ᠣᠢ᠌ᠷ᠎ᠠ᠎ᠳᠤ᠂ 331 ᠤᠯᠤᠰ᠎ᠤᠨ ᠵᠠᠮ᠎ᠤᠨ ᠯᠦ᠍ ᠵᠢᠩ᠎ᠠᠴᠠ ᠲᠢᠶᠠᠨ ᠱᠦᠢ ᠵᠢᠩ ᠬᠦᠷᠬᠦ ᠬᠡᠰᠡᠭ᠎ᠤᠨ ᠭᠣᠤᠯ ᠪᠠᠷᠢᠯᠭ᠎ᠠ ᠪᠥᠬᠥ ᠱᠤᠭᠤᠮ ᠵᠶ᠋ᠠᠷ ᠨᠡᠪᠲᠡᠷᠡᠵᠦ᠂ 331 ᠤᠯᠤᠰ᠎ᠤᠨ ᠵᠠᠮ᠎ᠤᠨ ᠥᠪᠥᠷ ᠮᠣᠩᠭᠣᠯ᠎ᠤᠨ ᠬᠢᠯᠢ ᠳᠣᠲᠣᠷᠠᠬᠢ ᠭᠤᠷᠪᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠬᠦ ᠵᠢ ᠪᠡᠶᠡᠯᠡᠭᠦᠯᠦᠭᠰᠡᠨ᠎ᠢ ᠬᠠᠷᠠᠭᠤᠯᠵᠤ ᠪᠠᠢ᠌ᠨ᠎ᠠ᠃
331 ᠤᠯᠤᠰ᠎ᠤᠨ ᠵᠠᠰᠠᠮᠠᠯ ᠵᠠᠮ᠎ᠤᠨ ᠯᠦ᠍ ᠵᠢᠩ᠎ᠠᠴᠠ ᠲᠢᠶᠠᠨ ᠱᠦᠢ ᠵᠢᠩ ᠬᠦᠷᠬᠦ ᠵᠠᠰᠠᠮᠠᠯ ᠵᠠᠮ᠎ᠤᠨ ᠪᠠᠷᠢᠯᠭ᠎ᠠ ᠵᠢᠨ ᠪᠥᠬᠥ ᠣᠷᠳᠣᠨ᠎ᠢ 280.16 ᠺᠢᠯᠣᠮᠧᠲᠷ ᠪᠠᠢ᠌ᠵᠤ᠂ ᠭᠤᠷᠪᠠᠳᠤᠭ᠋ᠠᠷ ᠳᠡᠰ᠎ᠤᠨ ᠵᠠᠰᠠᠮᠠᠯ ᠵᠠᠮ᠎ᠤᠨ ᠪᠠᠷᠢᠮᠵᠢᠶ᠎ᠠ᠎ᠪᠠᠷ ᠪᠥᠲᠥᠭᠡᠨ ᠪᠠᠢ᠌ᠭᠤᠯᠵᠤ᠂ ᠶᠡᠷᠦᠩᠬᠡᠶ ᠪᠠᠯᠠ ᠣᠷᠣᠭᠤᠯᠤᠯᠲᠠ᠎ᠨᠢ 10.55 ᠳ᠋ᠦᠩᠰᠢᠭᠤᠷ ᠲᠥᠭᠥᠷᠢᠭ᠎ᠲᠤ ᠬᠦᠷᠴᠡᠶ᠃ ᠣᠳᠣᠬᠠᠨ᠎ᠳᠤ᠂ ᠲᠥᠷᠥᠯ ᠵᠦᠢᠯ᠎ᠤᠨ ᠭᠣᠤᠯ ᠴᠣᠭᠴᠠ ᠵᠢᠨ ᠪᠠᠷᠢᠯᠭ᠎ᠠ ᠨᠢᠭᠡᠨᠲᠡ ᠳᠠᠭᠤᠰᠴᠤ᠂ ᠡᠯ᠎ᠡ ᠨᠢᠭᠡᠴᠢ ᠵᠢᠨ᠎ᠬᠢᠨ ᠶᠠᠭ ᠡᠯ᠎ᠡ ᠵᠦᠢᠯ᠎ᠤᠨ ᠳᠠᠭ᠋ᠠᠯᠲᠠ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠪᠥᠬᠥ ᠱᠤᠭᠤᠮ ᠵᠶ᠋ᠠᠷ ᠲᠡᠷᠭᠡ ᠨᠡᠪᠲᠡᠷᠡᠬᠦ ᠵᠢ ᠪᠡᠶᠡᠯᠡᠭᠦᠯᠬᠦ ᠵᠢᠨ ᠲᠥᠯᠥᠭᠡ ᠡᠴᠦᠰ᠎ᠤᠨ ᠰᠢᠪᠲᠤᠯᠤᠯᠲᠠ ᠬᠢᠵᠦ ᠪᠠᠢ᠌ᠨ᠎ᠠ᠃ ᠲᠣᠰ ᠲᠥᠷᠥᠯ ᠵᠦᠢᠯ ᠪᠣᠯ 331 ᠤᠯᠤᠰ᠎ᠤᠨ ᠵᠠᠮ᠎ᠤᠨ ᠥᠪᠥᠷ ᠮᠣᠩᠭᠣᠯ᠎ᠤᠨ ᠬᠡᠰᠡᠭ᠎ᠢ ᠪᠥᠬᠥ ᠱᠤᠭᠤᠮ ᠵᠶ᠋ᠠᠷ ᠨᠡᠪᠲᠡᠷᠡᠭᠦᠯᠬᠦ ᠬᠠᠮᠤᠭ ᠡᠴᠦᠰ᠎ᠤᠨ ᠵᠠᠩᠭᠢᠯᠠᠭ᠎ᠠ ᠵᠢᠨ ᠭᠣᠭᠴᠣᠭ᠎ᠠ ᠪᠠᠢ᠌ᠵᠤ᠂ ᠪᠠᠢ᠌ᠭᠤᠯᠵᠤ ᠳᠠᠭᠤᠰᠤᠭᠰᠠᠨ᠎ᠤ ᠳᠠᠷᠠᠭ᠎ᠠ ᠰᠢᠨᠵᠢᠶᠠᠩ᠎ᠳᠤ ᠣᠷᠣᠬᠤ ᠪᠠᠰᠠ ᠨᠢᠭᠡᠨ ᠵᠠᠮ᠎ᠤᠨ ᠲᠣᠤᠷ᠎ᠤᠨ ᠶᠡᠬᠡ ᠵᠠᠮ᠎ᠢ ᠨᠡᠪᠲᠡᠷᠡᠭᠦᠯᠬᠦ ᠪᠣᠯᠤᠨ᠎ᠠ᠂ ᠡᠨᠡ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠣᠤᠯ ᠱᠤᠭᠤᠮ᠎ᠤᠨ ᠵᠠᠰᠠᠮᠠᠯ ᠵᠠᠮ᠎ᠤᠨ ᠲᠣᠤᠷ᠎ᠤᠨ ᠪᠠᠢ᠌ᠷᠢᠰᠢᠯ᠎ᠢ ᠲᠡᠭᠦᠯᠳᠡᠷᠵᠢᠭᠦᠯᠵᠦ᠂ ᠣᠷᠣᠨ ᠪᠦᠰᠡ ᠵᠢᠨ ᠵᠠᠰᠠᠮᠠᠯ ᠵᠠᠮ᠎ᠤᠨ ᠨᠡᠪᠲᠡᠷᠡᠬᠦ ᠴᠢᠳᠠᠪᠤᠷᠢ ᠪᠠ ᠦᠢᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠣᠢ᠌ᠯᠠᠭ᠋ᠠᠭᠰᠠᠨ ᠵᠶ᠋ᠠᠷ᠂ 331 ᠤᠯᠤᠰ᠎ᠤᠨ ᠵᠠᠮ᠎ᠤᠨ ᠳ᠋ᠠᠨᠳᠦ᠋ᠩ᠎ᠠᠴᠠ ᠠᠯᠲᠠᠶ ᠬᠦᠷᠬᠦ ᠵᠠᠰᠠᠮᠠᠯ ᠵᠠᠮ᠎ᠤᠨ ᠡᠬᠢᠯᠡᠯᠲᠡ ᠵᠢᠨ ᠴᠡᠭ᠎ᠨᠢ ᠯᠢᠶᠣᠤᠨᠢᠩ ᠮᠤᠵᠢ ᠵᠢᠨ ᠳ᠋ᠠᠨᠳᠦ᠋ᠩ ᠬᠣᠲᠠ ᠵᠢᠨ ᠳ᠋ᠠᠨᠳᠦ᠋ᠩ ᠥᠷᠲᠡᠭᠡ᠂ ᠲᠡᠭᠦᠰᠭᠡᠯ᠎ᠤᠨ ᠴᠡᠭ᠎ᠨᠢ ᠰᠢᠨᠵᠢᠶᠠᠩ᠎ᠤᠨ ᠤᠢ᠌ᠭᠤᠷ᠎ᠤᠨ ᠥᠪᠡᠷᠲᠡᠭᠡᠨ ᠵᠠᠰᠠᠬᠤ ᠣᠷᠣᠨ᠎ᠤ ᠬᠠᠪᠠ ᠭᠣᠤᠯ ᠰᠢᠶᠠᠨ᠎ᠤ ᠪᠣᠭᠣᠮᠲᠠ᠎ᠳᠤ ᠪᠠᠢ᠌ᠷᠢᠯᠠᠵᠤ᠂ ᠵᠡᠭᠦᠨ ᠬᠣᠢ᠌ᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢ᠌ᠲᠤ ᠣᠷᠣᠨ᠎ᠢ ᠰᠤᠨᠳᠠᠯᠠᠵᠤ᠂ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠭᠠᠨᠰᠦ ᠮᠤᠵᠢ᠂ ᠰᠢᠨᠵᠢᠶᠠᠩ᠎ᠤᠨ ᠤᠢ᠌ᠭᠤᠷ᠎ᠤᠨ ᠥᠪᠡᠷᠲᠡᠭᠡᠨ ᠵᠠᠰᠠᠬᠤ ᠣᠷᠣᠨ ᠵᠡᠷᠭᠡ 6 ᠮᠤᠵᠢ ᠣᠷᠣᠨ ᠵᠶ᠋ᠡᠷ ᠦᠩᠭᠡᠷᠡᠵᠦ᠂ ᠪᠥᠬᠥ ᠣᠷᠳᠣᠨ᠎ᠢ 9333 ᠺᠢᠯᠣᠮᠧᠲᠷ ᠪᠠᠢ᠌ᠳᠠᠭ᠃ 331 ᠤᠯᠤᠰ᠎ᠤᠨ ᠵᠠᠮ᠎ᠤᠨ ᠥᠪᠥᠷ ᠮᠣᠩᠭᠣᠯ᠎ᠤᠨ ᠬᠡᠰᠡᠭ᠎ᠨᠢ ᠵᠡᠭᠦᠨᠰᠢ᠎ᠪᠠᠨ ᠬᠥᠯᠥᠨ ᠪᠣᠢ᠌ᠷ ᠬᠣᠲᠠ ᠵᠢᠨ ᠡᠩᠬᠡᠬᠠᠳᠠ᠎ᠠᠴᠠ ᠡᠬᠢᠯᠡᠵᠦ᠂ ᠪᠠᠷᠠᠭᠤᠨᠰᠢ᠎ᠪᠠᠨ ᠠᠯᠠᠱ᠌ᠠ ᠠᠢ᠌ᠮᠠᠭ ᠬᠢᠭᠡᠳ ᠭᠠᠨᠰᠦ ᠵᠢᠨ ᠵᠠᠭ᠋ᠠᠭ᠎ᠲᠠᠬᠢ ᠲᠢᠶᠠᠨ ᠱᠦᠢ ᠵᠢᠩ ᠬᠦᠷᠴᠦ᠂ ᠭᠠᠨᠰᠦ ᠵᠢᠨ 331 ᠤᠯᠤᠰ᠎ᠤᠨ ᠵᠠᠮ᠎ᠤᠨ ᠳ᠋ᠠ ᠬᠣᠩ ᠱᠠᠨ᠎ᠠᠴᠠ ᠬᠤᠯᠠ ᠵᠠᠳᠠᠭ᠋ᠠᠢ ᠬᠦᠷᠬᠦ ᠬᠡᠰᠡᠭ᠎ᠤᠨ ᠡᠬᠢᠯᠡᠯᠲᠡ ᠵᠢᠨ ᠴᠡᠭ᠎ᠲᠠᠢ ᠵᠠᠯᠭ᠋ᠠᠯᠳᠤᠵᠤ᠂ ᠬᠥᠯᠥᠨ ᠪᠣᠢ᠌ᠷ ᠬᠣᠲᠠ᠂ ᠬᠢᠩᠭ᠋ᠠᠨ ᠠᠢ᠌ᠮᠠᠭ᠂ ᠰᠢᠯᠢ ᠵᠢᠨ ᠭᠣᠤᠯ ᠠᠢ᠌ᠮᠠᠭ᠂ ᠤᠯᠠᠭ᠋ᠠᠨᠴᠠᠪ ᠬᠣᠲᠠ᠂ ᠪᠤᠭᠤᠲᠤ ᠬᠣᠲᠠ᠂ ᠪᠠᠶᠠᠨᠨᠠᠭᠤᠷ ᠬᠣᠲᠠ᠂ ᠠᠯᠠᠱ᠌ᠠ ᠠᠢ᠌ᠮᠠᠭ ᠵᠡᠷᠭᠡ 7 ᠠᠢ᠌ᠮᠠᠭ ᠬᠣᠲᠠ᠎ᠪᠠᠷ ᠥᠩᠭᠡᠷᠡᠨ᠎ᠡ᠃