ᠣᠢ᠌ᠷ᠎ᠠ᠎ᠳᠤ᠂ ᠬᠥᠬᠡᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ 2025 ᠣᠨ᠎ᠤ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠠᠵᠢᠯ ᠲᠥᠷᠥᠯ᠎ᠤᠨ ᠳ᠋ᠠᠢ᠌ᠲ᠋ᠠ ᠵᠢᠨ ᠡᠯᠧᠮᠧᠨ᠋ᠲ᠎ᠤᠨ ᠬᠡᠷᠡᠭᠯᠡᠯᠲᠡ ᠵᠢᠨ ᠰᠢᠨ᠎ᠡ ᠵᠢ ᠡᠭᠦᠳᠬᠦ ᠤᠷᠤᠯᠳᠤᠭ᠋ᠠᠨ᠎ᠤ ᠬᠣᠶᠠᠳᠤᠭ᠋ᠠᠷ ᠳᠡᠰ᠎ᠤᠨ ᠱᠠᠩᠨᠠᠯ᠎ᠢ ᠭᠥᠷᠳᠡᠪᠡ᠃
ᠣᠢ᠌ᠷ᠎ᠠ ᠵᠢᠨ ᠵᠢᠯ᠎ᠤᠨ ᠲᠤᠷᠰᠢ᠂ ᠬᠥᠬᠡᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠳ᠋ᠠᠢ᠌ᠲ᠋ᠠ ᠵᠢᠨ ᠡᠯᠧᠮᠧᠨ᠋ᠲ᠎ᠤᠨ ᠬᠡᠷᠡᠭᠯᠡᠯᠲᠡ ᠵᠢ ᠴᠢᠬᠤᠯᠠᠴᠢᠯᠠᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠲᠣᠭ᠋ᠠᠴᠢᠯᠠᠭᠰᠠᠨ ᠬᠡᠯᠪᠡᠷᠢ ᠵᠢ ᠬᠤᠪᠢᠷᠠᠭᠤᠯᠬᠤ᠂ ᠣᠶᠤᠨᠴᠢ᠎ᠪᠠᠷ ᠲᠠᠰ ᠳᠡᠪᠰᠢᠭᠦᠯᠬᠦ᠂ ᠠᠭᠤᠰᠤᠯᠴᠠᠨ ᠰᠢᠨ᠎ᠡ ᠵᠢ ᠡᠭᠦᠳᠬᠦ ᠵᠢ ᠳᠥᠯᠭᠢᠨ ᠠᠬᠢᠭᠤᠯᠵᠤ᠂ ᠡᠬᠢ ᠣᠨᠳᠣᠤᠰᠢᠯ ᠳ᠋ᠠᠢ᠌ᠲ᠋ᠠ ᠵᠢ ᠲᠥᠪᠯᠡᠷᠡᠭᠦᠯᠦᠨ ᠬᠠᠳᠠᠭ᠋ᠠᠯᠠᠵᠤ ᠪᠤᠳᠤᠬᠤ᠂ ᠲᠣᠮᠣ ᠳ᠋ᠠᠢ᠌ᠲ᠋ᠠ ᠵᠢ ᠠᠭᠤᠳᠠᠯᠬᠤ ᠵᠡᠷᠭᠡ ᠰᠢᠨ᠎ᠡ᠎ᠪᠠᠷ ᠬᠥᠭᠵᠢᠭᠰᠡᠨ ᠮᠡᠷᠭᠡᠵᠢᠯ ᠵᠶ᠋ᠡᠷ ᠳᠠᠮᠵᠢᠭᠤᠯᠤᠨ᠂ ᠠᠶᠦᠯᠬᠦᠢ ᠦᠢᠯᠡᠳᠪᠦᠷᠢᠯᠡᠯ᠎ᠤᠨ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢ ᠪᠡᠶᠡᠯᠡᠭᠦᠯᠵᠦ᠂ 《ᠵᠣᠬᠢᠶᠠᠮᠠᠯ ᠤᠶᠤᠨ ᠴᠢᠳᠠᠪᠤᠷᠢ + ᠵᠠᠮ ᠬᠠᠷᠢᠯᠴᠠᠭ᠎ᠠ ᠲᠡᠭᠡᠭᠡᠪᠦᠷᠢ》 ᠵᠢ ᠪᠡᠶᠡᠯᠡᠭᠦᠯᠬᠦ᠎ᠳᠤ ᠭᠣᠤᠯᠯᠠᠬᠤ ᠡᠯᠧᠮᠧᠨ᠋ᠲ᠎ᠤᠨ ᠪᠠᠲᠤᠯᠠᠭ᠎ᠠ ᠬᠠᠩᠭ᠋ᠠᠪᠠ᠃ ᠲᠣᠰ ᠤᠳᠠᠭ᠎ᠠ ᠵᠢᠨ ᠬᠥᠬᠡᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠢᠨ ᠤᠷᠤᠯᠳᠤᠭ᠋ᠠᠨ᠎ᠳᠤ ᠣᠷᠣᠯᠴᠠᠭᠰᠠᠨ ᠲᠥᠷᠥᠯ ᠵᠦᠢᠯ᠎ᠨᠢ 《ᠣᠯᠠᠨ ᠡᠬᠢᠲᠦ ᠳ᠋ᠠᠢ᠌ᠲ᠋ᠠ ᠵᠢ ᠠᠭᠤᠰᠤᠯᠴᠠᠭᠤᠯᠤᠨ ᠬᠡᠷᠡᠭᠯᠡᠵᠦ᠂ ᠬᠥᠬᠡᠬᠣᠲᠠ ᠵᠢᠨ ᠰᠠᠭ᠋ᠠᠳ ᠦᠭᠡᠢ ᠨᠡᠪᠲᠡᠷᠡᠬᠦ ᠲᠡᠭᠡᠭᠡᠪᠦᠷᠢᠯᠡᠬᠦ ᠰᠢᠨ᠎ᠡ ᠡᠮᠬᠢ ᠳᠢᠭᠯᠢᠮ᠎ᠳᠤ ᠬᠦᠴᠦᠨ ᠴᠢᠳᠠᠯ ᠣᠯᠭᠤᠬᠤ》 ᠪᠣᠯᠣᠨ᠎ᠠ᠂ ᠠᠩᠬᠠᠨ᠎ᠤ ᠰᠢᠯᠭ᠋ᠠᠷᠠᠭᠤᠯᠤᠯᠲᠠ᠂ ᠲᠤᠬᠠᠶ ᠵᠢᠨ ᠲᠠᠯᠠᠪᠠᠶ ᠵᠢᠨ ᠨᠣᠮ ᠬᠠᠶᠠᠯᠴᠠᠭ᠎ᠠ ᠪᠠ ᠡᠴᠦᠰ᠎ᠤᠨ ᠰᠢᠯᠭ᠋ᠠᠷᠠᠭᠤᠯᠤᠯᠲᠠ᠎ᠪᠠᠷ ᠳᠡᠮᠵᠢᠨ᠂ ᠪᠥᠬᠥ ᠤᠯᠤᠰ᠎ᠤᠨ ᠤᠷᠤᠯᠳᠤᠭ᠋ᠠᠨ᠎ᠳᠤ ᠣᠷᠣᠯᠴᠠᠭᠰᠠᠨ 200 ᠭᠠᠷᠤᠶ ᠨᠢᠭᠡᠴᠢ ᠵᠢᠨ ᠳᠤᠮᠳᠠ᠎ᠠᠴᠠ ᠴᠣᠯᠭᠣᠷᠠᠨ ᠭᠠᠷᠤᠭᠰᠠᠨ ᠪᠠᠢ᠌ᠨ᠎ᠠ᠃
ᠣᠢ᠌ᠯᠠᠭ᠋ᠠᠭᠰᠠᠨ ᠵᠶ᠋ᠠᠷ᠂ ᠲᠣᠰ ᠤᠳᠠᠭ᠋ᠠᠨ᠎ᠤ ᠤᠷᠤᠯᠳᠤᠭ᠋ᠠᠨ ᠪᠣᠯ ᠤᠯᠤᠰ᠎ᠤᠨ ᠳ᠋ᠠᠢ᠌ᠲ᠋ᠠ ᠵᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠡᠷᠭᠢᠯᠡᠭᠰᠡᠨ ᠪᠥᠬᠥ ᠤᠯᠤᠰ᠎ᠤᠨ 《ᠳ᠋ᠠᠢ᠌ᠲ᠋ᠠ ᠵᠢᠨ ᠡᠯᠧᠮᠧᠨ᠋ᠲ x》᠎ᠤᠨ ᠤᠷᠤᠯᠳᠤᠭ᠋ᠠᠨ᠎ᠤ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠳᠤᠮᠳᠠᠳᠤ ᠤᠯᠤᠰ᠎ᠤᠨ ᠵᠠᠰᠠᠮᠠᠯ ᠵᠠᠮ᠎ᠤᠨ ᠰᠢᠨᠵᠢᠯᠡᠭᠡᠨ᠎ᠤ ᠨᠡᠢ᠌ᠭᠡᠮᠯᠢᠭ᠎ᠠᠴᠠ ᠡᠷᠭᠢᠯᠡᠭᠰᠡᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠠᠵᠢᠯ ᠲᠥᠷᠥᠯ᠎ᠤᠨ ᠳ᠋ᠠᠢ᠌ᠲ᠋ᠠ ᠵᠢᠨ ᠡᠯᠧᠮᠧᠨ᠋ᠲ᠎ᠤᠨ ᠬᠡᠷᠡᠭᠯᠡᠯᠲᠡ ᠵᠢᠨ ᠰᠢᠨ᠎ᠡ ᠵᠢ ᠡᠭᠦᠳᠬᠦ ᠤᠷᠤᠯᠳᠤᠭ᠋ᠠᠨ ᠪᠣᠯᠤᠨ᠎ᠠ᠃ ᠤᠷᠤᠯᠳᠤᠭ᠋ᠠᠨ᠎ᠳᠤ ᠣᠨᠴᠠ ᠳᠡᠰ᠎ᠤᠨ ᠱᠠᠩᠨᠠᠯ 2᠂ ᠨᠢᠭᠡᠳᠦᠭᠡᠷ ᠳᠡᠰ᠎ᠤᠨ ᠱᠠᠩᠨᠠᠯ 8᠂ ᠬᠣᠶᠠᠳᠤᠭ᠋ᠠᠷ ᠳᠡᠰ᠎ᠤᠨ ᠱᠠᠩᠨᠠᠯ 10᠂ ᠭᠤᠷᠪᠠᠳᠤᠭ᠋ᠠᠷ ᠳᠡᠰ᠎ᠤᠨ ᠱᠠᠩᠨᠠᠯ 12᠎ᠢ ᠲᠣᠬᠢᠷᠠᠭᠤᠯᠪᠠ᠃