ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
 ᠰᠠᠷ᠎ᠠ ᠵᠢᠨ ᠲᠡᠷᠭᠡᠯ ᠪᠠᠶᠠᠷ ᠪᠠ ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭ᠋ᠠᠨ᠎ᠳᠠᠬᠢ ᠵᠠᠮ ᠲᠡᠭᠡᠭᠡᠪᠦᠷᠢ ᠵᠢᠨ ᠪᠠᠢ᠌ᠳᠠᠯ ᠶᠡᠷᠦᠩᠬᠡᠶ᠎ᠳᠤ᠎ᠪᠠᠨ ᠲᠣᠭᠲᠠᠭᠤᠨ ᠪᠠᠢ᠌ᠵᠤ ᠪᠥᠬᠥ ᠣᠷᠣᠨ᠎ᠤ ᠣᠷᠣᠨ ᠪᠦᠰᠡ ᠠᠯᠤᠰᠯᠠᠭᠰᠠᠨ ᠬᠥᠮᠦᠰ᠎ᠤᠨ ᠰᠢᠯᠵᠢᠯᠲᠡ ᠵᠢᠨ ᠬᠡᠮᠵᠢᠶ᠎ᠡ ᠪᠠ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠮᠠᠰᠢᠨ ᠲᠡᠷᠭᠡᠨ᠎ᠤ ᠴᠤᠪᠤᠷᠠᠯ᠎ᠤᠨ ᠶᠡᠷᠦᠩᠬᠡᠢ ᠬᠡᠮᠵᠢᠶ᠎ᠡ ᠴᠥᠮ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ
ᠨᠡᠶ᠋ᠢᠲᠡᠯᠡᠭᠰᠡᠨ ᠴᠠᠭ᠄ 2025-10-10

01 ᠣᠷᠣᠨ ᠪᠦᠰᠡ ᠠᠯᠤᠰᠯᠠᠭᠰᠠᠨ ᠬᠥᠮᠦᠰ᠎ᠤᠨ ᠰᠢᠯᠵᠢᠯᠲᠡ ᠵᠢᠨ ᠬᠡᠮᠵᠢᠶ᠎ᠡ

2025 ᠣᠨ᠎ᠤ  ᠰᠠᠷ᠎ᠠ ᠵᠢᠨ ᠲᠡᠷᠭᠡᠯ ᠪᠠᠶᠠᠷ ᠪᠠ ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭ᠋ᠠᠨ᠎ᠳᠤ᠂ ᠣᠷᠣᠨ ᠪᠦᠰᠡ ᠠᠯᠤᠰᠯᠠᠭᠰᠠᠨ ᠬᠥᠮᠦᠰ᠎ᠤᠨ ᠰᠢᠯᠵᠢᠯᠲᠡ ᠵᠢᠨ ᠬᠡᠮᠵᠢᠶ᠎ᠡ ᠨᠡᠢ᠌ᠲᠡ 4632.49 ᠲᠦᠮᠡᠨ ᠬᠥᠮᠦᠨ ᠤᠳᠠᠭ᠎ᠠ᠎ᠳᠤ ᠬᠦᠷᠴᠦ᠂ ᠡᠳᠦᠷ ᠪᠦᠷᠢ ᠵᠢᠨ ᠳᠤᠮᠳᠠᠴᠢ ᠬᠥᠮᠥᠰ᠎ᠤᠨ ᠰᠢᠯᠵᠢᠯᠲᠡ ᠵᠢᠨ ᠬᠡᠮᠵᠢᠶ᠎ᠡ 579.06 ᠲᠦᠮᠡᠨ ᠬᠥᠮᠦᠨ ᠤᠳᠠᠭ᠎ᠠ᠎ᠳᠤ ᠬᠦᠷᠴᠦ᠂ ᠡᠳᠦᠷ ᠪᠦᠷᠢ ᠵᠢᠨ ᠳᠤᠮᠳᠠᠴᠢ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 12.64%᠎ᠪᠠᠷ ᠳᠡᠭᠡᠭᠰᠢᠯᠡᠪᠡ᠃

02 ᠡᠵᠡᠩᠨᠡᠯᠲᠡ ᠵᠢᠨ ᠴᠢᠨᠠᠷᠲᠠᠢ ᠵᠥᠭᠡᠭᠡᠪᠦᠷᠢ ᠵᠢᠨ ᠬᠡᠮᠵᠢᠢ᠎ᠡ

ᠪᠥᠬᠥ ᠣᠷᠣᠨ ᠠᠶᠠᠨᠴᠢᠳ᠎ᠢ ᠨᠡᠢ᠌ᠲᠡ 352.91 ᠲᠦᠮᠡᠨ ᠬᠥᠮᠦᠨ ᠤᠳᠠᠭ᠎ᠠ ᠬᠦᠷᠭᠡᠵᠦ᠂ ᠡᠳᠦᠷ ᠪᠦᠷᠢ ᠳᠤᠮᠳᠠᠴᠢ᠎ᠪᠠᠷ ᠠᠶᠠᠨᠴᠢᠳ᠎ᠢ 44.11 ᠲᠦᠮᠡᠨ ᠬᠥᠮᠦᠨ ᠤᠳᠠᠭ᠎ᠠ ᠬᠦᠷᠭᠡᠵᠦ᠂ ᠡᠳᠦᠷ ᠪᠦᠷᠢ ᠵᠢᠨ ᠳᠤᠮᠳᠠᠴᠢ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 1.46%᠎ᠪᠠᠷ ᠳᠡᠭᠡᠭᠰᠢᠯᠡᠪᠡ᠃

>> ᠲᠡᠮᠦᠷ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠬᠡᠮᠵᠢᠶ᠎ᠡ 237.36 ᠲᠦᠮᠡᠨ ᠬᠥᠮᠦᠨ ᠤᠳᠠᠭ᠎ᠠ᠎ᠳᠤ ᠬᠦᠷᠴᠦ᠂ ᠡᠳᠦᠷ ᠪᠦᠷᠢ ᠳᠤᠮᠳᠠᠴᠢ᠎ᠪᠠᠷ ᠠᠶᠠᠨᠴᠢᠳ᠎ᠢ 29.67 ᠲᠦᠮᠡᠨ ᠬᠥᠮᠦᠨ ᠤᠳᠠᠭ᠎ᠠ ᠬᠦᠷᠭᠡᠵᠦ᠂ ᠡᠳᠦᠷ ᠪᠦᠷᠢ ᠵᠢᠨ ᠳᠤᠮᠳᠠᠴᠢ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 1.75%᠎ᠪᠠᠷ ᠳᠡᠭᠡᠭᠰᠢᠯᠡᠪᠡ;

>> ᠵᠠᠰᠠᠮᠠᠯ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠬᠡᠮᠵᠢᠶ᠎ᠡ 40.52 ᠲᠦᠮᠡᠨ ᠬᠥᠮᠦᠨ ᠤᠳᠠᠭ᠎ᠠ᠎ᠳᠤ ᠬᠦᠷᠴᠦ᠂ ᠡᠳᠦᠷ ᠪᠦᠷᠢ ᠳᠤᠮᠳᠠᠴᠢ᠎ᠪᠠᠷ 5.07 ᠲᠦᠮᠡᠨ ᠬᠥᠮᠦᠨ ᠤᠳᠠᠭ᠎ᠠ᠎ᠳᠤ ᠬᠦᠷᠴᠦ᠂ ᠡᠳᠦᠷ ᠪᠦᠷᠢ ᠵᠢᠨ ᠳᠤᠮᠳᠠᠴᠢ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 11.86%᠎ᠪᠠᠷ ᠳᠡᠭᠡᠭᠰᠢᠯᠡᠪᠡ;

>> ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠠᠶᠠᠨᠴᠢᠳ᠎ᠤᠨ ᠵᠥᠭᠡᠭᠡᠪᠦᠷᠢ ᠵᠢᠨ ᠬᠡᠮᠵᠢᠶ᠎ᠡ 75.03 ᠲᠦᠮᠡᠨ ᠬᠥᠮᠦᠨ ᠤᠳᠠᠭ᠎ᠠ᠎ᠳᠤ ᠬᠦᠷᠴᠦ᠂ ᠡᠳᠦᠷ ᠪᠦᠷᠢ ᠳᠤᠮᠳᠠᠴᠢ᠎ᠪᠠᠷ 9.38 ᠲᠦᠮᠡᠨ ᠬᠥᠮᠦᠨ ᠤᠳᠠᠭ᠎ᠠ᠎ᠳᠤ ᠬᠦᠷᠴᠦ᠂ ᠡᠳᠦᠷ ᠪᠦᠷᠢ ᠵᠢᠨ ᠳᠤᠮᠳᠠᠴᠢ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 4.21%᠎ᠪᠠᠷ ᠪᠠᠭᠤᠷᠠᠪᠠ᠃

03 ᠵᠠᠮ᠎ᠤᠨ ᠲᠣᠣᠷ᠎ᠤᠨ ᠠᠵᠢᠯᠯᠠᠭ᠎ᠠ

(ᠨᠢᠭᠡ) ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠮᠠᠰᠢᠨ ᠲᠡᠷᠭᠡᠨ᠎ᠤ ᠴᠤᠪᠤᠷᠠᠯ᠎ᠤᠨ ᠬᠡᠮᠵᠢᠶ᠎ᠡ

ᠪᠥᠬᠥ ᠣᠷᠣᠨ᠎ᠤ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠮᠠᠰᠢᠨ ᠲᠡᠷᠭᠡᠨ᠎ᠤ ᠴᠤᠪᠤᠷᠠᠯ᠎ᠤᠨ ᠶᠡᠷᠦᠩᠬᠡᠶ ᠬᠡᠮᠵᠢᠶ᠎ᠡ 673.99 ᠲᠦᠮᠡ ᠪᠠᠢ᠌ᠵᠤ᠂ ᠡᠳᠦᠷ ᠪᠦᠷᠢ ᠵᠢᠨ ᠳᠤᠮᠳᠠᠴᠢ ᠮᠠᠰᠢᠨ ᠲᠡᠷᠭᠡᠨ᠎ᠤ ᠴᠤᠪᠤᠷᠠᠯ᠎ᠤᠨ ᠬᠡᠮᠵᠢᠶ᠎ᠡ 84.25 ᠲᠦᠮᠡ᠎ᠳᠤ ᠬᠦᠷᠴᠦ᠂ ᠡᠳᠦᠷ ᠪᠦᠷᠢ ᠵᠢᠨ ᠳᠤᠮᠳᠠᠴᠢ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 26.25%᠎ᠪᠠᠷ ᠳᠡᠭᠡᠭᠰᠢᠯᠡᠪᠡ᠃

>> ᠠᠶᠠᠨᠴᠢᠳ᠎ᠤᠨ ᠮᠠᠰᠢᠨ ᠲᠡᠷᠭᠡᠨ᠎ᠤ ᠴᠤᠪᠤᠷᠠᠯ᠎ᠤᠨ ᠬᠡᠮᠵᠢᠶ᠎ᠡ 578.80 ᠲᠦᠮᠡ᠎ᠳᠤ ᠬᠦᠷᠴᠦ᠂ ᠪᠥᠬᠥ ᠮᠠᠰᠢᠨ ᠲᠡᠷᠭᠡᠨ᠎ᠤ ᠴᠤᠪᠤᠷᠠᠯ᠎ᠤᠨ ᠬᠡᠮᠵᠢᠶ᠎ᠡ ᠵᠢᠨ 85.88% ᠵᠢ ᠡᠵᠡᠯᠡᠵᠦ᠂ ᠡᠳᠦᠷ ᠪᠦᠷᠢ ᠳᠤᠮᠳᠠᠴᠢ᠎ᠪᠠᠷ 72.35 ᠲᠦᠮᠡ᠎ᠳᠤ ᠬᠦᠷᠴᠦ᠂ ᠡᠳᠦᠷ ᠪᠦᠷᠢ ᠵᠢᠨ ᠳᠤᠮᠳᠠᠴᠢ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 32.15%᠎ᠪᠠᠷ ᠳᠡᠭᠡᠭᠰᠢᠯᠡᠪᠡ;

>> 7 ᠰᠠᠭᠤᠳᠠᠯ ᠵᠢᠴᠢ ᠲᠡᠭᠦᠨ᠎ᠠᠴᠠ ᠳᠣᠷᠣᠭᠰᠢᠬᠢ ᠵᠢᠵᠢᠭ ᠠᠶᠠᠨᠴᠢᠳ᠎ᠤᠨ ᠮᠠᠰᠢᠨ ᠲᠡᠷᠭᠡᠨ᠎ᠤ ᠴᠤᠪᠤᠷᠠᠯ᠎ᠤᠨ ᠬᠡᠮᠵᠢᠶ᠎ᠡ᠎ᠨᠢ 574.39 ᠲᠦᠮᠡ ᠪᠠᠢ᠌ᠵᠤ᠂ ᠡᠳᠦᠷ ᠪᠦᠷᠢ ᠳᠤᠮᠳᠠᠴᠢ᠎ᠪᠠᠷ 71.80 ᠲᠦᠮᠡ᠎ᠳᠤ ᠬᠦᠷᠴᠦ᠂ ᠠᠶᠠᠨᠴᠢᠳ᠎ᠤᠨ ᠮᠠᠰᠢᠨ ᠲᠡᠷᠭᠡᠨ᠎ᠤ ᠴᠤᠪᠤᠷᠠᠯ᠎ᠤᠨ ᠬᠡᠮᠵᠢᠶ᠎ᠡ ᠵᠢᠨ 99.24% ᠵᠢ ᠡᠵᠡᠯᠡᠨ᠎ᠡ;

>> 7 ᠰᠠᠭᠤᠳᠠᠯ᠎ᠠᠴᠠ ᠳᠡᠭᠡᠭᠰᠢᠬᠢ ᠠᠶᠠᠨᠴᠢᠳ᠎ᠤᠨ ᠮᠠᠰᠢᠨ ᠲᠡᠷᠭᠡᠨ᠎ᠤ ᠴᠤᠪᠤᠷᠠᠯ᠎ᠤᠨ ᠬᠡᠮᠵᠢᠶ᠎ᠡ 4.41 ᠲᠦᠮᠡ ᠪᠣᠯᠣᠨ᠎ᠠ;

>> ᠪᠠᠷᠠᠭ᠋ᠠᠨ᠎ᠤ ᠲᠡᠷᠭᠡ ᠵᠢᠨ ᠴᠤᠪᠤᠷᠠᠯ᠎ᠤᠨ ᠬᠡᠮᠵᠢᠶ᠎ᠡ 95.19 ᠲᠦᠮᠡ ᠪᠠᠢ᠌ᠵᠤ᠂ ᠡᠳᠦᠷ ᠪᠦᠷᠢ ᠳᠤᠮᠳᠠᠴᠢ᠎ᠪᠠᠷ 11.90 ᠲᠦᠮᠡ᠎ᠳᠤ ᠬᠦᠷᠴᠦ᠂ ᠡᠳᠦᠷ ᠪᠦᠷᠢ ᠵᠢᠨ ᠳᠤᠮᠳᠠᠴᠢ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 1.19%᠎ᠪᠠᠷ ᠳᠡᠭᠡᠭᠰᠢᠯᠡᠪᠡ᠃

(ᠬᠣᠶᠠᠷ) ᠡᠩ᠎ᠤᠨ ᠤᠯᠤᠰ ᠮᠤᠵᠢ ᠵᠢᠨ ᠵᠠᠮ᠎ᠤᠨ ᠣᠭᠲᠣᠯᠤᠭ᠋ᠠᠰᠤ ᠵᠢᠨ ᠵᠠᠮ ᠬᠠᠷᠢᠯᠴᠠᠭ᠋ᠠᠨ᠎ᠤ ᠬᠡᠮᠵᠢᠶ᠎ᠡ

ᠡᠩ᠎ᠤᠨ ᠤᠯᠤᠰ ᠮᠤᠵᠢ ᠵᠢᠨ ᠵᠠᠮ᠎ᠤᠨ ᠣᠭᠲᠣᠯᠤᠭ᠋ᠠᠰᠤ ᠵᠢᠨ ᠵᠠᠮ ᠬᠠᠷᠢᠯᠴᠠᠭ᠋ᠠᠨ᠎ᠤ ᠳᠤᠮᠳᠠᠴᠢ ᠬᠡᠮᠵᠢᠶ᠎ᠡ 5097 ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.52% ᠵᠢᠡᠷ ᠳᠡᠭᠡᠭᠰᠢᠯᠡᠪᠡ᠃

>> ᠠᠶᠠᠨᠴᠢᠨ᠎ᠤ ᠮᠠᠰᠢᠨ ᠲᠡᠷᠭᠡᠨ᠎ᠤ ᠵᠠᠮ ᠬᠠᠷᠢᠯᠴᠠᠭ᠋ᠠᠨ᠎ᠤ ᠬᠡᠮᠵᠢᠶ᠎ᠡ 3577 ᠲᠡᠷᠭᠡ;

>> ᠪᠠᠷᠠᠭ᠋ᠠᠨ᠎ᠤ ᠲᠡᠷᠭᠡ ᠵᠢᠨ ᠵᠠᠮ ᠬᠠᠷᠢᠯᠴᠠᠭ᠋ᠠᠨ᠎ᠤ ᠬᠡᠮᠵᠢᠶ᠎ᠡ 1520 ᠲᠡᠷᠭᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            