10 ᠳ᠋ᠤᠭ᠋ᠠᠷ ᠰᠠᠷ᠎ᠠ ᠵᠢᠨ 24᠎ᠤ ᠡᠳᠦᠷ᠎ᠠᠴᠠ 25᠎ᠤ ᠡᠳᠦᠷ ᠪᠣᠯᠲᠠᠯ᠎ᠠ᠂ ᠬᠥᠬᠡᠬᠣᠲᠠ ᠪᠤᠭᠤᠲᠤ ᠣᠷᠳᠣᠰ ᠲᠡᠮᠡᠭᠡᠲᠦ ᠤᠯᠠᠭ᠋ᠠᠨᠴᠠᠪ᠎ᠤᠨ ᠬᠣᠶᠠᠳᠤᠭ᠋ᠠᠷ ᠤᠳᠠᠭ᠋ᠠᠨ᠎ᠤ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠶᠡᠬᠡ ᠬᠤᠷᠠᠯ ᠣᠷᠳᠣᠰ ᠬᠣᠲᠠ᠎ᠳᠤ ᠬᠤᠷᠠᠯᠳᠤᠪᠠ᠃ ᠶᠡᠬᠡ ᠬᠤᠷᠠᠯ᠎ᠨᠢ 《ᠤᠶᠤᠨᠴᠢ ᠲᠡᠭᠡᠭᠡᠪᠦᠷᠢ ᠵᠢᠨ ᠢᠷᠡᠭᠡᠳᠦᠶ᠂ ᠰᠢᠨ᠎ᠡ ᠠᠶᠠᠨ᠎ᠤ ᠬᠡᠯᠬᠢᠶ᠎ᠡ᠎ᠪᠠᠨ ᠡᠬᠢᠯᠡᠭᠦᠯᠬᠦ》᠎ᠪᠠᠷ ᠭᠣᠤᠯ ᠰᠡᠳᠦᠪ ᠪᠣᠯᠭ᠋ᠠᠨ᠂ ᠦᠷ᠎ᠡ ᠪᠦᠲᠦᠭᠡᠯ ᠵᠶ᠋ᠡᠨ ᠳ᠋ᠦᠩᠨᠡᠵᠦ᠂ ᠬᠦᠴᠢᠷ ᠠᠰᠠᠭᠤᠳᠠᠯ᠎ᠢ ᠰᠢᠢᠳᠪᠦᠷᠢᠯᠡᠨ᠂ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ᠂ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡ ᠵᠢᠨ ᠠᠵᠢᠯ ᠲᠥᠷᠥᠯ᠎ᠤᠨ ᠦᠷᠭᠦᠯᠵᠢᠯᠡᠨ ᠥᠪᠡᠷ᠎ᠤᠨ ᠥᠷᠲᠡᠭ ᠵᠶ᠋ᠡᠨ ᠪᠠᠭᠤᠷᠠᠭᠤᠯᠤᠨ ᠦᠷ᠎ᠡ ᠠᠰᠢᠭ ᠵᠶ᠋ᠠᠨ ᠨᠡᠮᠡᠭᠳᠡᠭᠦᠯᠬᠦ ᠵᠢ ᠬᠠᠮᠲᠤ᠎ᠪᠠᠷ ᠠᠬᠢᠭᠤᠯᠤᠨ᠎ᠠ᠃
ᠬᠤᠷᠠᠯ᠎ᠠᠴᠠ ᠲᠠᠷᠠᠭ᠋ᠠᠴᠢ ᠵᠢᠨ ᠠᠯᠬᠤᠮ᠎ᠤᠨ ᠬᠥᠭᠵᠢᠯᠲᠡ ᠵᠢᠨ ᠰᠡᠳᠬᠢᠴᠡ ᠪᠣᠯᠤᠨ ᠠᠵᠢᠯᠯᠠᠭ᠋ᠠᠨ᠎ᠤ ᠰᠠᠨᠠᠭ᠋ᠠᠴᠢᠯᠠᠭ᠎ᠠ ᠵᠢ ᠳᠤᠷᠠᠳᠴᠤ᠂ ᠬᠠᠮᠵᠢᠯᠴᠠᠬᠤ ᠲᠣᠭᠲᠠᠴᠠ ᠵᠢ ᠪᠦᠷᠢᠨᠰᠢᠬᠦᠯᠬᠦ᠂ ᠰᠠᠭᠤᠷᠢ ᠪᠦᠳᠦᠬᠡᠨ ᠪᠠᠢ᠌ᠭᠤᠯᠤᠯᠲᠠ᠎ᠳᠤ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠬᠤ᠂ ᠣᠶᠤᠨᠴᠢ ᠠᠮᠢ ᠠᠬᠤᠢ ᠵᠢ ᠴᠣᠭᠴᠠᠯᠠᠬᠤ᠂ ᠠᠵᠤ ᠦᠢ᠍ᠯᠡᠰ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠬᠦ᠂ ᠤᠯᠠᠨ ᠲᠠᠯ᠎ᠠ ᠵᠢᠨ ᠬᠠᠮᠲᠤᠷᠠᠯᠴᠠᠭ᠎ᠠ ᠵᠢ ᠴᠢᠩᠭ᠋ᠠᠳᠬᠠᠬᠤ᠂ ᠪᠠᠢ᠌ᠯᠳᠤᠬᠤ ᠪᠤᠳᠤᠯᠭ᠎ᠠ ᠵᠢᠨ ᠲᠠᠯ᠎ᠠ᠎ᠠᠴᠠ 《ᠬᠦᠢ᠍ᠰᠦ᠎ᠪᠠᠷ ᠬᠦᠳᠦᠯᠥᠨ ᠳᠠᠭ᠋ᠠᠭᠤᠯᠬᠤ᠂ ᠤᠯᠠᠨ ᠴᠡᠭ ᠵᠶ᠋ᠡᠷ ᠲᠤᠯᠭ᠋ᠠᠭᠤᠷᠢᠯᠠᠬᠤ᠂ ᠪᠦᠬᠦ ᠣᠷᠣᠨ ᠪᠦᠰᠡ᠎ᠪᠠᠷ ᠬᠣᠯᠪᠣᠭ᠋ᠠᠯᠠᠨ ᠬᠥᠳᠡᠯᠦᠯᠴᠡᠬᠦ》 ᠪᠠᠷᠠᠭ᠋ᠠᠨ᠎ᠤ ᠭᠦᠢ᠍ᠯᠭᠡᠭᠡᠨ᠎ᠤ ᠪᠠᠢ᠌ᠷᠢᠰᠢᠯ᠎ᠢ ᠪᠦᠷᠢᠯᠳᠦᠭᠦᠯᠵᠦ᠂ ᠬᠥᠬᠡᠬᠣᠲᠠ ᠪᠤᠭᠤᠲᠤ ᠤᠷᠳᠤᠰ ᠲᠡᠮᠡᠭᠡᠲᠦ ᠵᠢᠨ ᠬᠤᠳᠠ ᠵᠢᠨ ᠪᠦᠯᠦᠭᠵᠢᠯ᠎ᠤᠨ ᠪᠦᠳᠦᠬᠡᠨ ᠪᠠᠢ᠌ᠭᠤᠯᠤᠯᠲᠠ᠎ᠳᠤ ᠭᠣᠣᠯ ᠬᠥᠳᠡᠯᠭᠡᠬᠦ ᠬᠦᠴᠦᠨ ᠨᠡᠮᠡᠷᠢᠯᠡᠨ᠎ᠡ᠃ ᠪᠠᠷᠠᠭ᠋ᠠᠨ᠎ᠤ ᠭᠦᠢ᠍ᠯᠭᠡᠭᠡ ᠵᠢᠨ ᠥᠪᠡᠷ᠎ᠤᠨ ᠦᠷᠳᠡᠭ᠎ᠢ ᠪᠠᠭᠤᠷᠠᠭᠤᠯᠵᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠦᠷᠭᠦᠯᠵᠢᠯᠡᠨ ᠠᠬᠢᠭᠤᠯᠤᠨ᠎ᠠ᠃ ᠪᠠᠷᠠᠭ᠋ᠠᠨ᠎ᠤ ᠭᠦᠢ᠍ᠯᠭᠡᠭᠡ ᠵᠢᠨ ᠬᠥᠮᠥᠷᠭᠡᠯᠡᠨ ᠬᠠᠳᠠᠭ᠋ᠠᠯᠠᠬᠤ ᠲᠦᠭᠦᠭᠡᠷᠤᠮᠵᠢ ᠵᠡᠷᠭᠡ ᠬᠦᠷᠢᠶᠡᠨ᠎ᠳᠠᠬᠢ ᠪᠡᠯᠡ ᠣᠷᠣᠭᠤᠯᠤᠯᠲᠠ ᠵᠢ ᠨᠡᠮᠡᠭᠳᠡᠭᠦᠯᠦᠨ᠎ᠡ᠃ ᠪᠠᠷᠠᠭ᠋ᠠᠨ᠎ᠤ ᠭᠦᠢ᠍ᠯᠭᠡᠭᠡ ᠵᠢᠨ ᠲᠣᠭ᠎ᠠ ᠪᠠᠷᠢᠮᠲᠠ ᠵᠢ ᠨᠡᠭᠡᠭᠡᠨ ᠬᠠᠷᠢᠯᠴᠠᠨ ᠬᠣᠯᠪᠣᠬᠤ ᠵᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠵᠢ ᠪᠠᠷᠠᠭ᠋ᠠᠨ᠎ᠤ ᠭᠦᠢ᠍ᠯᠭᠡᠭᠡᠯᠦᠭᠡ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠵᠤ᠂ ᠪᠠᠷᠠᠭ᠋ᠠᠨ᠎ᠤ ᠭᠦᠢ᠍ᠯᠭᠡᠭᠡ ᠵᠢᠨ ᠲᠣᠭ᠋ᠠᠴᠢᠯᠠᠭᠰᠠᠨ ᠣᠶᠤᠨᠴᠢᠯᠠᠭᠰᠠᠨ ᠬᠥᠭᠵᠢᠯᠲᠡ ᠵᠢ ᠠᠬᠢᠭᠤᠯᠤᠨ᠎ᠠ᠃ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ ᠢᠯᠠᠩᠭᠤᠶ᠎ᠠ ᠵᠢᠵᠢᠭ ᠪᠢᠴᠢᠯ ᠠᠵᠤ ᠠᠬᠤᠢ᠌ᠯᠠᠯ᠎ᠤᠨ ᠣᠬᠣᠷ ᠬᠤᠭᠤᠴᠠᠭ᠋ᠠᠨ᠎ᠤ ᠪᠡᠯᠡ ᠮᠥᠩᠭᠥ ᠴᠤᠭᠯᠠᠭᠤᠯᠬᠤ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠪᠠᠷᠠᠭ᠋ᠠᠨ᠎ᠤ ᠭᠦᠢ᠍ᠯᠭᠡᠭᠡ ᠵᠢᠨ ᠭᠣᠣᠯ ᠴᠣᠭᠴᠠ ᠵᠢᠨ ᠬᠦᠴᠦᠷᠬᠡᠭᠵᠢᠨ ᠰᠢᠯᠢᠳᠡᠭᠵᠢᠵᠦ ᠪᠤᠵᠠᠭ᠋ᠠᠢ᠍ᠢ᠍ᠷᠠᠬᠤ ᠵᠢ ᠠᠬᠢᠭᠤᠯᠤᠨ᠎ᠠ᠃ ᠵᠠᠰᠠᠭ ᠵᠠᠬᠢᠷᠭ᠋ᠠᠨ᠎ᠤ ᠪᠡᠬᠢᠯᠡᠯᠲᠡ ᠵᠢ ᠡᠪᠳᠡᠬᠦ᠎ᠪᠠᠷ ᠳᠠᠮᠵᠢᠭᠤᠯᠤᠨ᠂ ᠬᠠᠩᠭ᠋ᠠᠯᠭ᠎ᠠ ᠬᠡᠷᠡᠭᠴᠡᠭᠡ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠪᠠ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠵᠢᠯᠴᠠᠭ᠎ᠠ ᠵᠢ ᠠᠬᠢᠭᠤᠯᠵᠤ᠂ ᠣᠷᠣᠨ ᠪᠦᠰᠡ ᠵᠢᠨ ᠠᠵᠤ ᠦᠢᠯᠡᠰ᠎ᠤᠨ ᠲᠠᠰ ᠳᠡᠪᠰᠢᠬᠦ᠎ᠳᠤ ᠥᠨᠳᠥᠷ ᠪᠦᠲᠦᠮᠵᠢᠲᠡᠶ ᠪᠠᠷᠠᠭ᠋ᠠᠨ᠎ᠤ ᠭᠦᠢ᠍ᠯᠭᠡᠭᠡ ᠵᠢᠨ ᠲᠤᠯᠭ᠋ᠠᠭᠤᠷᠢᠯᠠᠯ ᠬᠠᠩᠭ᠋ᠠᠵᠤ᠂ ᠣᠷᠣᠨ ᠪᠦᠰᠡ ᠵᠢᠨ ᠪᠠᠷᠠᠭ᠋ᠠᠨ᠎ᠤ ᠭᠦᠢᠯᠭᠡᠭᠡ ᠵᠢ 《ᠦᠢᠯᠡᠴᠢᠯᠡᠭᠡᠨ᠎ᠤ ᠠᠵᠤ ᠦᠢᠯᠡᠰ》᠎ᠠᠴᠠ 《ᠠᠵᠤ ᠦᠢᠯᠡᠰ᠎ᠢ ᠬᠥᠲᠥᠯᠥᠨ ᠳᠠᠭ᠋ᠠᠭᠤᠯᠬᠤ》 ᠲᠡᠢ᠌ᠰᠢ ᠬᠤᠪᠢᠷᠠᠭᠤᠯᠬᠤ ᠵᠢ ᠠᠬᠢᠭᠤᠯᠬᠤ ᠬᠡᠷᠡᠭᠲᠡᠶ ᠭᠡᠵᠡᠢ᠃
ᠶᠡᠬᠡ ᠬᠤᠷᠠᠯ᠎ᠠᠴᠠ 《5 + N》 ᠠᠭᠤᠰᠤᠯᠴᠠᠨ ᠬᠥᠭᠵᠢᠬᠦ ᠰᠢᠨ᠎ᠡ ᠵᠠᠭᠪᠤᠷ᠎ᠢ ᠳᠤᠷᠠᠳᠪᠠ᠂ 《5》 ᠭᠡᠳᠡᠭ᠎ᠨᠢ ᠬᠥᠬᠡᠬᠣᠲᠠ ᠪᠤᠭᠤᠲᠤ ᠣᠷᠳᠣᠰ ᠲᠡᠮᠡᠭᠡᠲᠦ ᠤᠯᠠᠭ᠋ᠠᠨᠴᠠᠪ ᠲᠠᠪᠤᠨ ᠬᠣᠲᠠ ᠵᠢᠨ ᠪᠠᠷᠠᠭ᠋ᠠᠨ᠎ᠤ ᠭᠦᠢ᠍ᠯᠭᠡᠭᠡ ᠵᠢᠨ ᠠᠵᠢᠯ ᠲᠥᠷᠥᠯ᠎ᠤᠨ ᠨᠡᠢ᠌ᠭᠡᠮᠯᠢᠭ᠎ᠢ ᠵᠢᠭ᠋ᠠᠵᠤ ᠪᠣᠶ᠂ 《N》 ᠭᠡᠳᠡᠭ᠎ᠨᠢ ᠬᠥᠬᠡᠬᠣᠲᠠ ᠪᠤᠭᠤᠲᠤ ᠣᠷᠳᠣᠰ ᠲᠡᠮᠡᠭᠡᠲᠦ ᠤᠯᠠᠭ᠋ᠠᠨᠴᠠᠪ ᠲᠠᠪᠤᠨ ᠬᠣᠲᠠ ᠵᠢᠨ ᠪᠠᠷᠠᠭ᠋ᠠᠨ᠎ᠤ ᠭᠦᠢ᠍ᠯᠭᠡᠭᠡ ᠵᠢᠨ ᠠᠵᠢᠯ ᠲᠥᠷᠥᠯ᠎ᠤᠨ ᠨᠥᠬᠥᠷᠰᠡᠭ ᠶᠠᠪᠤᠯᠴᠠᠭ᠋ᠠᠨ᠎ᠤ ᠠᠵᠢᠯ ᠲᠥᠷᠥᠯ᠎ᠤᠨ ᠨᠡᠢ᠌ᠭᠡᠮᠯᠢᠭ᠎ᠢ ᠵᠢᠭ᠋ᠠᠵᠤ ᠪᠣᠶ᠃ ᠶᠡᠬᠡ ᠬᠤᠷᠠᠯ᠎ᠤᠨ ᠬᠤᠭᠤᠴᠠᠭ᠋ᠠᠨ᠎ᠳᠤ᠂ ᠬᠥᠬᠡᠬᠣᠲᠠ ᠪᠤᠭᠤᠲᠤ ᠣᠷᠳᠣᠰ ᠲᠡᠮᠡᠭᠡᠲᠦ ᠤᠯᠠᠭ᠋ᠠᠨᠴᠠᠪ᠎ᠤᠨ 《5 + N》 ᠨᠡᠢ᠌ᠭᠡᠮᠯᠢᠭ᠎ᠤᠨ ᠳᠠᠷᠤᠭ᠎ᠠ ᠵᠢᠨ ᠶᠠᠷᠢᠶᠠᠨ᠎ᠤ ᠲᠠᠪᠴᠠᠩ᠎ᠢ ᠡᠷᠭᠢᠯᠡᠪᠡ᠃ ᠶᠠᠷᠢᠶᠠᠨ᠎ᠤ ᠲᠠᠪᠴᠠᠩ᠎ᠨᠢ ᠵᠠᠮ ᠬᠠᠷᠢᠯᠴᠠᠭ᠎ᠠ ᠪᠠᠷᠠᠭ᠋ᠠᠨ᠎ᠤ ᠭᠦᠢᠯᠭᠡᠭᠡ ᠵᠢᠨ ᠲᠣᠭᠣᠷᠢᠨ᠎ᠳᠤ᠂ ᠲᠣᠰ ᠪᠡᠶ᠎ᠡ ᠵᠢᠨ ᠡᠭᠦᠷᠭᠡ ᠴᠢᠳᠠᠪᠬᠢ ᠵᠢᠨ ᠦᠢᠯᠡᠳᠦᠯᠳᠤ᠎ᠪᠠᠨ ᠰᠠᠭᠤᠷᠢᠯᠠᠵᠤ᠂ ᠠᠵᠢᠯ ᠲᠥᠷᠥᠯ᠎ᠤᠨ ᠨᠡᠢ᠌ᠭᠡᠮᠯᠢᠭ᠎ᠤᠨ ᠴᠢᠨᠠᠷ ᠰᠠᠢ᠌ᠲᠠᠶ ᠬᠥᠭᠵᠢᠯᠲᠡ ᠵᠢᠨ ᠠᠮᠵᠢᠯᠲᠠ᠎ᠲᠠᠢ ᠲᠤᠷᠰᠢᠯᠭ᠎ᠠ ᠵᠢ ᠲᠠᠨᠢᠯᠴᠠᠭᠤᠯᠵᠤ᠂ 《5 + N》 ᠵᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ᠎ᠢ ᠪᠠᠢ᠌ᠭᠤᠯᠬᠤ ᠪᠠ ᠭᠦᠨᠵᠡᠭᠡᠢ᠌ᠷᠡᠭᠦᠯᠬᠦ ᠰᠠᠨᠠᠯ ᠰᠠᠨᠠᠭᠤᠯᠭ᠎ᠠ ᠳᠤᠷᠠᠳᠴᠤ᠂ ᠢᠳᠡᠪᠬᠢᠲᠡᠶ ᠦᠷ᠎ᠡ ᠪᠦᠲᠦᠮᠵᠢ ᠤᠯᠪᠠ᠃
ᠣᠢ᠌ᠯᠠᠭ᠋ᠠᠭᠰᠠᠨ ᠵᠶ᠋ᠠᠷ᠂ 2023 ᠣᠨ᠎ᠤ 5 ᠳ᠋ᠤᠭ᠋ᠠᠷ ᠰᠠᠷ᠎ᠠ ᠵᠢᠨ 28᠎ᠤ ᠡᠳᠦᠷ᠎ᠠᠴᠠ 29᠎ᠤ ᠡᠳᠦᠷ ᠪᠣᠯᠲᠠᠯ᠎ᠠ᠂ ᠣᠷᠳᠣᠰ ᠬᠣᠲᠠ ᠵᠢᠨ ᠪᠠᠷᠠᠭ᠋ᠠᠨ᠎ᠤ ᠭᠦᠢ᠍ᠯᠭᠡᠭᠡ ᠵᠢᠨ ᠨᠡᠢ᠌ᠭᠡᠮᠯᠢᠭ᠎ᠨᠢ ᠥᠪᠥᠷ ᠮᠣᠩᠭᠣᠯ᠎ᠤᠨ ᠪᠠᠷᠠᠭ᠋ᠠᠨ᠎ᠤ ᠭᠦᠢ᠍ᠯᠭᠡᠭᠡ ᠵᠢᠨ ᠨᠡᠢ᠌ᠭᠡᠮᠯᠢᠭ᠂ ᠪᠤᠭᠤᠲᠤ ᠬᠣᠲᠠ ᠵᠢᠨ ᠤᠶᠤᠨᠲᠤ ᠪᠠᠷᠠᠭ᠋ᠠᠨ᠎ᠤ ᠭᠦᠢ᠍ᠯᠭᠡᠭᠡ ᠵᠢᠨ ᠨᠡᠢ᠌ᠭᠡᠮᠯᠢᠭ᠂ ᠲᠡᠮᠡᠭᠡᠲᠦ ᠬᠣᠲᠠ ᠵᠢᠨ ᠪᠠᠷᠠᠭ᠋ᠠᠨ᠎ᠤ ᠭᠦᠢ᠍ᠯᠭᠡᠭᠡ ᠬᠢᠭᠡᠳ ᠬᠤᠳᠠᠯᠳᠤᠨ ᠠᠪᠬᠤ ᠬᠣᠯᠪᠣᠭ᠋ᠠᠲᠤ ᠨᠡᠢ᠌ᠭᠡᠮᠯᠢᠭ ᠂ ᠤᠯᠠᠭ᠋ᠠᠨᠴᠠᠪ ᠬᠣᠲᠠ ᠵᠢᠨ ᠪᠠᠷᠠᠭ᠋ᠠᠨ᠎ᠤ ᠭᠦᠢ᠍ᠯᠭᠡᠭᠡ ᠬᠢᠭᠡᠳ ᠬᠤᠳᠠᠯᠳᠤᠨ ᠠᠪᠬᠤ ᠬᠣᠯᠪᠣᠭ᠋ᠠᠲᠤ ᠨᠡᠢ᠌ᠭᠡᠮᠯᠢᠭ᠎ᠲᠠᠢ ᠬᠠᠮᠲᠤᠷᠠᠨ ᠬᠥᠬᠡᠬᠣᠲᠠ ᠪᠤᠭᠤᠲᠤ ᠣᠷᠳᠣᠰ ᠲᠡᠮᠡᠭᠡᠲᠦ ᠤᠯᠠᠭ᠋ᠠᠨᠴᠠᠪ᠎ᠤᠨ ᠪᠠᠷᠠᠭ᠋ᠠᠨ᠎ᠤ ᠭᠦᠢ᠍ᠯᠭᠡᠭᠡ ᠵᠢᠨ ᠠᠵᠤ ᠦᠢᠯᠡᠰ᠎ᠤᠨ ᠬᠣᠯᠪᠤᠭ᠎ᠠ ᠵᠢᠨ ᠠᠩᠬᠠᠳᠤᠭ᠋ᠠᠷ ᠤᠳᠠᠭ᠎ᠠ ᠵᠢᠨ ᠬᠤᠷᠠᠯ᠎ᠢ ᠬᠤᠷᠠᠯᠳᠤᠭᠤᠯᠤᠭᠰᠠᠨ ᠪᠥᠭᠡᠳ 《ᠬᠥᠬᠡᠬᠣᠲᠠ ᠪᠤᠭᠤᠲᠤ ᠣᠷᠳᠣᠰ ᠲᠡᠮᠡᠭᠡᠲᠦ ᠤᠯᠠᠭ᠋ᠠᠨᠴᠠᠪ᠎ᠤᠨ ᠪᠠᠷᠠᠭ᠋ᠠᠨ᠎ᠤ ᠭᠦᠢ᠍ᠯᠭᠡᠭᠡ ᠵᠢᠨ ᠠᠵᠤ ᠦᠢᠯᠡᠰ᠎ᠤᠨ ᠬᠣᠯᠪᠤᠭ᠎ᠠ ᠵᠢᠨ ᠬᠤᠷᠠᠯ᠎ᠤᠨ ᠰᠠᠨᠠᠭᠤᠯᠤᠮᠵᠢ ᠵᠢᠨ ᠪᠢᠴᠢᠭ》᠎ᠲᠤ ᠭᠠᠷᠤᠨ ᠥᠰᠥᠭ ᠵᠢᠷᠤᠵᠤ᠂ ᠬᠣᠯᠪᠤᠭ᠎ᠠ ᠵᠢᠨ ᠬᠤᠷᠠᠯ ᠵᠢᠩᠬᠢᠨᠢ᠎ᠪᠠᠷ ᠪᠠᠢ᠌ᠭᠤᠯᠤᠭᠳᠠᠵᠤ᠂ ᠣᠷᠣᠨ ᠪᠦᠰᠡ ᠵᠢᠨ ᠪᠠᠷᠠᠭ᠋ᠠᠨ᠎ᠤ ᠭᠦᠢ᠍ᠯᠭᠡᠭᠡ ᠵᠢᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢᠨ ᠰᠢᠨ᠎ᠡ ᠪᠠᠢ᠌ᠷᠢᠰᠢᠯ᠎ᠢ ᠬᠠᠮᠲᠤ᠎ᠪᠠᠷ ᠪᠠᠢ᠌ᠭᠤᠯᠪᠠ᠃
ᠬᠣᠶᠠᠷ ᠵᠢᠯ ᠭᠠᠷᠤᠢ ᠵᠢᠨ ᠲᠤᠷᠰᠢ᠂ ᠬᠣᠯᠪᠤᠭ᠎ᠠ ᠵᠢᠨ ᠬᠤᠷᠠᠯ᠎ᠤᠨ ᠲᠡᠷᠢᠭᠦᠯᠡᠭᠴᠢᠳ᠎ᠤᠨ ᠪᠦᠯᠬᠦᠮ᠎ᠤᠨ ᠪᠦᠷᠢᠯᠳᠦᠬᠦᠨ 《ᠠᠵᠤ ᠠᠬᠤᠢ᠌ᠯᠠᠯ᠎ᠳᠤ ᠦᠢ᠍ᠯᠡᠴᠢᠯᠡᠬᠦ᠂ ᠠᠵᠢᠯ ᠲᠦᠷᠦᠯ᠎ᠳᠤ ᠦᠢ᠍ᠯᠡᠴᠢᠯᠡᠬᠦ᠂ ᠵᠠᠰᠠᠭ᠎ᠤᠨ ᠣᠷᠳᠣᠨ᠎ᠳᠤ ᠦᠢ᠍ᠯᠡᠴᠢᠯᠡᠬᠦ》 ᠵᠣᠷᠢᠯᠲᠠ ᠵᠢ ᠪᠠᠷᠢᠮᠲᠠᠯᠠᠵᠤ᠂ 《ᠠᠵᠤ ᠠᠬᠤᠢ᠌ᠯᠠᠯ ᠡᠷᠬᠢᠯᠡᠬᠦ᠎ᠳᠤ ᠰᠠᠯᠵᠤ ᠴᠢᠳᠠᠬᠤ ᠦᠭᠡᠢ᠂ ᠠᠵᠢᠯ ᠲᠦᠷᠦᠯ᠎ᠳᠤ ᠪᠠᠢ᠌ᠷᠢ ᠰᠠᠭᠤᠷᠢ᠎ᠲᠠᠢ᠂ ᠵᠠᠰᠠᠭ᠎ᠤᠨ ᠣᠷᠳᠣᠨ᠎ᠠᠴᠠ ᠢᠲᠡᠭᠡᠬᠦ》 ᠠᠵᠢᠯ ᠲᠦᠷᠦᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠪᠠᠷ ᠡᠭᠦᠷᠭᠡ᠎ᠪᠠᠨ ᠪᠣᠯᠭ᠋ᠠᠵᠤ᠂ ᠡᠬᠢ ᠪᠠᠶᠠᠯᠢᠭ᠎ᠢ ᠬᠣᠯᠪᠣᠭ᠋ᠠᠯᠠᠨ ᠡᠳ᠋ᠯᠡᠬᠦ ᠬᠣᠯᠪᠣᠭ᠋ᠠᠰᠤ ᠵᠢᠨ ᠦᠢ᠍ᠯᠡᠳᠦᠯ᠎ᠢ ᠪᠠᠳᠠᠷᠠᠭᠤᠯᠵᠤ᠂ ᠪᠦᠯᠬᠦᠮ ᠨᠡᠢ᠌ᠲᠡ ᠵᠢᠨ ᠬᠥᠭᠵᠢᠯᠲᠡ ᠵᠢᠨ ᠨᠠᠭ᠋ᠠᠯᠳᠤᠨ ᠬᠠᠮᠲᠤᠷᠠᠯᠴᠠᠬᠤ ᠦᠢ᠍ᠯᠡᠳᠦᠯ᠎ᠢ ᠪᠠᠳᠠᠷᠠᠭᠤᠯᠵᠤ᠂ ᠪᠠᠷᠠᠭ᠋ᠠᠨ᠎ᠤ ᠭᠦᠢ᠍ᠯᠭᠡᠭᠡ ᠵᠢᠨ ᠠᠵᠤ ᠠᠬᠤᠢ᠌ᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ᠂ ᠦᠷᠭᠦᠯᠵᠢᠯᠡᠨ ᠬᠦᠭᠵᠢᠬᠦ ᠵᠢ ᠲᠤᠰᠠᠯᠠᠨ ᠠᠬᠢᠭᠤᠯᠤᠨ᠎ᠠ᠃