ᠣᠳᠣᠬᠠᠨ ᠪᠣᠯᠲᠠᠯ᠎ᠠ᠂ ᠪᠤᠭᠤᠲᠤ᠎ᠠᠴᠠ ᠢᠷᠭ᠋ᠠᠶ ᠬᠦᠷᠬᠦ ᠲᠦᠷᠭᠡᠨ᠎ᠤ ᠲᠡᠮᠦᠷ ᠵᠠᠮ᠎ᠤᠨ ᠢᠷᠭ᠋ᠠᠶ᠎ᠠᠴᠠ ᠪᠠᠶᠠᠨᠬᠤᠲᠠ ᠬᠦᠷᠬᠦ ᠰᠠᠯᠪᠤᠷᠢ ᠱᠤᠭᠤᠮ (ᠠᠯᠠᠱ᠌ᠠ ᠵᠡᠭᠦᠨ ᠬᠣᠰᠢᠭᠤ)᠎ᠤᠨ ᠬᠡᠰᠡᠭ᠎ᠤᠨ ᠵᠠᠮ᠎ᠤᠨ ᠰᠠᠭᠤᠷᠢ᠂ ᠬᠥᠭᠥᠷᠭᠡ᠂ ᠥᠷᠲᠡᠭᠡᠨ᠎ᠤ ᠬᠡᠷ ᠪᠠᠢ᠌ᠰᠢᠩ᠎ᠤᠨ ᠭᠣᠤᠯ ᠴᠣᠭᠴᠠ ᠵᠢᠨ ᠪᠠᠷᠢᠯᠭ᠎ᠠ ᠵᠢ ᠪᠦᠬᠦᠨ᠎ᠢ ᠳᠠᠭᠤᠰᠬᠠᠪᠠ; ᠠᠯᠠᠱ᠌ᠠ ᠠᠭᠤᠯᠠ ᠵᠢᠨ ᠨᠦᠬᠡᠨ ᠵᠠᠮ᠎ᠤᠨ ᠭᠣᠤᠯ ᠴᠣᠭᠴᠠ ᠵᠢ ᠨᠡᠢ᠌ᠲᠡ 7575 ᠮᠧᠲᠷ ᠮᠠᠯᠲᠠᠵᠤ ᠲᠤᠯᠭ᠋ᠠᠭᠤᠷᠢᠯᠠᠨ ᠬᠠᠮᠠᠭ᠋ᠠᠯᠠᠵᠤ᠂ ᠲᠥᠪ ᠨᠦᠬᠡᠨ ᠵᠠᠮ᠎ᠤᠨ ᠪᠠᠷᠢᠯᠭ᠎ᠠ ᠵᠢᠨ ᠬᠡᠮᠵᠢᠶ᠎ᠡ ᠵᠢ 100%᠎ᠪᠠᠷ ᠪᠡᠶᠡᠯᠡᠭᠦᠯᠪᠡ᠃ ᠣᠳᠣ ᠶᠠᠭ ᠳᠠᠭ᠋ᠠᠯᠲᠠ ᠪᠠᠷᠢᠯᠭ᠎ᠠ ᠵᠢ ᠪᠠᠷᠢᠵᠤ ᠪᠠᠢ᠌ᠨ᠎ᠠ᠃
ᠪᠤᠭᠤᠲᠤ᠎ᠠᠴᠠ ᠢᠷᠭ᠋ᠠᠶ ᠬᠦᠷᠬᠦ ᠲᠦᠷᠭᠡᠨ᠎ᠤ ᠲᠡᠮᠦᠷ ᠵᠠᠮ᠎ᠤᠨ ᠢᠷᠭ᠋ᠠᠶ᠎ᠠᠴᠠ ᠪᠠᠶᠠᠨᠬᠣᠲᠠ ᠬᠦᠷᠬᠦ ᠰᠠᠯᠪᠤᠷᠢ ᠱᠤᠭᠤᠮ᠎ᠤᠨ ᠲᠡᠮᠦᠷ ᠵᠠᠮ᠎ᠤᠨ ᠲᠥᠷᠥᠯ ᠵᠦᠢᠯ᠎ᠤᠨ ᠪᠥᠬᠥ ᠣᠷᠳᠣᠨ᠎ᠢ ᠪᠠᠷᠤᠭ 111 ᠺᠢᠯᠣᠮᠧᠲᠷ᠂ ᠶᠡᠷᠦᠩᠬᠡᠶ ᠪᠠᠯᠠ ᠣᠷᠣᠭᠤᠯᠤᠯᠲᠠ᠎ᠨᠢ ᠪᠠᠷᠤᠭ 62.56 ᠳ᠋ᠦᠩᠰᠢᠭᠤᠷ ᠲᠥᠭᠥᠷᠢᠭ᠎ᠲᠤ ᠬᠦᠷᠴᠡᠶ᠂ ᠡᠭᠦᠨ᠎ᠳᠤ ᠠᠯᠠᠱ᠌ᠠ ᠠᠢ᠌ᠮᠠᠭ᠎ᠤᠨ ᠬᠢᠯᠢ ᠳᠣᠲᠣᠷᠠᠬᠢ ᠵᠠᠮ ᠱᠤᠭᠤᠮ᠎ᠤᠨ ᠣᠷᠳᠣᠨ᠎ᠢ ᠪᠠᠷᠤᠭ 75 ᠺᠢᠯᠣᠮᠧᠲᠷ᠂ ᠪᠠᠯᠠ ᠣᠷᠣᠭᠤᠯᠤᠯᠲᠠ᠎ᠨᠢ ᠪᠠᠷᠤᠭ 34.76 ᠳ᠋ᠦᠩᠰᠢᠭᠤᠷ ᠲᠥᠭᠥᠷᠢᠭ᠎ᠲᠤ ᠬᠦᠷᠴᠦ᠂ 2025 ᠣᠨ᠎ᠳᠤ 43562.9 ᠲᠦᠮᠡᠨ ᠲᠥᠭᠥᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠵᠦ᠂ ᠣᠨ᠎ᠤ ᠲᠥᠯᠥᠪᠯᠡᠭᠡ ᠵᠢᠨ 87.13% ᠵᠢ ᠪᠡᠶᠡᠯᠡᠭᠦᠯᠪᠡ᠃

ᠪᠤᠭᠤᠲᠤ᠎ᠠᠴᠠ ᠢᠷᠭ᠋ᠠᠶ ᠬᠦᠷᠬᠦ ᠲᠦᠷᠭᠡᠨ᠎ᠤ ᠲᠡᠮᠦᠷ ᠵᠠᠮ᠎ᠤᠨ ᠢᠷᠭ᠋ᠠᠶ᠎ᠠᠴᠠ ᠪᠠᠶᠠᠨᠬᠣᠲᠠ ᠬᠦᠷᠬᠦ ᠰᠠᠯᠪᠤᠷᠢ ᠱᠤᠭᠤᠮ᠎ᠨᠢ ᠨᠢᠩᠰᠢᠶᠠ ᠵᠢᠨ ᠢᠷᠭ᠋ᠠᠶ ᠬᠣᠲᠠ᠎ᠠᠴᠠ ᠡᠬᠢᠯᠡᠵᠦ᠂ ᠠᠯᠠᠱ᠌ᠠ ᠵᠡᠭᠦᠨ ᠬᠣᠰᠢᠭᠤᠨ᠎ᠤ ᠪᠠᠶᠠᠨᠬᠣᠲᠠ᠎ᠳᠤ ᠬᠦᠷᠴᠦ᠂ ᠪᠠᠢ᠌ᠭᠤᠯᠤᠭᠳᠠᠭᠰᠠᠨ᠎ᠤ ᠳᠠᠷᠠᠭ᠎ᠠ ᠪᠠᠶᠠᠨᠬᠣᠲᠠ᠎ᠳᠤ ᠭᠠᠯᠲᠤ ᠲᠡᠷᠭᠡ ᠨᠡᠪᠲᠡᠷᠡᠬᠦ ᠥᠬᠡᠶ ᠲᠡᠦᠬᠡ ᠵᠢ ᠡᠴᠦᠰᠯᠡᠭᠦᠯᠵᠦ᠂ ᠨᠢᠩᠰᠢᠶᠠ ᠪᠣᠯᠤᠨ ᠥᠪᠥᠷ ᠮᠣᠩᠭᠣᠯ᠎ᠤᠨ ᠬᠢᠯᠢ ᠳᠣᠲᠣᠷᠠᠬᠢ ᠲᠡᠮᠦᠷ ᠵᠠᠮ᠎ᠤᠨ ᠲᠣᠤᠷ᠎ᠤᠨ ᠪᠠᠢ᠌ᠷᠢᠰᠢᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠪᠦᠰᠡ ᠵᠢᠨ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃