠫᠣᠨ᠎ᠢ ᠡᠰᠡᠷᠭᠦᠴᠡᠭ᠌ᠰᠡᠨ ᠵᠠᠩᠵᠤᠨᠨᠠᠷ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠦ ᠢᠯᠠᠯᠲᠠ ᠤᠯᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠦᠭ᠌ᠰᠡᠨ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶ᠋ᠢᠨ ᠬᠥᠪᠡᠭᠦᠳ ᠥᠬᠢᠳ᠎ᠲᠦ ᠡᠷᠬᠢᠮ ᠳᠡᠭᠡᠳᠦ ᠬᠦᠨᠳᠦᠳᠭᠡᠯ ᠳᠡᠪᠱᠢᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠲᠦᠷᠢᠮᠡᠬᠡᠢᠯᠡᠯ᠎ᠢ ᠡᠰᠡᠷᠭᠦᠴᠡᠬᠦ᠎ᠳᠦ ᠬᠠᠪᠰᠤᠷᠴᠦ ᠲᠤᠰᠠᠯᠠᠭᠰᠠᠨ ᠭᠠᠳᠠᠭᠠᠳᠤ ᠤᠯᠤᠰ᠎ᠤᠨ ᠵᠠᠰᠠᠭ᠎ᠤᠨ ᠣᠷᠳᠣᠨ ᠪᠠ ᠤᠯᠠᠨ ᠤᠯᠤᠰ᠎ᠤᠨ ᠨᠥᠬᠥᠷᠰᠡᠭ ᠬᠥᠮᠦᠰ᠎ᠲᠦ ᠴᠢᠩ ᠰᠡᠳᠭᠢᠯ᠎ᠦᠨ ᠲᠠᠯᠠᠷᠬᠠᠯ ᠳᠡᠪᠱᠢᠭᠦᠯᠵᠦ᠍᠂ ᠡᠨᠡ ᠡᠳᠦᠷ᠎ᠦᠨ ᠶᠡᠬᠡ ᠬᠤᠷᠠᠯ᠎ᠳᠤ ᠣᠷᠣᠯᠴᠠᠭ᠍ᠰᠠᠨ ᠡᠯ᠎ᠡ ᠤᠯᠤᠰ᠎ᠤᠨ ᠵᠣᠴᠢᠳ᠎ᠢ ᠬᠠᠯᠠᠭᠤᠨ᠎ᠢᠶᠠᠷ ᠤᠭ᠍ᠲᠤᠵᠤ ᠪᠠᠢᠬᠤ᠎ᠪᠠᠨ ᠢᠯᠡᠳᠭᠡᠪᠡ᠃
ᠰᠢ ᠵᠢᠨ ᠫᠢᠩ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠪᠣᠯ ᠲᠤᠢᠯ᠎ᠤᠨ ᠬᠠᠲᠠᠭᠤᠵᠢᠯᠲᠠᠢ ᠠᠭᠤᠤ ᠶᠡᠬᠡ ᠲᠠᠢ᠌ᠨ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠨᠠᠭᠠᠴᠢᠯᠠᠨ ᠪᠠᠢᠭᠤᠯᠤᠭ᠍ᠰᠠᠨ ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠦ ᠨᠢᠭᠡᠳᠦᠮᠡᠯ ᠹᠷᠣᠨᠲ᠎ᠤᠨ ᠲᠤᠭ᠎ᠤᠨ ᠳᠣᠣᠷ᠎ᠠ᠂ ᠳᠤᠮᠳᠠᠳᠤ ᠤᠯᠤᠰ᠎ᠤᠨ ᠠᠷᠠᠳ ᠲᠦᠮᠡᠨ ᠬᠠᠳᠠᠨ ᠪᠠᠲᠤ ᠵᠣᠷᠢᠭ᠎ᠢᠶᠠᠷ ᠬᠦᠴᠦᠷᠬᠡᠭ ᠳᠠᠢᠰᠤᠨ᠎ᠲᠠᠶ ᠪᠠᠢᠯᠳᠤᠵᠤ᠂ ᠬᠠᠯᠠᠭᠤᠨ ᠠᠮᠢ ᠪᠦᠯᠢᠶᠡᠨ ᠴᠢᠰᠤ᠎ᠪᠠᠷ᠎ᠢᠶᠠᠨ ᠤᠷᠲᠤ ᠴᠠᠭᠠᠨ ᠬᠡᠷᠡᠮ᠎ᠢ ᠴᠣᠭ᠍ᠴᠠᠯᠠᠵᠤ᠂ ᠣᠷᠴᠢᠨ ᠦᠶ᠎ᠡ᠎ᠡᠴᠡ ᠨᠠᠭᠠᠱᠢᠬᠢ ᠭᠠᠳᠠᠭᠠᠳᠤ᠎ᠶ᠋ᠢᠨ ᠳᠠᠢᠰᠤᠨ᠎ᠤ ᠲᠦᠷᠢᠮᠡᠬᠡᠢᠯᠡᠯ᠎ᠢ ᠡᠰᠡᠷᠭᠦᠴᠡᠬᠦ᠌ ᠠᠩᠬᠠᠳᠠᠬᠴᠢ ᠪᠦᠷᠢᠨ ᠢᠯᠠᠯᠲᠠ᠎ᠶ᠋ᠢ ᠤᠯᠪᠠ᠃ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ ᠪᠣᠯ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ᠎ᠦ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ ᠤᠯᠤᠰ᠎ᠤᠨ ᠠᠷᠠᠳ ᠲᠦᠮᠡᠨ ᠯᠤᠲᠤ ᠶᠡᠬᠡ ᠦᠨᠳᠦᠰᠦᠲᠡᠨ᠎ᠦ ᠦᠷᠡᠭ᠌ᠳᠡᠯ᠎ᠢᠶᠡᠷ ᠬᠥᠮᠦᠨ ᠲᠥᠷᠥᠯᠬᠢᠲᠡᠨ᠎ᠦ ᠪᠣᠯᠪᠠᠰᠤᠨ᠎ᠢ ᠠᠪᠤᠷᠠᠬᠤ᠂ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠦᠭ᠌ᠰᠡᠨ ᠶᠤᠮ᠃ ᠬᠥᠮᠦᠨ ᠲᠥᠷᠥᠯᠬᠢᠲᠡᠨ᠎ᠦ ᠬᠤᠪᠢ ᠵᠠᠶᠠᠭ᠎ᠠ ᠵᠢᠷᠭᠠᠯ ᠵᠣᠪᠠᠯᠠᠩ᠎ᠢᠶᠠᠨ ᠬᠠᠮᠳᠤᠳᠬᠠᠬᠤ ᠶᠤᠰᠤᠳᠠᠢ᠂ ᠡᠯ᠎ᠡ ᠤᠯᠤᠰ᠂ ᠡᠯ᠎ᠡ ᠦᠨᠳᠦᠰᠦᠲᠡᠨ ᠭᠠᠭ᠍ᠴᠠ ᠬᠦ᠌ ᠡᠷᠬᠡ ᠲᠡᠭ᠌ᠰᠢ᠎ᠪᠡᠷ ᠬᠠᠨᠳᠤᠯᠴᠠᠵᠤ᠂ ᠡᠶ᠎ᠡ ᠨᠠᠢᠷᠲᠠᠢ᠎ᠪᠠᠷ ᠬᠠᠮᠲᠤ ᠣᠷᠣᠱᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠪᠠᠯ ᠰᠠᠶᠢ ᠬᠠᠮᠲᠤ᠎ᠶ᠋ᠢᠨ ᠠᠮᠤᠷ ᠲᠦᠪᠱᠢᠨ᠎ᠢ ᠬᠠᠮᠠᠭᠠᠯᠠᠵᠤ᠂ ᠲᠠᠢ᠌ᠨ᠎ᠦ ᠦᠨᠳᠦᠰᠦ ᠰᠤᠷᠪᠤᠯᠵᠢ᠎ᠶ᠋ᠢ ᠠᠷᠢᠯᠭᠠᠵᠤ᠂ ᠲᠡᠦᠬᠡ᠎ᠶ᠋ᠢᠨ ᠭᠤᠨᠢᠭ᠍ᠲᠤ ᠵᠦᠴᠦᠭᠡ᠎ᠶ᠋ᠢ ᠲᠠᠬᠢᠨ ᠲᠣᠭ᠍ᠯᠠᠭᠤᠯᠬᠤ ᠦᠭᠡᠢ ᠪᠠᠢᠵᠤ ᠴᠢᠳᠠᠨ᠎ᠠ ᠭᠡᠳᠡᠭ᠎ᠢ ᠲᠡᠦᠬᠡ ᠪᠢᠳᠡᠨ᠎ᠳᠤ ᠰᠡᠷᠡᠮᠵᠢᠯᠡᠭᠦᠯᠪᠡ ᠭᠡᠵᠤ ᠵᠢᠭᠠᠵᠤ ᠭᠠᠷᠭᠠᠵᠠᠢ᠃
ᠰᠢ ᠵᠢᠨ ᠫᠢᠩ᠂ ᠳᠤᠮᠳᠠᠳᠤ᠎ᠶ᠋ᠢᠨ ᠦᠨᠳᠦᠰᠦᠲᠡᠨ ᠪᠣᠯ ᠬᠦᠴᠦᠷᠬᠡᠭ᠌ᠯᠡᠯ᠎ᠡᠴᠡ ᠠᠶᠤᠬᠤ ᠦᠭᠡᠢ᠂ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠠᠭᠤᠤ ᠶᠡᠬᠡ ᠦᠨᠳᠦᠰᠦᠲᠡᠨ ᠮᠥᠨ᠃ ᠲᠤᠬᠠᠶ᠎ᠶ᠋ᠢᠨ ᠵᠢᠯ᠎ᠳᠦ᠂ ᠱᠢᠳᠤᠷᠭᠤ ᠶᠣᠰᠣ ᠬᠢᠭᠡᠳ ᠬᠠᠷᠭᠢᠰ ᠬᠡᠷᠴᠡᠭᠡᠶ᠂ ᠭᠡᠷᠡᠯ ᠬᠡᠭᠡ ᠬᠢᠭᠡᠳ ᠲᠦᠨᠡᠷ ᠬᠠᠷᠠᠩᠭᠤᠶ᠂ ᠳᠠᠪᠱᠢᠯᠲᠠ ᠬᠢᠭᠡᠳ ᠲᠡᠷᠰᠯᠡᠭᠦᠦ᠍ᠶ᠋ᠢᠨ ᠥᠭᠦᠵᠦ᠍ ᠰᠡᠭᠡᠬᠦ ᠦᠵᠡᠯᠴᠡᠭᠡᠨ᠎ᠦ ᠡᠮᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ ᠬᠠᠷᠭᠢᠰ ᠳᠠᠢᠰᠤᠨ᠎ᠳᠤ ᠬᠠᠮᠲᠤ᠎ᠪᠠᠷ ᠬᠣᠷᠣᠰᠴᠤ᠌᠂ ᠡᠷᠡᠯᠬᠡᠭ᠌ᠯᠡᠨ ᠪᠣᠰᠴᠤ᠌ ᠡᠰᠡᠷᠭᠦᠴᠡᠨ᠂ ᠤᠯᠤᠰ ᠣᠷᠣᠨ᠎ᠤ ᠣᠷᠣᠱᠢᠨ ᠲᠣᠭ᠍ᠲᠠᠨᠢᠬᠤ᠎ᠶ᠋ᠢᠨ ᠲᠥᠯᠥᠭᠡ ᠪᠠᠢᠯᠳᠤᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠲᠥᠯᠥᠭᠡ ᠪᠠᠢᠯᠳᠤᠵᠤ᠂ ᠬᠥᠮᠦᠨ ᠲᠥᠷᠥᠯᠬᠢᠲᠡᠨ᠎ᠦ ᠱᠢᠳᠤᠷᠭᠤ ᠶᠣᠰᠣᠨ᠎ᠤ ᠲᠥᠯᠥᠭᠡ ᠪᠠᠢᠯᠳᠤᠪᠠ᠃ ᠥᠨᠥᠳᠦᠷ ᠬᠥᠮᠦᠨ ᠲᠥᠷᠥᠯᠬᠢᠲᠡᠨ ᠡᠩᠬᠡ ᠲᠠᠢᠪᠤᠩ᠎ᠪᠠᠢᠬᠤ ᠦᠦ ᠡᠰᠡᠬᠦᠯ᠎ᠡ ᠲᠠᠢ᠌ᠨ ᠳᠠᠵᠢᠨ ᠬᠢᠬᠦ ᠦᠦ᠂ ᠶᠠᠷᠢᠯᠴᠠᠭ᠎ᠠ ᠬᠢᠬᠦ᠌ ᠦᠦ ᠡᠰᠡᠬᠦᠯ᠎ᠡ ᠡᠰᠡᠷᠭᠦᠴᠡᠯᠳᠦᠬᠦ᠌ ᠦᠦ᠂ ᠬᠠᠮᠲᠤ᠎ᠪᠠᠷ ᠠᠱᠢᠭ ᠬᠦᠷᠳᠡᠬᠦ᠌ ᠦᠦ ᠡᠰᠡᠬᠦᠯ᠎ᠡ ᠥᠯᠥ ᠡᠪᠰᠡᠬᠦᠤ᠋ᠦ ᠭᠡᠬᠦ ᠰᠣᠩᠭᠣᠯᠲᠠ᠎ᠳᠤ ᠲᠤᠯᠭᠠᠷᠠᠵᠤ ᠪᠠᠢᠨ᠎ᠠ᠃ ᠳᠤᠮᠳᠠᠳᠤ ᠤᠯᠤᠰ᠎ᠤᠨ ᠠᠷᠠᠳ ᠲᠦᠮᠡᠨ ᠡᠷᠡᠰ ᠪᠠᠲᠤ᠎ᠪᠡᠷ ᠲᠡᠦᠬᠡ᠎ᠶ᠋ᠢᠨ ᠵᠥᠪ ᠲᠠᠯ᠎ᠠ᠎ᠳᠤ ᠵᠣᠭ᠍ᠰᠣᠵᠤ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠳᠠᠪᠱᠢᠯᠲᠠ᠎ᠶ᠋ᠢᠨ ᠲᠠᠯ᠎ᠠ᠎ᠳᠤ ᠵᠣᠭ᠍ᠰᠣᠵᠤ᠂ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠡᠯ᠎ᠡ ᠤᠯᠤᠰ᠎ᠤᠨ ᠠᠷᠠᠳ ᠲᠦᠮᠡᠨ ᠲᠠᠢ ᠭᠠᠷ ᠬᠣᠯᠪᠣᠯᠴᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠤᠨ᠎ᠠ ᠭᠡᠵᠦ ᠴᠢᠬᠤᠯᠠᠴᠢᠯᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠣᠯ ᠨᠠᠮ ᠪᠠ ᠠᠷᠠᠳ ᠲᠦᠮᠡᠨ᠎ᠦ ᠬᠡᠵᠢᠶᠡᠲᠡ ᠪᠦᠷᠢᠮᠦᠰᠦᠨ ᠢᠲᠡᠭᠡᠵᠦ᠍ ᠪᠣᠯᠬᠤ ᠪᠠᠭᠠᠲᠤᠷᠯᠢᠭ ᠴᠡᠷᠢᠭ ᠠᠩᠭᠢ ᠮᠥᠨ᠃ ᠪᠦᠬᠦ᠌ ᠴᠡᠷᠢᠭ᠎ᠦᠨ ᠳᠠᠷᠤᠭ᠎ᠠ ᠪᠠᠢᠯᠳᠤᠭ᠍ᠴᠢᠳ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠦ᠍᠂ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠴᠡᠷᠢᠭ ᠠᠩᠬᠢ᠎ᠶ᠋ᠢ ᠲᠦᠷᠭᠡᠳᠭᠡᠨ ᠪᠠᠢᠭᠤᠯᠵᠤ᠂ ᠤᠯᠤᠰ᠎ᠤᠨ ᠡᠷᠬᠡ ᠮᠡᠳᠡᠯ᠂ ᠨᠢᠭᠡᠳᠦᠯ᠂ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠶ᠋ᠢ ᠡᠷᠡᠰ ᠬᠠᠮᠠᠭᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢᠯᠠᠯ ᠬᠠᠩᠭᠠᠵᠤ᠂ ᠳᠡᠯᠡᠬᠡᠢ᠎ᠶ᠋ᠢᠨ ᠡᠩᠬᠡ ᠲᠠᠢᠪᠤᠩ ᠬᠢᠭᠡᠳ ᠬᠥᠭ᠌ᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠰᠢ ᠵᠢᠨ ᠫᠢᠩ᠂ ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠦᠨ ᠤᠨᠤᠯ᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ ᠡᠷᠴᠢ ᠵᠣᠷᠢᠭ᠎ᠢᠶᠠᠨ ᠬᠥᠪᠴᠢᠯᠡᠨ ᠡᠷᠡᠮᠡᠬᠡᠢᠯᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ ᠬᠠᠮᠤᠭ ᠰᠡᠭᠦᠯ᠎ᠳᠦ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠰᠦᠷ ᠬᠦᠴᠦᠨ ᠬᠤᠷᠢᠬ᠍ᠯᠠᠭ᠍ᠳᠠᠰᠢ ᠦᠭᠡᠢ! ᠬᠥᠮᠦᠨ ᠲᠥᠷᠥᠯᠬᠢᠲᠡᠨ᠎ᠦ ᠡᠩᠬᠡ ᠲᠠᠢᠪᠤᠩ ᠬᠢᠭᠡᠳ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ ᠯᠠᠪᠲᠠᠢ ᠢᠯᠠᠯᠲᠠ ᠣᠯᠤᠨ᠎ᠠ! ᠭᠡᠵᠦ ᠴᠢᠬᠤᠯᠠᠴᠢᠯᠠᠪᠠ᠃
ᠰᠢ ᠵᠢᠨ ᠫᠢᠩ᠎ᠦᠨ ᠶᠠᠷᠢᠶ᠎ᠠ ᠲᠡᠭᠦᠰᠭᠦ ᠦᠶ᠎ᠡ᠎ᠳᠦ ᠲᠠᠯᠠᠪᠠᠢ ᠳᠠᠶᠠᠭᠠᠷ᠎ᠢᠶᠠᠨ ᠨᠢᠵᠢᠭᠢᠨᠡᠲᠡᠯ᠎ᠡ ᠠᠯᠠᠭ᠎ᠠ ᠲᠠᠱᠢᠬᠤ ᠳᠠᠭᠤᠨ ᠤᠳᠠᠲᠠᠯ᠎ᠠ ᠦᠷᠬᠦᠯᠵᠢᠯᠡᠪᠡ᠃
9 ᠴᠠᠭ 15 ᠮᠢᠨᠦ᠋ᠲ᠎ᠲᠦ᠂ ᠴᠡᠷᠢᠭ ᠠᠩᠬᠢ᠎ᠶᠢ ᠱᠢᠯᠭᠠᠨ ᠦᠵᠡᠬᠦ᠌ ᠶᠣᠰᠣᠯᠠᠯ ᠡᠬᠢᠯᠡᠵᠦ᠍᠂ ᠶᠤᠰᠤᠯᠠᠯ᠎ᠤᠨ ᠴᠡᠷᠢᠭ ᠤᠷᠤᠨ᠎ᠳᠠᠭᠠᠨ ᠵᠤᠭᠰᠤᠨ᠂ ᠴᠡᠷᠢᠭ᠎ᠦᠨ ᠬᠥᠭ᠌ᠵᠢᠮ᠎ᠦᠨ ᠠᠩᠬᠢ ᠴᠡᠷᠢᠭ᠎ᠦᠨ ᠵᠢᠭ᠍ᠰᠠᠭᠠᠯ ᠱᠢᠯᠭᠠᠨ ᠦᠵᠡᠬᠦ᠌ ᠶᠣᠰᠣᠯᠠᠯ᠎ᠤᠨ ᠪᠦᠷᠢᠶ᠎ᠡ᠎ᠶ᠋ᠢ ᠬᠠᠩᠭᠢᠨᠠᠭᠤᠯᠪᠠ᠃ ᠰᠢ ᠵᠢᠨ ᠫᠢᠩ ᠬᠤᠩ ᠴᠢ ᠱᠢᠯᠭᠠᠨ ᠦᠵᠡᠬᠦ᠌ ᠲᠡᠷᠭᠡᠨ᠎ᠳᠦ ᠰᠠᠭᠤᠵᠤ᠂ᠶᠢᠨ ᠱᠦᠢ ᠴᠢᠶᠣᠤ ᠬᠥᠭᠥᠷᠭᠡ᠎ᠪᠡᠷ ᠥᠩᠭᠡᠷᠡᠨ ᠴᠠᠩ ᠠᠨ ᠵᠡᠭᠡᠯᠢ᠎ᠳᠦ ᠭᠠᠷᠪᠠ᠃ ᠴᠡᠷᠢᠭ ᠠᠩᠬᠢ᠎ᠶᠢ ᠱᠢᠯᠭᠠᠨ ᠦᠵᠡᠬᠦ᠌ ᠶᠡᠷᠦᠩᠬᠡᠢ ᠵᠢᠯᠤᠭᠤᠳᠤᠬ᠍ᠴᠢ ᠬᠠᠨ ᠱᠧᠩ ᠶᠠᠨ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠬᠢ ᠵᠢᠭ᠍ᠰᠠᠵᠤ ᠳᠠᠭᠤᠰᠤᠭ᠍ᠰᠠᠨᠢ ᠮᠡᠳᠡᠭᠦᠯᠵᠦ᠍᠂ ᠰᠢ ᠵᠢᠨ ᠫᠢᠩ ᠱᠢᠯᠭᠠᠨ ᠦᠵᠡᠬᠦ᠌ ᠶᠣᠰᠣᠯᠠᠯ ᠡᠬᠢᠯᠡᠬᠦ᠌ ᠵᠠᠷᠯᠢᠭ ᠪᠠᠭᠤᠯᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠲᠣᠭ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠲᠣᠭ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠴᠡᠷᠢᠭ᠎ᠦᠨ ᠲᠣᠭ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠭᠢ᠎ᠶ᠋ᠢᠨ ᠬᠠᠮᠤᠭ᠎ᠤᠨ ᠡᠮᠦᠨ᠎ᠠ ᠲᠠᠯ᠎ᠠ᠎ᠳᠤ ᠪᠠᠢᠵᠤ᠂ ᠰᠢ ᠵᠢᠨ ᠫᠢᠩ ᠲᠡᠷᠭᠡᠨ᠎ᠳᠦ ᠰᠠᠭᠤᠵᠤ ᠨᠠᠮ᠎ᠤᠨ ᠲᠣᠭ᠂ ᠤᠯᠤᠰ᠎ᠤᠨ ᠲᠣᠭ᠂ ᠴᠡᠷᠢᠭ᠎ᠦᠨ ᠲᠣᠭ᠎ᠤᠨ ᠡᠮᠦᠨ᠎ᠡ ᠬᠦᠷᠴᠦ᠍᠂ ᠲᠣᠭ᠎ᠢ ᠱᠢᠷᠳᠡᠬᠦ᠌ ᠶᠣᠰᠣ ᠬᠢᠪᠠ᠃
ᠰᠦᠷ ᠵᠢᠪᠬᠤᠯᠠᠩᠲᠤ ᠴᠡᠷᠢᠭ᠎ᠦᠨ ᠬᠥᠭ᠌ᠵᠢᠮ᠎ᠦᠨ ᠠᠶᠠᠰ ᠳᠤᠮᠳᠠ᠂ ᠰᠢ ᠵᠢᠨ ᠫᠢᠩ ᠲᠡᠷᠭᠡᠨ᠎ᠳᠦ ᠰᠠᠭᠤᠵᠤ ᠥᠷᠭᠡᠨ ᠠᠭᠤᠳᠠᠮ ᠴᠠᠩ ᠠᠨ ᠵᠡᠭᠡᠯᠢ᠎ᠪᠡᠷ 13 ᠶᠠᠪᠠᠭᠠᠨ ᠵᠢᠭ᠍ᠰᠠᠭᠠᠯ᠂ 1 ᠪᠠᠢᠯᠳᠤᠭᠠᠨ᠎ᠤ ᠲᠤᠭ᠎ᠤᠨ ᠵᠢᠭ᠍ᠰᠠᠭᠠᠯ᠂ 22 ᠵᠡᠪᠰᠡᠭ ᠲᠣᠨᠣᠭ᠍ᠯᠠᠯ᠎ᠤᠨ ᠵᠢᠭ᠍ᠰᠠᠭᠠᠯ᠎ᠢ ᠳᠠᠷᠠᠭᠠᠯᠠᠨ ᠱᠢᠯᠭᠠᠨ ᠦᠵᠡᠪᠡ᠃ ᠱᠢᠯᠭᠠᠨ ᠦᠵᠡᠬᠦ᠌᠎ᠶ᠋ᠢ ᠬᠦᠯᠢᠶᠡᠬᠦ᠌ ᠴᠡᠷᠢᠭ ᠠᠩᠬᠢ᠎ᠶ᠋ᠢᠨ ᠲᠥᠷᠬᠦ᠌ ᠲᠥᠪ ᠴᠢᠩᠭ᠎ᠠ᠂ ᠴᠤᠭ ᠵᠢᠪᠬᠤᠭ᠎ᠠ ᠪᠠᠳᠠᠷᠠᠩᠭᠤᠢ᠂ ᠬᠤᠶᠠᠭ᠍ᠲᠤ ᠲᠡᠷᠭᠡ ᠲᠡᠷᠢ ᠲᠡᠭ᠌ᠰᠢ ᠵᠢᠭ᠍ᠰᠠᠵᠤ᠂ ᠰᠦᠷ ᠵᠢᠪᠬᠤᠭ᠎ᠠ᠎ᠲᠠᠶ ᠪᠠᠢᠯ᠎ᠠ᠃ ᠡᠨᠡ ᠪᠣᠯ ᠠᠷᠠᠳ᠎ᠤᠨ ᠴᠡᠷᠢᠭ ᠠᠩᠬᠢ ᠵᠠᠭᠤᠨ ᠵᠢᠯ ᠡᠷᠡᠮᠡᠬᠡᠢᠯᠡᠨ ᠤᠷᠤᠭ᠍ᠰᠢᠯᠠᠵᠤ ᠴᠡᠷᠢᠭ ᠪᠠᠢᠭᠤᠯᠤᠭ᠍ᠰᠠᠨ ᠴᠤ ᠱᠢᠨ᠎ᠡ ᠲᠦᠷᠢ ᠲᠥᠷᠬᠦ᠌ ᠪᠣᠯᠤᠨ᠎ᠠ᠂ ᠡᠨᠡ ᠪᠣᠯ ᠳᠤᠮᠳᠠᠳᠤ᠎ᠶ᠋ᠢᠨ ᠦᠨᠳᠦᠰᠦᠲᠡᠨ᠎ᠦ ᠳᠡᠯᠡᠬᠡᠢ᠎ᠶ᠋ᠢᠨ ᠡᠩᠭᠡ ᠲᠠᠢᠪᠤᠩ᠎ᠢ ᠬᠠᠮᠠᠭᠠᠯᠠᠬᠤ ᠡᠷᠡᠰ ᠪᠠᠲᠤ ᠲᠤᠩᠬᠠᠭ᠍ᠯᠠᠯ ᠪᠣᠯᠤᠨ᠎ᠠ᠃
《ᠨᠥᠬᠥᠳ᠎ᠨᠡᠷ ᠰᠠᠢ᠌ᠨ ᠪᠠᠢᠨ᠎ᠠ ᠦᠦ! 》᠂ 《ᠨᠥᠬᠥᠳ᠎ᠨᠡᠷ ᠵᠦᠳᠡᠷᠡᠯ᠎ᠡ! 》 ᠰᠢ ᠵᠢᠨ ᠫᠢᠩ᠎ᠦᠨ ᠳᠣᠲᠣᠨᠣ ᠮᠡᠨᠳᠦᠴᠢᠯᠡᠯ ᠴᠡᠷᠢᠭ᠎ᠦᠨ ᠰᠡᠳᠭᠢᠯ᠎ᠢ ᠬᠥᠭ᠌ᠵᠢᠭᠡᠪᠡ᠃ 《ᠲᠡᠷᠢᠭᠦᠯᠡᠭ᠌ᠴᠢ ᠰᠠᠢ᠌ᠨ ᠪᠠᠢᠨ᠎ᠠ ᠦᠦ! 》᠂ 《ᠠᠷᠠᠳ ᠲᠦᠮᠡᠨ᠎ᠳᠦ ᠦᠢᠯᠡᠴᠢᠯᠡᠨ᠎ᠡ! 》 ᠱᠢᠯᠭᠠᠨ ᠦᠵᠡᠬᠦ᠌᠎ᠶ᠋ᠢ ᠬᠦᠯᠢᠶᠡᠭ᠌ᠰᠡᠨ ᠳᠠᠷᠤᠭ᠎ᠠ ᠪᠠᠢᠯᠳᠤᠭ᠍ᠴᠢᠳ᠎ᠤᠨ ᠲᠡᠮᠡᠴᠡᠯ᠎ᠦᠨ ᠵᠣᠷᠢᠭ ᠪᠠᠳᠠᠷᠠᠩᠭᠤᠢ ᠪᠠᠢᠵᠤ᠂ ᠬᠠᠩᠭᠢᠨᠠᠮ᠎ᠠ ᠰᠠᠢᠬᠠᠨ ᠬᠠᠷᠢᠭᠤᠯᠲᠠ᠎ᠶ᠋ᠢᠨ ᠳᠠᠭᠤᠨ ᠣᠭ᠍ᠲᠠᠷᠭᠤᠢ ᠳ᠋ᠦ ᠳᠠᠭᠤᠷᠢᠰᠤᠨ᠎ᠠ᠃ ᠰᠢ ᠵᠢᠨ ᠫᠢᠩ ᠮᠠᠱᠢᠨ ᠲᠡᠷᠭᠡ᠎ᠪᠡᠷ ᠲᠢᠶᠠᠨ ᠠᠨ ᠮᠸᠨ᠎ᠳᠦ ᠪᠤᠴᠠᠬᠤ ᠵᠠᠮ᠎ᠳᠤ᠂ ᠱᠢᠯᠭᠠᠨ ᠦᠵᠡᠬᠦ᠌᠎ᠶ᠋ᠢ ᠬᠦᠯᠢᠶᠡᠬᠦ᠌ ᠳᠠᠷᠤᠭ᠎ᠠ ᠪᠠᠢᠯᠳᠤᠭ᠍ᠴᠢᠳ᠄ 《ᠨᠠᠮ᠎ᠤᠨ ᠵᠢᠯᠤᠭᠤᠳᠤᠯᠭ᠎ᠠ᠎ᠶ᠋ᠢ ᠲᠠᠭᠠᠨ᠎ᠠ! ᠢᠯᠭᠤᠭᠰᠠᠨ ᠳᠠᠢᠨ ᠬᠢᠨ᠎ᠡ! ᠱᠢᠯᠢᠳᠡᠭ ᠬᠡᠪ ᠰᠤᠷᠲᠠᠯ ᠲᠠᠢ! 》᠂ 《ᠱᠢᠳᠤᠷᠭᠤ ᠶᠣᠰᠣ ᠯᠠᠪᠲᠠᠢ ᠢᠯᠠᠨ᠎ᠠ! ᠡᠩᠬᠡ ᠲᠠᠢᠪᠤᠩ ᠯᠠᠪᠲᠠᠶ ᠢᠯᠠᠨ᠎ᠠ! ᠠᠷᠠᠳ ᠲᠦᠮᠡᠨ ᠯᠠᠪᠲᠠᠶ ᠢᠯᠠᠨ᠎ᠠ! 》 ᠭᠡᠵᠦ ᠳᠠᠭᠤᠨ ᠨᠢᠭᠡᠲᠡᠢ ᠬᠠᠰᠭᠢᠷᠪᠠ᠃
ᠱᠢᠯᠭᠠᠨ ᠦᠵᠡᠵᠦ᠍ ᠪᠠᠷᠠᠭ᠍ᠰᠠᠨ᠎ᠤ ᠳᠠᠷᠠᠭ᠎ᠠ᠂ ᠰᠢ ᠵᠢᠨ ᠫᠢᠩ ᠲᠢᠶᠠᠨ ᠠᠨ ᠮᠸᠨ ᠠᠰᠠᠷ᠎ᠲᠤ ᠭᠠᠷᠪᠠ᠃
9 ᠴᠠᠭ 44 ᠮᠢᠨᠦ᠋ᠲ᠎ᠲᠦ᠂ ᠠᠭᠠᠷᠲᠠᠬᠡᠷᠡᠬᠢ ᠲᠣᠭ ᠬᠠᠮᠠᠭᠠᠯᠠᠬᠤ ᠱᠠᠳᠤᠯᠵᠢᠨ ᠡᠩᠨᠡᠭᠡ ᠡᠩ ᠲᠡᠷᠢᠭᠦᠨ᠎ᠳᠦ ᠣᠯᠠᠨ᠎ᠤ ᠡᠮᠦᠨ᠎ᠡ ᠢᠯᠡᠷᠡᠵᠦ᠍᠂ ᠴᠡᠷᠢᠭ᠎ᠠᠩᠬᠢ᠎ᠶᠢ ᠱᠢᠯᠭᠠᠨ ᠦᠵᠡᠬᠦ᠌ ᠶᠣᠰᠣᠯᠠᠯ᠎ᠤᠨ ᠬᠦᠰᠢᠭᠡ ᠨᠡᠬᠡᠬᠡᠭᠳᠡᠪᠡ — 3 ᠡᠭ᠌ᠴᠡ ᠨᠢᠰᠭᠡᠯ ᠲᠣᠰ ᠲᠣᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠲᠤᠭ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠲᠣᠭ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠴᠡᠷᠢᠭ᠎ᠦᠨ ᠲᠣᠭ᠎ᠢ ᠡᠯᠭᠦᠵᠦ ᠰᠠᠯᠬᠢᠨ᠎ᠤ ᠠᠶ᠎ᠠ᠎ᠪᠠᠷ ᠤᠷᠤᠭ᠍ᠰᠢᠯᠠᠵᠤ᠂ 26 ᠡᠭ᠌ᠴᠡ ᠨᠢᠰᠭᠡᠯ ᠯᠤᠲᠤ ᠶᠡᠬᠡ 《80》 ᠭᠡᠯᠪᠡᠷᠢ᠎ᠶᠢ ᠪᠦᠷᠢᠯᠳᠦᠭᠦᠯᠵᠦ᠍᠂ 3 ᠡᠭ᠌ᠴᠡ ᠨᠢᠰᠭᠡᠯ ᠲᠣᠰ ᠲᠣᠰ 《ᠱᠢᠳᠤᠷᠭᠤ ᠶᠣᠰᠣ ᠯᠠᠪᠲᠠᠶ ᠢᠯᠠᠨ᠎ᠠ》᠂ 《ᠡᠩᠬᠡ ᠲᠠᠢᠪᠤᠩ ᠯᠠᠪᠲᠠᠶ ᠢᠯᠠᠨ᠎ᠠ》᠂ 《ᠠᠷᠠᠳ ᠲᠦᠮᠡᠨ ᠯᠠᠪᠲᠠᠶ ᠢᠯᠠᠨ᠎ᠠ》 ᠭᠡᠬᠦ᠌ ᠪᠢᠴᠢᠭᠡᠰᠦ᠎ᠶ᠋ᠢ ᠡᠯᠭᠦᠵᠦ᠍ ᠲᠢᠶᠠᠨ ᠠᠨ ᠮᠸᠨ ᠲᠠᠯᠠᠪᠠᠶ᠎ᠪᠠᠷ ᠨᠢᠰᠦᠨ ᠥᠩᠭᠡᠷᠡᠪᠡ᠃
ᠲᠣᠰ ᠤᠳᠠᠭᠠᠨ᠎ᠤ ᠴᠡᠷᠢᠭ᠎ᠠᠩᠬᠢ᠎ᠶᠢ ᠱᠢᠯᠭᠠᠨ ᠦᠵᠡᠬᠦ᠌ ᠶᠣᠰᠣᠯᠠᠯ᠎ᠳᠤ ᠨᠡᠢᠲᠡ 45 ᠵᠢᠭᠰᠠᠭᠠᠯ (ᠱᠠᠳᠤᠯᠵᠢᠨ ᠡᠩᠨᠡᠭᠡ)ᠴᠡᠷᠢᠭ ᠠᠩᠭᠢ ᠣᠷᠣᠯᠴᠠᠵᠤ᠂ ᠣᠯᠠᠩᠬᠢ ᠵᠡᠪᠰᠡᠭ ᠲᠣᠨᠣᠭ᠍ᠯᠠᠯ ᠠᠩᠬ᠎ᠠ ᠤᠳᠠᠭ᠎ᠠ ᠣᠯᠠᠨ᠎ᠤ ᠡᠮᠦᠨ᠎ᠡ ᠢᠯᠡᠷᠡᠵᠦ᠍᠂ ᠶᠠᠫᠣᠨ᠎ᠢ ᠡᠰᠡᠷᠭᠦᠴᠡᠬᠦ᠌ ᠲᠡᠢᠨ᠎ᠦ ᠪᠠᠭᠠᠲᠤᠷᠯᠢᠭ ᠴᠡᠷᠢᠭ ᠠᠩᠭᠢ᠎ᠶ᠋ᠢᠨ ᠠᠮᠢᠨ ᠰᠤᠳᠠᠰᠤ᠎ᠶᠢᠨ ᠤᠯᠠᠮᠵᠢᠯᠠᠯ᠎ᠢ ᠭᠦᠶ᠋ᠴᠡᠳ ᠢᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠴᠡᠷᠢᠭ ᠠᠩᠭᠢ᠎ᠶ᠋ᠢᠨ ᠤᠯᠤᠰ ᠲᠥᠷᠥ᠎ᠪᠡᠷ ᠴᠡᠷᠢᠭ ᠪᠠᠢᠭᠤᠯᠬᠤ ᠱᠢᠨ᠎ᠡ ᠳᠦᠷᠰᠦ ᠪᠠᠢᠳᠠᠯ᠂ ᠬᠦᠴᠦᠨ ᠴᠢᠳᠠᠯ᠎ᠤᠨ ᠪᠦᠲᠦᠴᠡ᠎ᠶᠢᠨ ᠱᠢᠨ᠎ᠡ ᠪᠠᠢᠷᠢᠱᠢᠭᠤᠯᠤᠯᠲᠠ᠂ ᠣᠳᠣᠬᠢᠴᠢᠯᠠᠬᠤ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠠᠬᠢᠴᠠ᠂ ᠲᠡᠢᠨ᠎ᠳᠦ ᠪᠡᠯᠡᠳᠭᠡᠵᠦ᠍ ᠲᠡᠢᠨ ᠬᠢᠬᠦ᠌ ᠱᠢᠨ᠎ᠡ ᠦᠷ᠎ᠡ ᠪᠦᠲᠦᠮᠵᠢ᠎ᠶ᠋ᠢ ᠭᠦᠶ᠋ᠴᠡᠳ ᠢᠯᠡᠷᠡᠭᠦᠯᠪᠡ᠃
ᠪᠠᠭᠠᠲᠤᠷ ᠴᠡᠷᠢᠭ ᠵᠢᠭ᠍ᠰᠠᠵᠤ᠂ ᠰᠦᠷ ᠵᠢᠪᠬᠤᠭ᠎ᠠ ᠪᠠᠳᠠᠷᠠᠨᠭᠭᠤᠢ᠃ ᠶᠣᠰᠣᠯᠠᠯ᠎ᠤᠨ ᠵᠢᠭ᠍ᠰᠠᠭᠠᠯ ᠨᠠᠮ᠎ᠤᠨ ᠲᠤᠭ᠂ ᠤᠯᠤᠰ᠎ᠤᠨ ᠲᠤᠭ᠂ ᠴᠡᠷᠢᠭ᠎ᠦᠨ ᠲᠤᠭ᠎ᠢ ᠥᠨᠳᠥᠷ ᠡᠷᠭᠦᠵᠦ᠍᠂ ᠵᠡᠭᠦᠨ ᠴᠠᠩ ᠠᠨ ᠵᠡᠭᠡᠯᠢ᠎ᠶ᠋ᠢ ᠳᠠᠭᠠᠨ ᠢᠳᠡᠷᠡᠭᠦᠨ ᠠᠯᠬᠤᠭ᠎ᠠ᠎ᠪᠠᠷ ᠠᠯᠬᠤᠨ ᠢᠷᠡᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠠᠷᠠᠳ᠎ᠤᠨ ᠴᠡᠷᠢᠭ ᠠᠩᠭᠢ ᠪᠣᠯ ᠥᠨᠢ ᠡᠭᠦᠷᠢᠳᠡ ᠤᠯᠤᠰ ᠣᠷᠣᠨ᠎ᠤ ᠬᠠᠮᠠᠭᠠᠯᠠᠭ᠍ᠴᠢ᠂ ᠥᠨᠢ ᠡᠭᠦᠷᠢᠳᠡ ᠨᠡᠢᠭᠡᠮ ᠵᠢᠷᠤᠮ᠎ᠤᠨ ᠬᠠᠮᠠᠭᠠᠯᠠᠭ᠍ᠴᠢ᠂ ᠥᠨᠢ ᠡᠭᠦᠷᠢᠳᠡ ᠠᠷᠠᠳ ᠲᠦᠮᠡᠨ᠎ᠦ ᠠᠱᠢᠭ ᠲᠤᠰᠠ᠎ᠶ᠋ᠢᠨ ᠬᠠᠮᠠᠭᠠᠯᠠᠭ᠍ᠴᠢ ᠮᠥᠨ᠃ ᠠᠷᠠᠳ᠎ᠤᠨ ᠴᠡᠷᠢᠭ ᠠᠩᠬᠢ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠭ᠌ᠰᠡᠨᠦ ᠳᠠᠷᠠᠭ᠎ᠠ ᠱᠢᠨ᠎ᠡ ᠬᠡᠯᠪᠡᠷᠢ᠎ᠶ᠋ᠢᠨ ᠴᠡᠷᠢᠭ᠎ᠦᠨ ᠲᠦᠷᠦᠯ ᠪᠠ ᠴᠡᠷᠢᠭ᠎ᠤᠨ ᠮᠡᠷᠭᠡᠵᠢᠯ᠎ᠤᠨ ᠲᠦᠷᠦᠯ᠎ᠤᠨ ᠪᠦᠲᠦᠴᠡ᠎ᠶ᠋ᠢᠨ ᠪᠠᠢᠷᠢᠱᠢᠭᠤᠯᠤᠯᠳᠠ᠎ᠶᠢ ᠪᠦᠷᠢᠯᠳᠦᠭᠦᠯᠵᠦ᠍᠂ 4 ᠴᠡᠷᠢᠭ᠎ᠤᠨ ᠲᠦᠷᠦᠯ᠂ 4 ᠴᠡᠷᠢᠭ᠎ᠤᠨ ᠮᠡᠷᠭᠡᠵᠢᠯ᠎ᠤᠨ ᠲᠦᠷᠦᠯ ᠪᠠ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠵᠢᠭ᠍ᠰᠠᠭᠠᠯ ᠠᠩᠬ᠎ᠠ ᠤᠳᠠᠭ᠎ᠠ ᠴᠡᠷᠢᠭ᠎ᠦᠨ ᠲᠦᠷᠦᠯ ᠪᠠ ᠴᠡᠷᠢᠭ᠎ᠤᠨ ᠮᠡᠷᠭᠡᠵᠢᠯ᠎ᠤᠨ ᠲᠦᠷᠦᠯ᠎ᠤᠨ ᠲᠤᠭ ᠪᠠ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠤᠭ᠎ᠢ ᠲᠥᠪᠯᠡᠷᠡᠩᠭᠦᠢ ᠬᠠᠷᠠᠭᠤᠯᠪᠠ᠃ ᠬᠠᠭᠤᠷᠠᠢ ᠵᠠᠮ᠎ᠤᠨ ᠴᠡᠷᠢᠭ᠎ᠦᠨ ᠵᠢᠭ᠍ᠰᠠᠭᠠᠯ᠂ ᠲᠠᠯᠠᠢ᠎ᠶ᠋ᠢᠨ ᠴᠡᠷᠢᠭ᠎ᠦᠨ ᠵᠢᠭ᠍ᠰᠠᠭᠠᠯ᠂ ᠠᠭᠠᠷ᠎ᠤᠨ ᠴᠡᠷᠢᠭ᠎ᠦᠨ ᠵᠢᠭ᠍ᠰᠠᠭᠠᠯ᠂ ᠲᠡᠢ᠌ᠷᠦᠯᠲᠦ ᠰᠤᠮᠤ᠎ᠶ᠋ᠢᠨ ᠴᠡᠷᠢᠭ᠎ᠦᠨ ᠵᠢᠭ᠍ᠰᠠᠭᠠᠯ ᠰᠦᠷ ᠵᠢᠪᠬᠤᠭᠠᠯᠢᠭ ᠪᠠᠢᠵᠤ᠂ ᠪᠠᠲᠦ ᠪᠡᠬᠢ ᠪᠤᠯᠤᠳ ᠬᠡᠷᠡᠮ ᠮᠡᠳᠦ ᠴᠠᠭ ᠦᠶ᠎ᠡ᠎ᠶ᠋ᠢᠨ ᠳᠦᠷᠰᠦ ᠪᠠᠢᠳᠠᠯ᠎ᠢ ᠢᠯᠡᠷᠡᠭᠦᠯᠪᠡ; ᠴᠡᠷᠢᠭ᠎ᠦᠨ ᠶᠠᠪᠤᠳᠠᠯ᠎ᠤᠨ ᠰᠠᠨᠰᠠᠷ᠎ᠤᠨ ᠠᠶᠠᠯᠠᠯ᠎ᠤᠨ ᠴᠡᠷᠢᠭ ᠠᠨᠭᠭᠢ᠎ᠶ᠋ᠢᠨ ᠵᠢᠭ᠍ᠰᠠᠭᠠᠯ᠂ ᠰᠦᠯᠵᠢᠶᠡᠨᠤᠷᠤᠨ ᠵᠠᠢ᠎ᠶ᠋ᠢᠨ ᠴᠡᠷᠢᠭ ᠠᠨᠭᠭᠢ᠎ᠶ᠋ᠢᠨ ᠵᠢᠭ᠍ᠰᠠᠭᠠᠯ᠂ ᠮᠡᠳᠡᠭᠡ ᠵᠠᠩᠭᠢ᠎ᠶ᠋ᠢᠨ ᠲᠤᠰᠠᠯᠠᠬᠤ ᠴᠡᠷᠢᠭ ᠠᠨᠭᠭᠢ᠎ᠶ᠋ᠢᠨ ᠵᠢᠭ᠍ᠰᠠᠭᠠᠯ᠂ ᠬᠠᠮᠲᠤᠷᠠᠭ᠍ᠰᠠᠨ ᠠᠷᠤ ᠲᠠᠯ᠎ᠠ᠎ᠶ᠋ᠢᠨ ᠪᠠᠲᠤᠯᠠᠭ᠎ᠠ᠎ᠶ᠋ᠢᠨ ᠴᠡᠷᠢᠭ ᠠᠨᠭᠭᠢ᠎ᠶ᠋ᠢᠨ ᠵᠢᠭ᠍ᠰᠠᠭᠠᠯ᠎ᠤᠨ ᠴᠤᠭ ᠵᠢᠪᠬᠤᠭ᠎ᠠ ᠪᠠᠳᠠᠷᠠᠵᠤ᠂ ᠥᠭᠡᠷᠡᠴᠢᠯᠡᠯᠲᠡ ᠬᠢᠵᠦ᠍ ᠴᠡᠷᠢᠭ᠎ᠢ ᠬᠦᠴᠦᠷᠬᠡᠭ᠌ᠵᠢᠭᠦᠯᠬᠦ᠌ ᠴᠣ ᠱᠢᠨ᠎ᠡ ᠪᠠᠢᠳᠠᠯ᠎ᠢ ᠲᠤᠰᠭᠠᠪᠠ; ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠎ᠶ᠋ᠢᠨ ᠵᠢᠭᠰᠠᠭᠠᠯ ᠣᠮᠣᠭ ᠲᠡᠭᠦᠯᠳᠡᠷ᠎ᠢᠶᠡᠷ ᠤᠷᠤᠭ᠍ᠰᠢᠯᠠᠵᠤ᠂ ᠦᠨᠡᠨᠴᠢ ᠱᠢᠳᠤᠷᠭᠤ ᠬᠠᠮᠠᠭᠠᠯᠠᠭ᠍ᠴᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠢᠯᠡᠷᠡᠭᠦᠯᠪᠡ; ᠪᠡᠯᠡᠳᠭᠡᠯ ᠠᠯᠪᠠᠨ᠎ᠤ ᠴᠡᠷᠢᠭ ᠠᠩᠭᠢ᠎ᠶ᠋ᠢᠨ ᠵᠢᠭ᠍ᠰᠠᠭᠠᠯ᠂ ᠡᠷᠦᠬᠡ᠎ᠶ᠋ᠢᠨ ᠴᠡᠷᠢᠭ᠎ᠦᠨ ᠵᠢᠭ᠍ᠰᠠᠭᠠᠯ ᠴᠤᠭ ᠪᠠᠳᠠᠷᠠᠩᠭᠤᠶ ᠪᠠᠢᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠡᠯᠡᠳᠭᠡᠯ ᠬᠦᠴᠦᠨ᠎ᠦ ᠪᠠᠢᠭᠤᠯᠤᠯᠲᠠ᠎ᠶ᠋ᠢᠨ ᠴᠠᠭ ᠦᠶ᠎ᠡ᠎ᠶ᠋ᠢᠨ ᠴᠤᠭ ᠵᠢᠪᠬᠤᠭ᠎ᠠ᠎ᠶ᠋ᠢ ᠢᠯᠡᠷᠡᠭᠦᠯᠪᠡ; ᠡᠩᠬᠡ ᠲᠠᠢᠪᠤᠩ᠎ᠢ ᠬᠠᠮᠠᠭᠠᠯᠠᠬᠤ ᠴᠡᠷᠢᠭ ᠠᠩᠭᠢ᠎ᠶ᠋ᠢᠨ ᠵᠢᠭᠰᠠᠭᠠᠯ᠎ᠤᠨ ᠢᠳᠡᠷᠡᠭᠦᠨ ᠠᠯᠬᠤᠭ᠎ᠠ ᠨᠢ ᠳᠤᠮᠳᠠᠳᠤ ᠤᠯᠤᠰ᠎ᠤᠨ ᠴᠡᠷᠢᠭ ᠠᠩᠭᠢ ᠪᠣᠳᠠᠲᠤ ᠠᠵᠢᠯᠯᠠᠭ᠎ᠠ᠎ᠪᠠᠷ᠎ᠢᠶᠠᠨ ᠲᠣᠮᠣ ᠤᠯᠤᠰ᠎ᠤᠨ ᠬᠠᠷᠢᠭᠤᠴᠠᠯᠭ᠎ᠠ ᠡᠭᠦᠷᠭᠡᠯᠡᠯ᠎ᠢ ᠪᠢᠴᠢᠭ᠌ᠯᠡᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭ᠌ᠰᠡᠨ᠎ᠢ ᠬᠠᠷᠠᠭᠤᠯᠵᠤ ᠪᠤᠢ᠃
ᠪᠠᠢᠯᠳᠤᠭᠠᠨ᠎ᠤ ᠲᠤᠭ ᠨᠠᠮᠢᠷᠠᠵᠤ᠂ ᠬᠦᠴᠦᠳᠤ ᠴᠡᠷᠢᠭ ᠤᠷᠤᠭᠰᠢᠯᠠᠨ᠎ᠠ᠃ ᠶᠠᠫᠣᠨ᠎ᠢ ᠡᠰᠡᠷᠭᠦᠴᠡᠭ᠌ᠰᠡᠨ 80 ᠪᠠᠭᠠᠲᠤᠷᠯᠢᠭ ᠵᠢᠱ᠌ᠢᠶᠡᠴᠢ ᠴᠡᠷᠢᠭ ᠠᠩᠭᠢ᠎ᠶ᠋ᠢᠨ ᠢᠷᠠᠭᠤ ᠠᠯᠳᠠᠷ᠎ᠤᠨ ᠲᠣᠭ᠎ᠢᠶᠠᠷ ᠪᠦᠷᠢᠯᠳᠦᠭ᠌ᠰᠡᠨ ᠪᠠᠢᠯᠳᠤᠭᠠᠨ᠎ᠤ ᠲᠣᠭ᠎ᠤᠨ ᠵᠢᠭᠰᠠᠭᠠᠯ ᠨᠢ ᠲᠡᠦᠬᠡ᠎ᠶ᠋ᠢᠨ ᠢᠷᠠᠭᠤ ᠠᠯᠳᠠᠷ᠎ᠢ ᠠᠴᠢᠶᠠᠯᠠᠨ ᠠᠢᠰᠤᠢ᠃ ᠡᠳᠡᠭᠡᠷ ᠪᠠᠭᠠᠲᠤᠷᠴᠤᠳ᠎ᠤᠨ ᠲᠤᠬ᠂ ᠢᠯᠠᠯᠲᠠ᠎ᠶ᠋ᠢᠨ ᠲᠤᠬ᠂ ᠪᠠᠯᠠᠷᠠᠰᠢ ᠦᠭᠡᠢ ᠲᠤᠬ ᠨᠢ ᠠᠷᠠᠳ᠎ᠤᠨ ᠴᠡᠷᠢᠭ ᠠᠩᠭᠢ᠎ᠶ᠋ᠢᠨ ᠡᠷᠡᠯᠬᠡᠭ᠌ᠯᠡᠨ ᠤᠷᠤᠭ᠍ᠰᠢᠯᠠᠬᠤ᠎ᠶ᠋ᠢ ᠵᠣᠷᠢᠭ᠍ᠵᠢᠭᠤᠯᠤᠨ᠎ᠠ᠃ ᠵᠡᠪᠰᠡᠭ ᠲᠣᠨᠣᠭ᠍ᠯᠠᠯ᠎ᠤᠨ ᠵᠢᠭ᠍ᠰᠠᠭᠠᠯ᠎ᠤᠨ ᠳᠤᠭᠤᠢᠯᠠᠩ᠎ᠤᠨ ᠬᠠᠭᠤᠷᠠᠢ ᠳᠡᠭᠡᠷᠡᠬᠢ ᠪᠠᠢᠯᠳᠤᠭᠠᠨ᠎ᠤ ᠪᠦᠯᠬᠦᠮ᠂ ᠳᠠᠯᠠᠢ ᠳᠡᠭᠡᠷᠡᠬᠢ ᠪᠠᠢᠯᠳᠤᠭᠠᠨ᠎ᠤ ᠪᠦᠯᠬᠦᠮ᠂ ᠠᠭᠠᠷ᠎ᠤᠨ ᠰᠡᠷᠭᠡᠢᠯᠡᠯᠲᠡᠬᠢᠵᠦ ᠵᠠᠯᠠᠭᠤᠷᠲᠤ ᠰᠤᠮᠤ᠎ᠶ᠋ᠢ ᠨᠢᠷᠭᠡᠬᠦ ᠪᠦᠯᠬᠦᠮ᠂ ᠮᠡᠳᠡᠭᠡ ᠵᠠᠩᠭᠢ᠎ᠶ᠋ᠢᠨ ᠪᠠᠢᠯᠳᠤᠭᠠᠨ᠎ᠤ ᠪᠦᠯᠬᠦᠮ᠂ ᠵᠢᠯᠣᠭᠣᠴᠢ ᠦᠭᠡᠢ ᠨᠢᠰᠭᠡᠯ᠎ᠤᠨ ᠪᠠᠢᠯᠳᠤᠭᠠᠨ᠎ᠤ ᠪᠦᠯᠬᠦᠮ᠂ ᠠᠷᠤ ᠲᠠᠯ᠎ᠠ᠎ᠶ᠋ᠢᠨ ᠪᠠᠲᠤᠯᠠᠭ᠎ᠠ᠎ᠶ᠋ᠢᠨ ᠪᠦᠯᠬᠦᠮ᠂ ᠪᠠᠢᠯᠳᠤᠬᠤ ᠪᠤᠳᠤᠯᠭ᠎ᠠ᠎ᠶ᠋ᠢᠨ ᠴᠣᠬᠢᠯᠲᠠ ᠥᠭ᠌ᠬᠦ ᠪᠦᠯᠬᠦᠮ ᠰᠦᠷ ᠳᠠᠯᠠᠢᠴᠠᠲᠠᠢ᠎ᠪᠠᠷ ᠨᠠᠭᠠᠰᠢᠯᠠᠨ ᠢᠷᠡᠵᠦ᠍᠂ ᠱᠢᠯᠭᠠᠨ ᠦᠵᠡᠬᠦ᠌᠎ᠶ᠋ᠢ ᠬᠦᠯᠢᠶᠡᠪᠡ᠃ ᠱᠢᠨ᠎ᠡ ᠮᠠᠶᠢᠭ᠎ᠤᠨ ᠲᠠᠩᠺ᠂ ᠬᠥᠮᠦᠨ ᠦᠭᠡᠢ ᠤᠶᠤᠨ ᠴᠢᠳᠠᠪᠤᠷᠢ᠂ ᠡᠯᠸᠺᠲ᠋ᠷᠤᠨ ᠰᠦᠯᠵᠢᠶ᠎ᠡ᠎ᠪᠡᠷ ᠪᠠᠢᠯᠳᠤᠬᠤ᠂ ᠭᠡᠳᠤ ᠲᠠᠭᠤᠨ᠎ᠤ ᠬᠤᠷᠳᠤᠴᠠ᠂ ᠠᠭᠠᠷ᠎ᠤᠨ ᠰᠡᠷᠭᠡᠢᠯᠡᠯᠲᠡ ᠬᠢᠵᠦ ᠵᠠᠯᠠᠭᠤᠷᠲᠤ ᠰᠤᠮᠤ᠎ᠶ᠋ᠢ ᠨᠢᠷᠭᠡᠬᠦ᠂ ᠪᠠᠢᠯᠳᠤᠬᠤ ᠪᠤᠳᠤᠯᠭ᠎ᠠ᠎ᠶ᠋ᠢᠨ ᠵᠠᠯᠠᠭᠤᠷᠲᠤ ᠰᠤᠮᠤ ᠁ ᠶᠠᠫᠣᠨ᠎ᠢ ᠡᠰᠡᠷᠭᠦᠴᠡᠬᠦ᠌ ᠲᠠᠢ᠌ᠨ᠎ᠦ ᠦᠶ᠎ᠡ᠎ᠶ᠋ᠢᠨ ᠨᠤᠲᠤᠭ᠎ᠤᠨ ᠫᠤᠤ ᠵᠡᠪᠰᠡᠭ᠎ᠡᠴᠡ ᠥᠨᠥᠳᠦᠷ᠎ᠦᠨ ᠱᠢᠨ᠎ᠡ ᠮᠠᠶᠢᠭ᠎ᠤᠨ ᠪᠠᠢᠯᠳᠤᠬᠤ ᠬᠦᠴᠦᠨ ᠬᠦᠷᠲᠡᠯ᠎ᠡ᠂ ᠤᠯᠤᠰ᠎ᠲᠠᠭᠠᠨ ᠦᠢᠯᠡᠳᠪᠦᠷᠢᠯᠡᠭ᠌ᠰᠡᠨ ᠵᠢᠩᠬᠢᠨᠢ ᠠᠯᠪᠠᠨ᠎ᠤ ᠭᠣᠣᠯ ᠪᠠᠢᠯᠳᠤᠭᠠᠨ᠎ᠤ ᠲᠣᠨᠣᠭ᠍ᠯᠠᠯ ᠪᠠ ᠪᠠᠢᠯᠳᠤᠬᠤ ᠪᠤᠳᠤᠯᠭ᠎ᠠ᠎ᠶ᠋ᠢᠨ ᠰᠤᠳᠤᠨ ᠲᠤᠨᠤᠭᠯᠠᠯ ᠲᠢᠶᠠᠨ ᠠᠨ ᠮᠸᠨ ᠠᠰᠠᠷ᠎ᠤᠨ ᠡᠮᠦᠨ᠎ᠡ ᠨᠢᠭᠡᠳ ᠨᠢᠭᠡ᠎ᠪᠡᠷ ᠦᠨᠭᠭᠡᠷᠡᠵᠦ᠂ ᠤᠯᠤᠰ᠎ᠤᠨ ᠡᠷᠬᠡ ᠮᠡᠳᠡᠯ ᠠᠮᠤᠷ ᠲᠦᠪᠱᠢᠨ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠬᠤ᠂ ᠳᠡᠯᠡᠬᠡᠢ᠎ᠶ᠋ᠢᠨ ᠡᠩᠬᠡ ᠲᠠᠢᠪᠤᠩ᠎ᠢ ᠡᠷᠡᠰ ᠬᠠᠮᠠᠭᠠᠯᠠᠬᠤ ᠬᠠᠳᠠᠨ ᠵᠣᠷᠢᠭ ᠪᠠ ᠬᠦᠴᠦᠷᠬᠡᠭ ᠶᠡᠬᠡ ᠪᠣᠳᠠᠲᠤ ᠬᠦᠴᠦᠨ᠎ᠢ ᠢᠯᠡᠷᠡᠭᠦᠯᠪᠡ᠃
ᠪᠠᠢᠯᠳᠤᠭᠠᠨ᠎ᠤ ᠪᠦᠷᠭᠦᠳ ᠢᠰᠭᠡᠷᠤᠨ᠂ ᠠᠭᠤᠳᠠᠮ ᠤᠭᠲᠠᠷᠭᠤᠢ᠎ᠳᠤ ᠵᠢᠭᠦᠷᠵᠢᠡᠨ ᠳᠡᠪᠢᠨ ᠳᠡᠭᠦᠯᠢᠨ᠎ᠡ᠃ ᠤᠷᠢᠳᠴᠢᠯᠠᠨ ᠰᠡᠷᠡᠮᠵᠢᠯᠡᠭᠦᠯᠬᠦ᠌ ᠵᠢᠯᠣᠭᠣᠳᠭᠤ ᠨᠢᠰᠭᠡᠯ᠂ ᠣᠨᠴᠠ ᠲᠦᠷᠦᠯ᠎ᠦᠨ ᠨᠢᠰᠭᠡᠯ᠂ ᠲᠡᠭᠡᠭᠡᠪᠦᠷᠢ᠎ᠶ᠋ᠢᠨ ᠨᠢᠰᠭᠡᠯ᠂ ᠳᠡᠯᠪᠡᠴᠢᠬᠦ᠌ ᠨᠢᠰᠭᠡᠯ᠂ ᠲᠤᠰᠤ ᠨᠡᠮᠡᠵᠦ᠍ ᠲᠤᠰᠤ ᠬᠦᠷᠳᠡᠬᠦ᠌ ᠨᠢᠰᠭᠡᠯ᠂ ᠰᠥᠨᠥᠭᠡᠭ᠌ᠴᠢ ᠨᠢᠰᠭᠡᠯ᠂ ᠬᠥᠯᠭᠡ ᠣᠩᠭᠣᠴᠠᠨ᠎ᠳᠤ ᠠᠴᠢᠶᠠᠯᠠᠬᠤ ᠨᠢᠰᠭᠡᠯ ᠵᠡᠷᠭᠡ ᠠᠭᠠᠷᠳᠡᠭᠡᠷᠡᠬᠢ ᠪᠠᠢᠯᠳᠤᠭᠠᠨ᠎ᠤ ᠵᠢᠭᠰᠠᠭᠠᠯ ᠳᠡᠰ ᠳᠠᠷᠠᠭ᠎ᠠ᠎ᠲᠠᠶ᠎ᠪᠠᠷ ᠲᠢᠶᠠᠨ ᠠᠨ ᠮᠸᠨ ᠲᠠᠯᠠᠪᠠᠢ᠎ᠪᠠᠷ ᠨᠢᠰᠦᠨ ᠥᠩᠭᠡᠷᠡᠵᠦ᠍᠂ ᠱᠢᠯᠭᠠᠨ ᠦᠵᠡᠬᠦ᠌᠎ᠶ᠋ᠢ ᠬᠦᠯᠢᠶᠡᠬᠦ᠌ ᠤᠷᠢᠳᠴᠢᠯᠠᠨ ᠰᠡᠷᠡᠮᠵᠢᠯᠡᠭᠦᠯᠬᠦ᠌ ᠲᠠᠩᠨᠠᠯᠳᠠ᠂ ᠠᠯᠤᠰ᠎ᠠᠴᠠ ᠴᠣᠬᠢᠯᠲᠠ ᠥᠭ᠌ᠬᠦ᠂ ᠠᠭᠠᠷ᠎ᠢ ᠡᠵᠡᠮᠳᠡᠨ ᠪᠠᠢᠯᠳᠤᠬᠤ᠂ ᠪᠠᠢᠯᠳᠤᠬᠤ ᠪᠤᠳᠤᠯᠭ᠎ᠠ᠎ᠶ᠋ᠢᠨ ᠬᠦᠷᠭᠡᠯᠲᠡ᠂ ᠲᠤᠰᠠᠯᠠᠮᠵᠢ ᠪᠠᠲᠤᠯᠠᠭ᠎ᠠ ᠵᠡᠷᠭᠡ ᠬᠡᠯᠪᠡᠷᠢ᠎ᠶ᠋ᠢᠨ ᠨᠢᠰᠭᠡᠯ ᠨᠢ ᠮᠠᠨ᠎ᠤ ᠴᠡᠷᠢᠭ᠎ᠦᠨ ᠲᠦᠷᠭᠡᠨ ᠳᠡᠭᠡᠭ᠌ᠰᠢᠯᠡᠵᠦ᠍ ᠪᠠᠢᠭ᠎ᠠ ᠠᠭᠠᠷᠳᠡᠭᠡᠷᠡᠬᠢ ᠪᠠᠢᠯᠳᠤᠭᠠᠨ ᠬᠢᠬᠦ᠌ ᠴᠢᠳᠠᠪᠤᠷᠢ᠎ᠶ᠋ᠢ ᠱᠢᠰᠲᠸᠮ ᠲᠠᠢ ᠢᠯᠡᠷᠡᠭᠦᠯᠵᠡᠢ᠃ ᠳᠠᠰᠭᠠᠯᠵᠢᠭᠤᠯᠤᠭ᠍ᠴᠢ᠎ᠶ᠋ᠢᠨ ᠨᠢᠰᠭᠡᠯ᠎ᠦᠨ ᠵᠢᠭ᠍ᠰᠠᠭᠠᠯ 14 ᠥᠩᠭᠡᠲᠦ ᠤᠳᠤᠭ᠎ᠠ ᠲᠠᠲᠠᠵᠤ᠂ ᠳᠤᠮᠳᠠᠳᠤ᠎ᠶ᠋ᠢᠨ ᠦᠨᠳᠦᠰᠦᠲᠡᠨ᠎ᠦ 14 ᠵᠢᠯ᠎ᠦᠨ ᠶᠠᠫᠣᠨ᠎ᠢ ᠡᠰᠡᠷᠭᠦᠴᠡᠬᠦ᠌ ᠳᠠᠢ᠌ᠨ᠎ᠦ ᠮᠠᠭ᠍ᠲᠠᠨ ᠳᠠᠭᠤᠯᠠᠭᠤᠱᠢᠲᠠᠢ ᠲᠡᠦᠬᠡᠨ ᠶᠠᠪᠤᠴᠠ᠎ᠶ᠋ᠢ ᠪᠡᠯᠭᠡᠳᠡᠵᠦ᠍᠂ 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠦ ᠤᠯᠤᠰ᠎ᠢᠶᠠᠨ ᠬᠦᠴᠦᠷᠬᠡᠭ᠌ᠵᠢᠭᠦᠯᠬᠦ᠌ ᠰᠡᠷᠭᠦᠨ ᠮᠠᠨᠳᠤᠯᠲᠠ᠎ᠶ᠋ᠢᠨ ᠭᠡᠭᠡᠨ ᠰᠠᠷᠠᠭᠤᠯ ᠢᠷᠡᠭᠡᠳᠦᠢ ᠲᠡᠢᠰᠢ ᠲᠡᠮᠡᠤᠯᠬᠦ᠎ᠶ᠋ᠢ ᠪᠡᠯᠭᠡᠳᠡᠪᠡ᠃
ᠰᠢ ᠵᠢᠨ ᠫᠢᠩ ᠵᠡᠷᠭᠡ ᠳᠤᠮᠳᠠᠳᠤ ᠭᠠᠳᠠᠭᠠᠳᠤ᠎ᠶ᠋ᠢᠨ ᠤᠳᠤᠷᠢᠳᠭᠤ ᠬᠥᠮᠦᠰ ᠵᠠᠯᠭᠠᠭ᠎ᠠ᠎ᠪᠠᠷ ᠠᠯᠠᠭ᠎ᠠ ᠲᠠᠱᠢᠵᠦ᠍᠂ ᠲᠤᠬᠠᠢ᠎ᠶ᠋ᠢᠨ ᠲᠠᠯᠠᠪᠠᠢ᠎ᠳᠤ ᠪᠠᠢᠨ ᠳᠠᠬᠢᠨ ᠠᠯᠠᠭ᠎ᠠ ᠲᠠᠱᠢᠯᠳᠠ᠎ᠶ᠋ᠢᠨ ᠲᠠᠭᠤᠨ ᠪᠠ ᠤᠷᠠᠢᠯᠠᠬᠤ ᠲᠠᠭᠤᠨ ᠲᠤᠭᠤᠯᠳᠠᠨ᠎ᠠ᠃
8 ᠲᠦᠮᠡᠨ ᠡᠩᠬᠡ ᠲᠠᠢᠪᠤᠩ᠎ᠤᠨ ᠲᠠᠭ᠍ᠲᠠᠭ᠎ᠠ ᠵᠢᠭᠦᠷ᠎ᠢᠶᠡᠨ ᠳᠡᠯᠭᠡᠨ ᠥᠨᠳᠥᠷ᠎ᠲᠦ ᠨᠢᠰᠴᠦ᠍᠂ 8 ᠲᠦᠮᠡᠨ ᠬᠡᠢᠲᠦ ᠪᠥᠮᠪᠥᠭᠡ ᠣᠭ᠍ᠲᠠᠷᠭᠤᠢ᠎ᠳᠤ ᠳᠡᠭ᠌ᠳᠡᠨ ᠭᠠᠷᠴᠤ᠂ 《ᠡᠬᠡ ᠤᠯᠤᠰ᠎ᠢᠶᠠᠨ ᠮᠠᠭ᠍ᠲᠠᠨ ᠳᠠᠭᠤᠯᠠᠶ᠎ᠠ》 ᠭᠡᠬᠦ᠌ ᠰᠦᠷ ᠵᠢᠪᠬᠤᠯᠠᠩᠲᠤ ᠬᠥᠭ᠌ᠵᠢᠮ᠎ᠦᠨ ᠠᠶᠠᠰ ᠪᠦᠬᠦᠢᠯᠡ ᠠᠭᠤᠳᠠᠮ ᠲᠠᠯᠠᠪᠠᠢ᠎ᠳᠤ ᠴᠤᠤᠷᠢᠶᠠᠲᠤᠪᠠ᠃ ᠰᠢ ᠵᠢᠨ ᠫᠢᠩᠨᠡᠷ ᠡᠯ᠎ᠡ ᠡᠲᠡᠭᠡᠳ᠎ᠦᠨ ᠤᠯᠠᠨ ᠲᠦᠮᠡᠨ᠎ᠳᠦ ᠪᠠᠢᠨ ᠳᠠᠬᠢᠨ ᠮᠡᠨᠳᠦᠴᠢᠯᠡᠯ ᠬᠦᠷᠭᠡᠵᠦ᠍᠂ ᠠᠭᠤᠳᠠᠮ ᠲᠠᠯᠠᠪᠠᠢ᠎ᠶ᠋ᠢᠨ ᠳᠤᠲᠤᠨ᠎ᠠ ᠭᠠᠳᠠᠨ᠎ᠠ ᠬᠦᠷ ᠬᠥᠭ᠌ᠵᠢᠶᠡᠨ᠎ᠢᠶᠠᠷ ᠪᠢᠯᠬᠠᠨ᠎ᠠ᠃
ᠶᠡᠬᠡ ᠬᠤᠷᠠᠯ 1 ᠴᠠᠭ 26 ᠮᠢᠨᠦ᠋ᠲ ᠶᠠᠪᠤᠭ᠍ᠳᠠᠵᠤ᠂ 10 ᠴᠠᠭ 26 ᠮᠢᠨᠦ᠋ᠲ᠎ᠲᠦ ᠲᠡᠭᠦᠰ ᠠᠮᠵᠢᠯᠲᠠ᠎ᠲᠠᠶ ᠲᠡᠭᠦᠰᠪᠡ᠃
ᠶᠡᠬᠡ ᠬᠤᠷᠠᠯ ᠡᠬᠢᠯᠡᠬᠦ᠌᠎ᠡᠴᠡ ᠡᠮᠦᠨ᠎ᠡ᠂ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠶ᠎ᠪᠠᠨ ᠳ᠋ᠤᠸᠠᠨ ᠮᠸᠨ᠎ᠤ ᠭᠠᠳᠠᠨᠠᠬᠢ ᠠᠭᠤᠳᠠᠮ ᠲᠠᠯᠠᠪᠠᠢ᠎ᠳᠤ ᠶᠡᠬᠡ ᠬᠤᠷᠠᠯ᠎ᠳᠤ ᠣᠷᠣᠯᠴᠠᠬᠤ ᠭᠠᠳᠠᠭᠠᠳᠤ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ ᠵᠢᠴᠢ ᠲᠡᠳᠡᠨ᠎ᠦ ᠬᠠᠨᠢ ᠨᠦᠬᠦᠷ᠎ᠢ ᠤᠭ᠍ᠲᠤᠭ᠍ᠰᠠᠨ ᠪᠥᠭᠡᠳ ᠲᠡᠳᠡᠨ ᠲᠠᠢ ᠬᠠᠮᠲᠤ᠎ᠶ᠋ᠢᠨ ᠰᠡᠭᠦᠳᠡᠷ ᠲᠠᠲᠠᠭᠤᠯᠵᠤ ᠳᠤᠷᠠᠰᠭᠠᠯ ᠦᠯᠡᠳᠡᠭᠡᠪᠡ᠃
ᠶᠡᠬᠡ ᠬᠤᠷᠠᠯ᠎ᠳᠤ ᠣᠷᠣᠯᠴᠠᠭ᠍ᠰᠠᠨ ᠤᠯᠠᠨ ᠤᠯᠤᠰ᠎ᠤᠨ ᠬᠦᠨᠳᠦᠲᠦ ᠵᠣᠴᠢᠳ᠎ᠲᠤ᠄ ᠤᠷᠤᠰ᠎ᠤᠨ ᠶᠡᠷᠦᠩᠬᠡᠢᠯᠡᠭ᠌ᠴᠢ ᠫᠦᠲ᠋ᠢᠨ᠂ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠶ ᠱᠦᠵᠢ᠂ ᠲᠥᠷᠥ᠎ᠶ᠋ᠢᠨ ᠶᠠᠪᠤᠳᠠᠯ᠎ᠤᠨ ᠬᠣᠷᠢᠶᠠᠨ ᠳᠠᠷᠤᠭ᠎ᠠ᠎ᠶ᠋ᠢᠨ ᠵᠧᠩ ᠧᠨ᠂ ᠺᠠᠮᠪᠣᠵᠠ᠎ᠶ᠋ᠢᠨ ᠤᠯᠤᠰ᠎ᠤᠨ ᠸᠠᠩ ᠱᠢᠬᠠᠮᠦᠨᠢ᠂ ᠸᠢᠶᠧᠲ᠋ᠨᠠᠮ᠎ᠤᠨ ᠤᠯᠤᠰ᠎ᠤᠨ ᠲᠡᠷᠢᠭᠦᠯᠡᠭ᠌ᠴᠢ ᠯᠢᠶᠠᠩ ᠴᠢᠶᠠᠩ᠂ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠲᠥᠪ ᠬᠣᠷᠢᠶ᠎ᠠ᠎ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠲᠦᠩᠯᠥ᠋ᠨ᠂ ᠢᠨᠳᠣᠨᠧᠱᠢᠢ᠎ᠠ᠎ᠶ᠋ᠢᠨ ᠶᠡᠷᠦᠩᠬᠡᠢᠯᠡᠭ᠌ᠴᠢ ᠫᠦᠯᠠᠪᠤᠸᠸ᠂ ᠮᠠᠯᠠᠢᠱᠢᠶ᠎ᠠ᠎ᠶ᠋ᠢᠨ ᠶᠡᠷᠦᠩᠬᠡᠶ ᠰᠠᠢᠳ ᠠᠨᠸᠠᠷ᠂ ᠮᠣᠩᠭᠣᠯ ᠤᠯᠤᠰ᠎ᠤᠨ ᠶᠡᠷᠦᠩᠬᠡᠢᠯᠡᠭ᠌ᠴᠢ ᠬᠦᠷᠡᠯᠰᠦ᠋ᠬᠡ᠂ ᠫᠠᠺᠢᠰᠲ᠋ᠠᠨ᠎ᠤ ᠶᠡᠷᠦᠩᠬᠡᠶ ᠰᠠᠢᠳ ᠱᠢᠶᠠᠪᠠᠽᠢ᠂ ᠨᠸᠫᠠᠯ᠎ᠤᠨ ᠶᠡᠷᠦᠩᠬᠡᠶ ᠰᠠᠢᠳ ᠤᠤᠯᠢ᠂ ᠮᠠᠯᠳᠠᠢᠹ᠎ᠤᠨ ᠶᠡᠷᠦᠩᠬᠡᠢᠯᠡᠭ᠌ᠴᠢ ᠮᠦᠶᠢᠽᠢ᠂ ᠺᠠᠽᠠᠬ᠍ᠰᠲ᠋ᠠᠨᠤ ᠶᠡᠷᠦᠩᠬᠡᠢᠯᠡᠭ᠌ᠴᠢ ᠲᠦᠸᠸᠺᠠᠶᠸᠹ᠂ ᠦᠽᠪᠸᠺᠰᠲ᠋ᠠᠨ᠎ᠤ ᠶᠡᠷᠦᠩᠬᠡᠢᠯᠡᠭ᠌ᠴᠢ ᠮᠢᠷᠵᠢᠶᠤᠤᠶ᠍ᠸᠹ᠂ ᠲᠠᠵᠢᠺᠰᠲ᠋ᠠᠨ᠎ᠤ ᠶᠡᠷᠦᠩᠬᠡᠢᠯᠡᠭ᠌ᠴᠢ ᠯᠠᡁᠸᠮᠸᠩ᠂ ᠺᠢᠷᠬᠢᠽᠰᠲ᠋ᠠᠨ᠎ᠤ ᠶᠡᠷᠦᠩᠬᠡᠢᠯᠡᠭ᠌ᠴᠢ ᠵᠠᠫᠠᠯᠤᠹ᠂ ᠲᠦᠷᠺᠮᠸᠨ᠋ᠰᠲ᠋ᠠᠨ᠎ᠤ ᠶᠡᠷᠦᠩᠬᠡᠢᠯᠡᠭ᠌ᠴᠢ ᠪᠸᠷᠳᠢᠮᠦ᠋ᠬᠠᠮᠸᠳᠤᠹ᠂ ᠪᠸᠯᠤᠷᠦ᠋ᠰᠢᠶ᠎ᠠ᠎ᠵᠢᠨ ᠶᠡᠷᠦᠩᠬᠡᠢᠯᠡᠭ᠌ᠴᠢ ᠯᠦᠺᠠᠱᠸᠨᠺᠸ᠂ ᠠᠽᠧᠷᠪᠠᠢᠵᠠᠨᠤ ᠶᠡᠷᠦᠩᠬᠡᠢᠯᠡᠭ᠌ᠴᠢ ᠠᠯᠢᠶᠸᠹ᠂ ᠠᠷᠮᠧᠨᠢᠶ᠎ᠠ᠎ᠶ᠋ᠢᠨ ᠶᠡᠷᠦᠩᠬᠡᠶ ᠰᠠᠢᠳ ᠫᠠᠱᠨᠢᠶᠠᠩ᠂ ᠢᠷᠠᠨ᠎ᠤ ᠶᠡᠷᠦᠩᠬᠡᠢᠯᠡᠭ᠌ᠴᠢ ᠫᠸᠴᠸᠱᠺᠢᠶᠠᠨ᠂ ᠺᠣᠩᠭᠤ᠋ (ᠪᠷᠠᠽᠠᠸᠢᠯ)᠎ᠶᠢᠨ ᠶᠡᠷᠦᠩᠬᠡᠢᠯᠡᠭ᠌ᠴᠢ ᠰᠠᠰᠦ᠋᠂ ᠽᠢᠮᠪᠠᠪᠦ᠋ᠸᠧᠢ᠎ᠶ᠋ᠢᠨ ᠶᠡᠷᠦᠩᠬᠡᠢᠯᠡᠭ᠌ᠴᠢ ᠮᠦᠨᠠᠨᠵᠢᠶᠠᠬᠦ᠋ᠸᠠ᠂ ᠰᠸᠷᠪᠢᠶ᠎ᠠ᠎ᠶ᠋ᠢᠨ ᠶᠡᠷᠦᠩᠬᠡᠢᠯᠡᠭ᠌ᠴᠢ ᠥᠴᠢᠴᠢ᠂ ᠰᠯᠤᠸᠠᠺᠢᠶ᠎ᠠ᠎ᠵᠢᠨ ᠶᠡᠷᠦᠩᠬᠡᠶ ᠰᠠᠢᠳ ᠹᠸᠢᠢᠽᠦ᠋ᠸᠸ᠂ ᠺᠦᠪᠠ᠎ᠶ᠋ᠢᠨ ᠡᠪ ᠬᠠᠮᠲᠤ ᠨᠠᠮ᠎ᠤᠨ ᠲᠥᠪ ᠬᠣᠷᠢᠶ᠎ᠠ᠎ᠵᠢᠨ ᠨᠢᠭᠡᠳᠦᠭᠡᠷ ᠱᠦᠵᠢ᠂ ᠤᠯᠤᠰ᠎ᠤᠨ ᠲᠡᠷᠢᠭᠦᠯᠡᠭ᠌ᠴᠢ ᠳ᠋ᠢᠶᠠᠰ — ᠺᠠᠨᠧᠢᠷ᠂ ᠪᠢᠷᠮᠠ᠎ᠶ᠋ᠢᠨ ᠣᠷᠣᠯᠠᠭ᠍ᠴᠢ ᠶᠡᠷᠦᠩᠬᠡᠢᠯᠡᠭ᠌ᠴᠢ ᠮᠢᠨ ᠠᠩ ᠯᠠᠶ᠂ ᠺᠣᠷᠢᠶᠠ᠎ᠶ᠋ᠢᠨ ᠤᠯᠤᠰ᠎ᠤᠨ ᠬᠤᠷᠠᠯ᠎ᠤᠨ ᠳᠠᠷᠤᠭ᠎ᠠ ᠢᠦᠶ ᠶᠤᠸᠠᠨ ᡁᠢ᠂ ᠵᠡᠭᠦᠨ ᠲᠢᠮᠦᠷ᠎ᠦᠨ ᠤᠯᠤᠰ ᠠᠷᠠᠳ᠎ᠤᠨ ᠵᠥᠪᠯᠡᠯᠭᠡᠨ᠎ᠦ ᠬᠤᠷᠠᠯ᠎ᠤᠨ ᠳᠠᠷᠤᠭ᠎ᠠ ᠹᠸᠢ᠌ᠷᠨᠠᠨᠳᠠ᠂ ᠸᠧᠨᠧᠽᠦ᠋ᠧᠯᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠡᠷᠢᠭᠦᠯᠡᠭ᠌ᠴᠢ ᠷᠦᠸᠸᠳ᠋ᠸᠷᠢᠭ᠌ᠸᠰ᠂ ᠱᠢᠩᠭᠠᠫᠣᠷ᠎ᠤᠨ ᠳᠡᠳ᠋ ᠶᠡᠷᠦᠩᠬᠡᠶ ᠰᠠᠢᠳ ᠶᠠᠨ᠎ᠶᠢᠨ ᠶᠦᠩ᠂ ᠶᠧᠵᠢᠫᠲ᠎ᠦᠨ ᠶᠡᠷᠦᠩᠬᠡᠢᠯᠡᠭ᠌ᠴᠢ᠎ᠶ᠋ᠢᠨ ᠣᠨᠴᠠ ᠡᠯᠴᠢ᠂ ᠳᠡᠳ᠋ ᠶᠡᠷᠦᠩᠬᠡᠶ ᠰᠠᠢᠳ ᠸᠠᠽᠢᠷ᠂ ᠪᠤᠯᠭᠠᠷᠢᠶ᠎ᠠ᠎ᠶ᠋ᠢᠨ ᠵᠠᠰᠠᠭ᠎ᠤᠨ ᠣᠷᠳᠣᠨ᠎ᠤ ᠳᠡᠳ᠋ ᠶᠡᠷᠦᠩᠬᠡᠶ ᠰᠠᠢᠳ᠂ ᠨᠡᠢᠭᠡᠮ ᠨᠠᠮ᠎ᠤᠨ ᠲᠡᠷᠢᠭᠦᠯᠡᠭ᠌ᠴᠢ ᠵᠠᠹᠢᠯᠤᠹ᠂ ᠲᠦᠷᠺ᠎ᠦᠨ ᠶᠡᠷᠦᠩᠬᠡᠢᠯᠡᠭ᠌ᠴᠢ ᠠᠢᠷᠳᠦ᠌ ᠊ ᠠᠨ᠎ᠤ ᠲᠥᠯᠥᠭᠡᠯᠡᠭ᠌ᠴᠢ᠂ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠹᠸᠢ᠌ᠳᠠᠨ᠂ ᠲᠦᠷᠺ᠎ᠦᠨ ᠶᠡᠷᠦᠩᠬᠡᠢᠯᠡᠭ᠌ᠴᠢ ᠠᠢᠷᠳᠦ᠌ ᠊ ᠠᠨ᠎ᠤ ᠲᠥᠯᠥᠭᠡᠯᠡᠭ᠌ᠴᠢ᠂ ᠡᠨᠧᠷᠭᠢ ᠪᠠ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠰᠠᠢᠳ ᠪᠠᠶᠠᠷᠠᠺᠲ᠋ᠠᠷ᠂ ᠪᠷᠠᠽᠢᠯ᠎ᠤᠨ ᠶᠡᠷᠦᠩᠬᠡᠢᠯᠡᠭ᠌ᠴᠢ᠎ᠶ᠋ᠢᠨ ᠲᠡᠷᠢᠭᠦᠨ ᠣᠨᠴᠠ ᠵᠥᠪᠯᠡᠭ᠌ᠴᠢ ᠠᠮᠦ᠋ᠸᠸᠯᠢᠨ᠂ ᠪᠷᠠᠽᠢᠯ᠎ᠤᠨ ᠵᠠᠰᠠᠭ᠎ᠤᠨ ᠣᠷᠳᠣᠨ᠎ᠤ ᠲᠥᠯᠥᠭᠡᠯᠡᠭ᠌ᠴᠢ᠂ ᠳᠤᠮᠳᠠᠳᠤ ᠤᠯᠤᠰ᠎ᠲᠤ ᠰᠠᠭᠤᠭ᠎ᠠ ᠪᠷᠠᠽᠢᠯ᠎ᠤᠨ ᠡᠯᠴᠢᠨ ᠰᠠᠢᠳ ᠭᠤᠤ ᠸᠠᠩ᠂ ᠨᠢᠺᠠᠷᠠᠭᠤᠸᠠ᠎ᠶ᠋ᠢᠨ ᠵᠠᠰᠠᠭ᠎ᠤᠨ ᠣᠷᠳᠣᠨ᠎ᠤ ᠲᠥᠯᠥᠭᠡᠯᠡᠭ᠌ᠴᠢ᠂ ᠶᠡᠷᠦᠩᠬᠡᠢᠯᠡᠭ᠌ᠴᠢ᠎ᠶ᠋ᠢᠨ ᠵᠥᠪᠯᠡᠭ᠌ᠴᠢ ᠯᠠᠦ᠋ᠷᠸ᠋ᠶᠠᠨᠣ᠋᠂ ᠬᠠᠩᠭᠠᠷᠢ᠎ᠶ᠋ᠢᠨ ᠵᠠᠰᠠᠭ᠎ᠤᠨ ᠣᠷᠳᠣᠨ᠎ᠤ ᠲᠥᠯᠥᠭᠡᠯᠡᠭ᠌ᠴᠢ᠂ ᠭᠠᠳᠠᠭᠠᠳᠤ ᠬᠠᠷᠢᠯᠴᠠᠭ᠎ᠠ ᠪᠠ ᠭᠠᠳᠠᠭᠠᠳᠤ ᠠᠵᠤ ᠠᠬᠤᠶ᠎ᠶ᠋ᠢᠨ ᠶᠠᠮᠤᠨ᠎ᠤ ᠰᠠᠢᠳ ᠱᠢᠶᠠᠯᠳᠤ᠋᠂ ᠪᠷᠦ᠋ᠨ᠋ᠸᠢ᠎ᠶ᠋ᠢᠨ ᠬᠠᠭᠠᠨ᠎ᠤ ᠣᠷᠳᠣᠨ᠎ᠤ ᠵᠡᠪᠰᠡᠭ᠌ᠲᠦ ᠴᠡᠷᠢᠭ ᠠᠩᠭᠢ᠎ᠶ᠋ᠢᠨ ᠺᠤᠮᠠᠨᠳ᠋ᠯᠠᠭᠴᠢ ᠬᠠᠽᠠᠶᠢᠮᠢ᠂ ᠪᠧᠩᠭᠠᠯ ᠤᠯᠤᠰ᠎ᠤᠨ ᠲᠦᠷ ᠴᠠᠭ᠎ᠤᠨ ᠵᠠᠰᠠᠭ᠎ᠤᠨ ᠣᠷᠳᠣᠨ᠎ᠤ ᠲᠥᠯᠥᠭᠡᠯᠡᠭ᠌ᠴᠢ᠂ ᠤᠯᠤᠰ᠎ᠤᠨ ᠠᠮᠤᠷ ᠲᠦᠪᠱᠢᠨ᠎ᠦ ᠵᠥᠪᠯᠡᠭ᠌ᠴᠢ ᠯᠠᠾᠸᠮᠠᠨ᠂ ᠧᠦ᠋ᠷᠣᠫᠠ᠎ᠶ᠋ᠢᠨ ᠵᠥᠪᠯᠡᠯᠭᠡᠨ᠎ᠦ ᠬᠤᠷᠠᠯ᠎ᠤᠨ ᠭᠡᠱᠢᠭᠦᠨ ᠳ᠋ᠦᠸᠸᠰᠲ᠋ᠠᠯ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢ ᠵᠢᠶᠦ᠋ᠨ ᠬᠤᠸᠠ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠮᠤ ᠪᠤᠳᠠᠭ᠎ᠠ ᠲᠠᠷᠢᠶᠠᠯᠠᠩ᠎ᠤᠨ ᠵᠣᠬᠢᠶᠠᠨ ᠪᠠᠢᠭᠤᠯᠤᠯᠲᠠ᠎ᠶ᠋ᠢᠨ ᠶᠡᠷᠦᠩᠬᠡᠶ ᠠᠵᠢᠯᠯᠠᠭ᠍ᠴᠢ ᠴᠢᠦᠶ ᠳ᠋ᠦᠩ ᠢᠦᠶ᠂ ᠱᠢᠨ᠎ᠡ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ᠎ᠶ᠋ᠢᠨ ᠳᠠᠷᠤᠭ᠎ᠠ ᠷᠤᠰᠸᠹ᠂ ᠠᠽᠢᠶ᠎ᠠ ᠲᠢᠪ᠎ᠦᠨ ᠰᠠᠭᠤᠷᠢ ᠲᠥᠬᠥᠭᠡᠷᠦᠮᠵᠢ᠎ᠶ᠋ᠢᠨ ᠪᠡᠯᠡ ᠣᠷᠣᠭᠤᠯᠤᠯᠲᠠ᠎ᠶ᠋ᠢᠨ ᠪᠠᠩᠬᠢ᠎ᠶ᠋ᠢᠨ ᠳᠠᠷᠤᠭ᠎ᠠ᠎ᠶ᠋ᠢᠨ ᠯᠢ ᠴᠢᠶᠦ᠋ᠨ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠶᠸᠷᠮᠸᠢ᠌ᠺᠪᠠᠶ᠍ᠸᠹ᠂ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠭᠠᠵᠠᠷ ᠣᠷᠣᠨ᠎ᠤ ᠰᠦᠷᠳᠡᠭᠦᠯᠦᠯ᠎ᠢ ᠡᠰᠡᠷᠭᠦᠴᠡᠬᠦ᠌ ᠪᠠᠢᠭᠤᠯᠤᠮᠵᠢ ᠶ᠋ᠢᠨ ᠭᠦᠢᠴᠡᠳᠭᠡᠬᠦ᠌ ᠵᠥᠪᠯᠡᠯ᠎ᠦᠨ ᠡᠷᠬᠢᠯᠡᠭ᠌ᠴᠢ ᠱᠠᠷᠱᠶᠸᠹ᠂ ᠠᠽᠢᠶ᠎ᠠ ᠲᠢᠪ᠎ᠦᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ᠌ ᠠᠷᠭ᠎ᠠ ᠬᠡᠮᠵᠢᠶ᠎ᠡ᠎ᠶᠢᠨ ᠬᠤᠷᠠᠯ᠎ᠤᠨ ᠨᠠᠷᠢᠨ ᠪᠢᠴᠢᠭ᠎ᠦᠨ ᠳᠠᠷᠤᠭ᠎ᠠ ᠰᠠᠯᠸᠢᠢᠪᠠᠢ᠂ ᠲᠤᠰᠠᠭᠠᠷ ᠤᠯᠤᠰ᠎ᠤᠳ᠎ᠤᠨ ᠬᠣᠯᠪᠣᠭᠠᠲᠤ ᠴᠣᠭ᠍ᠴᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠯᠸᠪᠸᠵᠢᠶᠸᠹ᠂ ᠬᠠᠮᠲᠤ᠎ᠶ᠋ᠢᠨ ᠠᠮᠤᠷ ᠲᠦᠪᠱᠢᠨ᠎ᠦ ᠭᠡᠷ᠎ᠡ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠲᠠᠰᠮᠠᠵᠢᠶᠠᠮᠦ᠋ᠪᠸᠲ᠋ᠦ᠋ᠸᠸᠹ᠂ ᠧᠦ᠋ᠷᠣᠫᠠ ᠠᠽᠢᠶ᠎ᠠ᠎ᠶ᠋ᠢᠨ ᠠᠵᠤ ᠠᠬᠤᠶ᠎ᠶ᠋ᠢᠨ ᠵᠥᠪᠯᠡᠯ᠎ᠦᠨ ᠭᠦᠶ᠋ᠴᠡᠳᠭᠡᠬᠦ᠌ ᠵᠥᠪᠯᠡᠯ᠎ᠦᠨ ᠲᠡᠷᠢᠭᠦᠯᠡᠭ᠌ᠴᠢ ᠰᠠᠵᠢᠨᠲ᠋ᠠᠶᠸᠹ᠂ ᠶᠠᠫᠣᠨ᠎ᠤ ᠤᠤᠯ᠎ᠤᠨ ᠲᠡᠷᠢᠭᠦᠨ ᠰᠠᠢᠳ ᠬᠠᠲ᠋ᠤᠶᠠᠮᠠ ᠶᠦᠺᠢᠸᠤ᠋᠂ ᠰᠸᠢᠰ᠎ᠦᠨ ᠬᠣᠯᠪᠣᠭᠠᠨ᠎ᠤ ᠤᠤᠯ᠎ᠤᠨ ᠲᠡᠷᠢᠭᠦᠯᠡᠭ᠌ᠴᠢ ᠪᠥᠭᠡᠳ ᠡᠳ᠋᠎ᠦᠨ ᠵᠠᠰᠠᠭ᠎ᠤᠨ ᠶᠠᠮᠤᠨ᠎ᠤ ᠰᠠᠢᠳ ᠮᠤᠤᠯᠸᠢ᠌ᠯ᠂ ᠪᠧᠯᠭᠢ᠎ᠶ᠋ᠢᠨ ᠤᠤᠯ᠎ᠤᠨ ᠲᠡᠷᠢᠭᠦᠨ ᠰᠠᠢᠳ ᠯᠠᠢᠲ᠋ᠸᠮ᠂ ᠭᠷᠧᠭ᠎ᠦᠨ ᠤᠤᠯ᠎ᠤᠨ ᠶᠡᠷᠦᠩᠬᠡᠢ ᠰᠠᠢᠳ ᠫᠠᠫᠠᠨᠳ᠋ᠷᠢᠤ᠋᠂ ᠢᠲ᠋ᠠᠯᠢ᠎ᠶ᠋ᠢᠨ ᠤᠤᠯ᠎ᠤᠨ ᠶᠡᠷᠦᠩᠬᠡᠶ ᠰᠠᠢᠳ ᠳ᠋ᠠᠯᠸᠮᠠ᠂ ᠷᠣᠮᠠᠨᠢᠶ᠎ᠠ᠎ᠶ᠋ᠢᠨ ᠤᠤᠯ᠎ᠤᠨ ᠶᠡᠷᠦᠩᠬᠡᠶ ᠰᠠᠢᠳ ᠨᠸᠰᠲ᠋ᠠᠰᠠᠢ᠂ ᠳ᠋ᠡᠨᠴᠢᠯᠠ᠂ ᠱᠢᠨ᠎ᠡ ᠽᠢᠯᠠᠨᠳ᠋᠎ᠤᠨ ᠤᠤᠯ᠎ᠤᠨ ᠶᠡᠷᠦᠩᠬᠡᠶ ᠰᠠᠢᠳ ᠺᠯᠠᠺ᠂ ᠶᠤᠬᠠᠨ·ᠺᠢ᠂ ᠠᠦ᠋ᠰᠲ᠋ᠷᠠᠯᠢᠶ᠎ᠠ᠎ᠶ᠋ᠢᠨ ᠸᠢᠺᠲ᠋ᠣᠷᠢᠶ᠎ᠠ ᠵᠧᠤ᠎ᠶ᠋ᠢᠨ ᠤᠤᠯ᠎ᠤᠨ ᠳᠠᠷᠤᠭ᠎ᠠ ᠠᠨᠳ᠋ᠸᠯᠦ᠋ᠰ ᠨᠠᠷ ᠪᠤᠢ᠃
ᠶᠡᠬᠡ ᠬᠤᠷᠠᠯ᠎ᠳᠤ ᠤᠷᠤᠯᠴᠠᠭᠰᠠᠳ᠎ᠲᠤ ᠪᠠᠰᠠ᠄ ᠮᠠ ᠱᠢᠩ ᠷᠦᠢ᠂ ᠸᠠᠩ ᠢ᠂ ᠶᠢᠨ ᠯᠢ᠂ ᠱ᠌ᠢ ᠲᠠᠢ ᠹᠧᠩ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠤ᠌ ᠯᠸᠢ᠂ ᠯᠢ ᠬᠣᠩ ᠵᠥᠩ᠂ ᠾᠧ ᠯᠢ ᠹᠧᠩ᠂ ᠵᠠᠩ ᠶᠢᠦ ᠱᠢᠶᠠ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠢᠶ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢ ᠷᠦᠢ ᠬᠤᠸᠠᠨ᠂ ᠸᠸᠨ ᠵᠢᠶᠠ ᠪᠦᠦ᠂ ᠵᠢᠶᠠ ᠴᠢᠩ ᠯᠢᠨ᠂ ᠵᠠᠩ ᠳ᠋ᠧ ᠵᠢᠶᠠᠩ᠂ ᠢᠦᠶ ᠵᠧᠩ ᠱᠧᠩ᠂ ᠯᠢ ᠵᠠᠨ ᠱᠤ᠌᠂ ᠸᠠᠩ ᠶᠠᠩ᠂ ᠯᠢ ᠯᠠᠨ ᠴᠢᠩ᠂ ᠽᠸᠩ ᠴᠢᠩ ᠬᠣᠩ᠂ ᠡᠸ᠋ ᠭᠤᠸᠠᠨ ᠵᠧᠩ᠂ ᠯᠢ ᠴᠠᠩ ᠴᠦᠨ᠂ ᠾᠧ ᠭᠦᠸᠧ ᠴᠢᠶᠠᠩ᠂ ᠯᠢᠦ ᠶᠦᠨ ᠱᠠᠨ᠂ ᠸᠠᠩ ᠴᠢ ᠱᠠᠨ᠂ ᠵᠠᠩ ᠭᠤᠤ ᠯᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠱᠦᠵᠢ᠎ᠨᠡᠷ᠎ᠦᠨ ᠭᠠᠵᠠᠷ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠤᠳᠤᠷᠢᠳᠭᠤ ᠨᠥᠬᠥᠳ ᠪᠣᠯᠤᠨ ᠤᠳᠤᠷᠢᠳᠭᠤ ᠲᠤᠱᠢᠶᠠᠯ᠎ᠡᠴᠡ᠎ᠪᠠᠨ ᠪᠠᠭᠤᠭ᠍ᠰᠠᠨ ᠨᠥᠬᠥᠳ᠂ ᠱᠢᠶᠠᠩᠭᠠᠩᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠯᠢ ᠵᠢᠶᠠ ᠴᠤᠤ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠼᠸᠨ ᠬᠤᠤ ᠬᠤᠢ ᠨᠠᠷ ᠪᠤᠢ᠃
ᠪᠡᠭᠡᠵᠢᠩ᠎ᠳᠦ ᠪᠠᠢᠭ᠎ᠠ ᠲᠥᠪ᠎ᠦᠨ ᠨᠠᠮ ᠵᠠᠰᠠᠭ ᠴᠡᠷᠢᠭ ᠣᠯᠠᠨ ᠲᠦᠮᠡᠨ᠎ᠦ ᠡᠯ᠎ᠡ ᠰᠠᠯᠠᠭ᠎ᠠ ᠮᠥᠴᠢᠷ ᠪᠣᠯᠤᠨ ᠪᠡᠭᠡᠵᠢᠩ ᠬᠣᠲᠠ᠎ᠶ᠋ᠢᠨ ᠬᠠᠷᠢᠭᠤᠴᠠᠯᠭᠠᠲᠠᠨ ᠨᠥᠬᠥᠳ᠂ ᠶᠠᠫᠣᠨ᠎ᠢ ᠡᠰᠡᠷᠭᠦᠴᠡᠬᠦ᠌ ᠳᠠᠢᠨ᠎ᠳᠤ ᠣᠷᠣᠯᠴᠠᠵᠤ ᠥᠩᠭᠡᠷᠡᠭ᠌ᠰᠡᠨ ᠠᠬᠠᠮᠠᠳ ᠪᠠᠢᠯᠳᠤᠭ᠍ᠴᠢ᠂ ᠠᠬᠠᠮᠠᠳ ᠨᠥᠬᠥᠳ᠂ ᠡᠮᠦᠨ᠎ᠡ ᠹᠷᠣᠨᠲ᠎ᠢ ᠲᠤᠰᠠᠯᠠᠭ᠍ᠰᠠᠨ ᠵᠢᠱ᠌ᠢᠶᠡᠴᠢ ᠨᠠᠷ᠎ᠤᠨ ᠲᠥᠯᠥᠭᠡᠯᠡᠭ᠌ᠴᠢ᠂ ᠶᠠᠫᠣᠨ᠎ᠢ ᠡᠰᠡᠷᠭᠦᠴᠡᠬᠦ᠌ ᠳᠠᠢᠨ᠎ᠤ ᠦᠷᠡᠭ᠌ᠳᠡᠭ᠌ᠰᠡᠨ ᠪᠠᠭᠠᠲᠤᠷᠴᠤᠳ᠎ᠤᠨ ᠲᠥᠷᠥᠯ ᠰᠠᠳᠤᠨ᠎ᠤ ᠲᠥᠯᠥᠭᠡᠯᠡᠭ᠌ᠴᠢ᠂ ᠶᠠᠫᠣᠨ᠎ᠢ ᠡᠰᠡᠷᠭᠦᠴᠡᠭ᠌ᠰᠡᠨ ᠭᠣᠮᠢᠨᠳᠠᠩ᠎ᠤᠨ ᠠᠬᠠᠮᠠᠳ ᠴᠡᠷᠢᠭ᠎ᠦᠨ ᠲᠥᠯᠥᠭᠡᠯᠡᠭ᠌ᠴᠢ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠤᠯᠤᠰ᠎ᠢᠶᠠᠨ ᠬᠠᠢᠷᠠᠯᠠᠬᠤ ᠬᠥᠮᠦᠰ᠂ ᠶᠠᠫᠣᠨ᠎ᠢ ᠡᠰᠡᠷᠭᠦᠴᠡᠬᠦ᠌ ᠲᠠᠢᠨ᠎ᠤ ᠵᠠᠩᠵᠤᠨ᠎ᠤ ᠭᠡᠷ ᠪᠦᠯᠢ᠎ᠶ᠋ᠢᠨ ᠲᠥᠯᠥᠭᠡᠯᠡᠭ᠌ᠴᠢ᠂ ᠠᠬᠠᠮᠠᠳ ᠨᠥᠬᠥᠳ᠎ᠦᠨ ᠲᠥᠯᠥᠭᠡᠯᠡᠭ᠌ᠴᠢ᠂ ᠪᠡᠭᠡᠵᠢᠩ᠎ᠳᠡᠬᠢ ᠲᠥᠪ ᠡᠴᠡ ᠬᠠᠮᠢᠶᠠᠷᠴᠦ ᠪᠠᠢᠭ᠎ᠠ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠠᠵᠤ ᠠᠬᠤᠢᠯᠠᠯ᠂ ᠶᠡᠭᠡ ᠳᠡᠭᠡᠳᠦ ᠰᠤᠷᠭᠠᠭᠤᠯᠢ ᠵᠡᠷᠭᠡ ᠨᠢᠭᠡᠴᠢ᠎ᠶ᠋ᠢᠨ ᠭᠤᠤᠯ ᠬᠠᠷᠢᠭᠤᠴᠠᠯᠭᠠᠲᠠᠨ ᠨᠥᠬᠥᠳ᠂ ᠪᠡᠭᠡᠵᠢᠩ᠎ᠳᠦ ᠪᠠᠢᠭ᠎ᠠ ᠲᠥᠪ ᠬᠤᠷᠢᠶ᠎ᠠ᠎ᠶᠢᠨ ᠭᠡᠱᠢᠭᠦᠳ᠂ ᠲᠥᠪ ᠬᠤᠷᠢᠶ᠎ᠠ᠎ᠶᠢᠨ ᠣᠷᠣᠯᠠᠭ᠍ᠴᠢ ᠭᠡᠱᠢᠭᠦᠳ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠲᠥᠯᠥᠭᠡᠯᠡᠭ᠌ᠴᠢ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠭᠡᠱᠢᠭᠦᠳ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠭᠡᠱᠢᠭᠦᠳ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠤᠷᠢᠶ᠎ᠠ᠎ᠶᠢᠨ ᠪᠡᠭᠡᠵᠢᠩ᠎ᠳᠦ ᠪᠠᠢᠭ᠎ᠠ ᠭᠡᠱᠢᠭᠦᠳ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠴᠢᠳ᠎ᠤᠨ ᠬᠤᠯᠪᠤᠭ᠎ᠠ᠎ᠶᠢᠨ ᠪᠡᠭᠡᠵᠢᠩ᠎ᠳᠦ ᠪᠠᠢᠭ᠎ᠠ ᠭᠦᠢᠴᠡᠳᠭᠡᠬᠦ᠌ ᠭᠡᠱᠢᠭᠦᠳ ᠪᠠ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ᠂ 《ᠪᠥᠬᠥᠳᠡ ᠨᠠᠢᠷᠠᠮᠳᠠᠬᠤ ᠤᠯᠤᠰ᠎ᠤᠨ ᠭᠠᠪᠢᠶᠠᠨ ᠲᠡᠮᠳᠡᠭ》᠂ 《7·1 ᠤ ᠭᠠᠪᠢᠶᠠᠨ ᠲᠡᠮᠳᠡᠭ》᠂ 《8·1 ᠤ ᠭᠠᠪᠢᠶᠠᠨ ᠲᠡᠮᠳᠡᠭ》 ᠪᠣᠯᠤᠨ ᠤᠯᠤᠰ᠎ᠤᠨ ᠢᠷᠠᠭᠤ ᠠᠯᠳᠠᠷ᠎ᠤᠨ ᠴᠣᠯᠠ ᠭᠥᠷᠳᠡᠭ᠌ᠰᠡᠳ᠎ᠦᠨ ᠲᠥᠯᠥᠭᠡᠯᠡᠭ᠌ᠴᠢ᠂ ᠪᠦᠬᠦ᠌ ᠤᠯᠤᠰ᠎ᠤᠨ ᠲᠡᠷᠢᠭᠦᠨ᠎ᠦ ᠵᠢᠱ᠌ᠢᠶᠡᠴᠢ ᠬᠥᠮᠦᠰ᠎ᠦᠨ ᠲᠥᠯᠥᠭᠡᠯᠡᠭ᠌ᠴᠢ᠂ ᠠᠷᠪᠠᠨ ᠨᠢᠭᠡᠳᠦᠭᠡᠷ ᠳᠦᠷᠢ᠎ᠶ᠋ᠢᠨ ᠪᠠᠨᠴᠢᠠᠡᠷᠳᠡᠨᠢ·ᠴᠣᠢᠵᠢᠵᠠᠯᠪᠦ᠂ ᠪᠦᠬᠦ᠌ ᠤᠯᠤᠰ᠎ᠤᠨ ᠴᠢᠨᠠᠷᠲᠠᠶ ᠱᠠᠱᠢᠨ ᠰᠤᠷᠲᠠᠬᠤᠨ᠎ᠤ ᠪᠦᠯᠬᠦᠮ᠎ᠦᠨ ᠭᠤᠤᠯ ᠬᠠᠷᠢᠭᠤᠴᠠᠯᠭᠠᠲᠠᠨ᠂ ᠪᠦᠬᠦ᠌ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠲᠥᠯᠥᠭᠡᠯᠡᠭ᠌ᠴᠢ᠂ ᠪᠡᠭᠡᠵᠢᠩ᠎ᠳᠦ ᠪᠠᠢᠭ᠎ᠠ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠪᠣᠯᠤᠨ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠂ ᠦᠷᠡᠭ᠌ᠳᠡᠭ᠌ᠰᠡᠨ ᠪᠠᠭᠠᠲᠤᠷ ᠵᠢᠴᠢ ᠠᠯᠪᠠᠨ ᠶᠠᠪᠤᠳᠠᠯ᠎ᠢᠶᠠᠷ ᠪᠡᠶ᠎ᠡ ᠦᠷᠡᠭ᠌ᠳᠡᠭ᠌ᠰᠡᠨ ᠬᠥᠮᠦᠰ᠎ᠦᠨ ᠭᠡᠷ ᠪᠦᠯᠢ᠎ᠶ᠋ᠢᠨ ᠲᠥᠯᠥᠭᠡᠯᠡᠭ᠌ᠴᠢ᠂ ᠭᠠᠳᠠᠭᠠᠳᠤ᠎ᠳᠤ ᠰᠤᠷᠤᠯᠴᠠᠭᠠᠳ ᠤᠯᠤᠰ᠎ᠲᠠᠭᠠᠨ ᠪᠤᠴᠠᠭ᠍ᠰᠠᠨ ᠱᠢᠯᠢᠳᠡᠭ ᠴᠢᠳᠠᠪᠤᠷᠢᠲᠠᠨ᠎ᠤ ᠲᠥᠯᠥᠭᠡᠯᠡᠭ᠌ᠴᠢ᠂ ᠨᠠᠰᠤ ᠪᠠᠷᠠᠭ᠍ᠰᠠᠨ ᠬᠡᠰᠡᠭ ᠠᠬᠠᠮᠠᠳ ᠨᠥᠬᠥᠳ᠎ᠦᠨ ᠲᠦᠷᠦᠯ ᠰᠠᠳᠤᠨ᠂ ᠪᠦᠬᠦ᠌ ᠤᠯᠤᠰ᠎ᠤᠨ ᠭᠣᠣᠯᠳᠠᠯᠭ᠎ᠠ᠎ᠲᠠᠶ ᠬᠠᠷᠠᠭᠠᠯᠵᠠᠬᠤ ᠡᠲᠡᠭᠡᠳ᠂ ᠱᠢᠶᠠᠩᠭᠠᠩ ᠣᠣᠮᠧᠨ ᠲᠠᠢᠸᠠᠨ᠎ᠤ ᠠᠬ᠎ᠠ ᠳᠡᠭᠦᠦ᠍᠎ᠨᠡᠷ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ᠍᠎ᠨᠡᠷ᠎ᠦᠨ ᠲᠥᠯᠥᠭᠡᠯᠡᠭ᠌ᠴᠢ᠂ ᠨᠡᠢᠰᠯᠡᠯ᠎ᠦᠨ ᠡᠯ᠎ᠡ ᠡᠲᠡᠭᠡᠳ᠎ᠦᠨ ᠤᠯᠠᠨ ᠲᠦᠮᠡᠨ᠎ᠦ ᠲᠥᠯᠥᠭᠡᠯᠡᠭ᠌ᠴᠢ᠂ ᠪᠡᠭᠡᠵᠢᠩ᠎ᠳᠦ ᠰᠠᠭᠤᠭ᠎ᠠ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ᠎ᠤᠨ ᠲᠥᠯᠥᠭᠡᠯᠡᠭ᠌ᠴᠢ ᠶᠡᠬᠡ ᠬᠤᠷᠠᠯ᠎ᠳᠤ ᠣᠷᠣᠯᠴᠠᠪᠠ᠃
ᠭᠠᠳᠠᠭᠠᠳᠤ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ᠂ ᠡᠯ᠎ᠡ ᠤᠯᠤᠰ᠎ᠤᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳ᠂ ᠴᠡᠷᠢᠭ᠎ᠦᠨ ᠡᠯᠴᠢᠨ ᠪᠣᠯᠤᠨ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠳᠤᠮᠳᠠᠳᠤ ᠤᠯᠤᠰ᠎ᠲᠤ ᠰᠠᠭᠤᠭ᠎ᠠ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠶᠠᠫᠣᠨ᠎ᠢ ᠡᠰᠡᠷᠭᠦᠴᠡᠬᠦ᠌ ᠲᠠᠢ᠌ᠨ᠎ᠦ ᠢᠯᠠᠯᠲᠠ ᠤᠯᠬᠤ᠎ᠳᠤ ᠬᠤᠪᠢ ᠨᠡᠮᠡᠷᠢ ᠦᠵᠡᠭᠦᠯᠦᠭ᠌ᠰᠡᠨ ᠤᠯᠠᠨ ᠤᠯᠤᠰ᠎ᠤᠨ ᠨᠥᠬᠥᠷᠰᠡᠭ ᠬᠥᠮᠦᠰ ᠪᠤᠶᠤ ᠲᠡᠭᠦᠨ᠎ᠦ ᠭᠡᠷ ᠪᠦᠯᠢ᠎ᠶ᠋ᠢᠨ ᠲᠥᠯᠥᠭᠡᠯᠡᠭ᠌ᠴᠢ᠂ ᠪᠡᠭᠡᠵᠢᠩ᠎ᠳᠦ ᠪᠠᠢᠭ᠎ᠠ ᠭᠠᠳᠠᠭᠠᠳᠤ᠎ᠶ᠋ᠢᠨ ᠲᠤᠰᠭᠠᠢ ᠮᠡᠷᠭᠡᠵᠢᠯᠲᠡᠨ᠎ᠦ ᠲᠥᠯᠥᠭᠡᠯᠡᠭ᠌ᠴᠢ ᠴᠦ᠍ ᠤᠷᠢᠯᠭ᠎ᠠ᠎ᠪᠠᠷ ᠶᠡᠬᠡ ᠬᠤᠷᠠᠯ᠎ᠳᠤ ᠣᠷᠣᠯᠴᠠᠪᠠ᠃
ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 9 ᠰᠠᠷ᠎ᠠ᠎ᠶᠢᠨ 3 ᠦ ᠴᠠᠬᠢᠯᠭᠠᠨ ᠮᠡᠳᠡᠭᠡ