ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠤᠯᠠᠭ᠋ᠠᠨᠬᠠᠳᠠ ᠵᠢᠨ ᠨᠡᠢ᠌ᠳᠡᠮ ᠬᠡᠷᠡᠭᠯᠡᠭᠡᠨ᠎ᠤ 2 ᠨᠢᠰᠬᠡᠯ᠎ᠤᠨ ᠪᠠᠭᠤᠳᠠᠯ᠎ᠨᠢ ᠨᠢᠰᠬᠡᠯ᠎ᠤᠨ ᠪᠠᠭᠤᠳᠠᠯ᠎ᠤᠨ ᠬᠡᠷᠡᠭᠯᠡᠬᠦ ᠵᠥᠪᠰᠢᠶᠡᠷᠡᠯ᠎ᠤᠨ ᠬᠢᠨᠠᠨ ᠲᠣᠭᠲᠠᠭ᠋ᠠᠯᠳᠠ ᠵᠢ ᠥᠩᠭᠡᠷᠡᠭᠡᠵᠦ ᠠᠶᠠᠯᠠᠯ ᠨᠡᠪᠲᠡᠷᠡᠬᠦ ᠨᠥᠬᠥᠴᠡᠯ᠎ᠢ ᠪᠦᠷᠢᠯᠳᠦᠭᠦᠯᠪᠡ
ᠨᠡᠶ᠋ᠢᠲᠡᠯᠡᠭᠰᠡᠨ ᠴᠠᠭ᠄ 2025-11-11

11 ᠳ᠋ᠦ᠍ᠭᠡᠷ ᠰᠠᠷ᠎ᠠ ᠵᠢᠨ 6 ᠎ᠤ ᠡᠳᠦᠷ᠂ ᠤᠯᠠᠭ᠋ᠠᠨᠬᠠᠳᠠ ᠬᠣᠲᠠ ᠵᠢᠨ ᠬᠡᠰᠢᠭᠲᠡᠨ ᠬᠣᠰᠢᠭᠤᠨ᠎ᠤ ᠠᠰᠬᠠᠳᠤ ᠨᠢᠰᠬᠡᠯ᠎ᠤᠨ ᠪᠠᠭᠤᠳᠠᠯ ᠪᠣᠯᠤᠨ ᠤᠯᠠᠭ᠋ᠠᠨᠪᠤᠳᠤᠩ ᠨᠢᠰᠬᠡᠯ᠎ᠤᠨ ᠪᠠᠭᠤᠳᠠᠯ᠎ᠨᠢ ᠨᠢᠰᠬᠡᠯ᠎ᠤᠨ ᠪᠠᠭᠤᠳᠠᠯ᠎ᠤᠨ ᠬᠡᠷᠡᠭᠯᠡᠬᠦ ᠵᠥᠪᠰᠢᠶᠡᠷᠡᠯ᠎ᠤᠨ ᠬᠢᠨᠠᠨ ᠲᠣᠭᠲᠠᠭ᠋ᠠᠯᠲᠠ ᠵᠢ ᠤᠷᠤᠭᠰᠢᠲᠠᠶ ᠥᠩᠭᠡᠷᠡᠭᠡᠵᠦ᠂ ᠠᠶᠠᠯᠠᠯ ᠨᠡᠪᠲᠡᠷᠡᠬᠦ ᠨᠥᠬᠥᠴᠡᠯ᠎ᠢ ᠵᠢᠩᠬᠢᠨᠢ᠎ᠪᠠᠷ ᠪᠦᠷᠢᠯᠳᠦᠭᠦᠯᠪᠡ᠃

ᠳᠥᠷᠪᠡᠨ ᠡᠳᠦᠷ᠎ᠤᠨ ᠨᠢᠰᠬᠡᠯ᠎ᠤᠨ ᠪᠠᠭᠤᠳᠠᠯ᠎ᠤᠨ ᠭᠦᠶᠦᠯᠲᠡ ᠵᠢᠨ ᠵᠠᠮ᠎ᠤᠨ ᠲᠡᠭᠰᠢᠬᠡᠨ᠎ᠤᠨ ᠬᠡᠮᠵᠢᠶ᠎ᠡ᠂ ᠡᠷᠭᠦᠭᠳᠡᠴᠡ᠂ ᠵᠢᠷᠤᠭ᠋ᠠᠰᠤ ᠵᠢᠨ ᠭᠦᠨᠴᠡ ᠵᠢᠴᠢ ᠰᠢᠯᠤᠭᠤᠨ ᠱᠤᠭᠤᠮ᠎ᠤᠨ ᠬᠡᠮᠵᠢᠶ᠎ᠡ ᠵᠡᠷᠭᠡ ᠵᠠᠩᠭᠢᠯᠠᠭ᠎ᠠ ᠵᠢᠨ ᠭᠦᠢᠴᠡᠳᠬᠡᠯ ᠲᠣᠭ᠎ᠠ ᠵᠢᠨ ᠪᠣᠳᠠᠲᠠᠶ ᠬᠡᠮᠵᠢᠯᠲᠡ᠎ᠪᠠᠷ ᠳᠠᠮᠵᠢᠭᠤᠯᠤᠨ᠂ ᠲᠤᠬᠠᠶ ᠵᠢᠨ ᠭᠠᠵᠠᠷ᠎ᠲᠤ ᠬᠠᠢ᠌ᠨ ᠪᠠᠢ᠌ᠴᠠᠭ᠋ᠠᠬᠤ ᠪᠠ ᠶᠡᠷᠦᠩᠬᠡᠢ᠌ᠯᠡᠨ ᠬᠢᠨᠠᠨ ᠲᠣᠭᠲᠠᠭ᠋ᠠᠬᠤ᠎ᠲᠠᠢ ᠤᠶᠠᠯᠳᠤᠭᠤᠯᠤᠨ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠠᠰᠬᠠᠳᠤ ᠪᠠ ᠤᠯᠠᠭ᠋ᠠᠨᠪᠤᠲᠤᠩ ᠬᠣᠶᠠᠷ ᠨᠢᠰᠬᠡᠯ᠎ᠤᠨ ᠪᠠᠭᠤᠳᠠᠯ᠎ᠢ ᠰᠢᠯᠭ᠋ᠠᠨ ᠠᠪᠬᠤ ᠠᠵᠢᠯ᠎ᠢ ᠪᠡᠶᠡᠯᠡᠭᠦᠯᠪᠡ᠃ ᠡᠨᠡ ᠬᠣᠶᠠᠷ ᠨᠢᠰᠬᠡᠯ᠎ᠤᠨ ᠪᠠᠭᠤᠳᠠᠯ᠎ᠢ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠠᠯᠠ ᠣᠷᠣᠭᠤᠯᠤᠯᠲᠠ ᠵᠢᠨ ᠪᠦᠯᠦᠭᠯᠡᠯ᠎ᠳᠤ ᠬᠠᠷᠢᠶᠠᠯᠠᠭᠳᠠᠬᠤ ᠥᠪᠥᠷ ᠮᠣᠩᠭᠣᠯ᠎ᠤᠨ ᠠᠭ᠋ᠠᠷ᠎ᠤᠨ ᠠᠶᠠᠯᠠᠯ᠎ᠤᠨ ᠵᠢᠭᠤᠯᠴᠢᠯᠠᠯ᠎ᠤᠨ ᠪᠠᠯᠠ ᠣᠷᠣᠭᠤᠯᠤᠯᠲᠠ ᠵᠢᠨ ᠪᠦᠯᠦᠭᠯᠡᠯ᠎ᠠᠴᠠ ᠪᠠᠯᠠ ᠣᠷᠣᠭᠤᠯᠤᠨ ᠪᠥᠲᠥᠭᠡᠨ ᠪᠠᠢ᠌ᠭᠤᠯᠪᠠ᠂ ᠣᠲᠣ ᠪᠣᠯᠲᠠᠯ᠎ᠠ᠂ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠠᠯᠠ ᠣᠷᠣᠭᠤᠯᠤᠯᠲᠠ ᠵᠢᠨ ᠪᠦᠯᠦᠭᠯᠡᠯ᠎ᠨᠢ ᠨᠢᠭᠡᠨᠲᠡ ᠤᠯᠠᠭ᠋ᠠᠨᠬᠠᠳᠠ᠂ ᠲᠦᠩᠯᠢᠶᠣᠤ ᠭᠠᠵᠠᠷ ᠣᠷᠣᠨ᠎ᠳᠤ ᠠᠰᠬᠠᠳᠤ᠂ ᠤᠯᠠᠭ᠋ᠠᠨᠪᠤᠲᠤᠩ᠂ ᠪᠠᠭ᠋ᠠᠷᠢᠨ ᠵᠡᠭᠦᠨ ᠬᠣᠰᠢᠭᠤ᠂ ᠪᠠᠭ᠋ᠠᠷᠢᠨ ᠪᠠᠷᠠᠭᠤᠨ ᠬᠣᠰᠢᠭᠤ᠂ ᠨᠠᠢᠮᠠᠨ ᠬᠣᠰᠢᠭᠤ ᠵᠡᠷᠭᠡ ᠲᠠᠪᠤᠨ A1 ᠲᠥᠷᠥᠯ᠎ᠤᠨ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠢ ᠪᠠᠢ᠌ᠭᠤᠯᠵᠤ᠂ ᠬᠠᠮᠤᠷᠤᠭᠰᠠᠨ᠎ᠨᠢ ᠥᠷᠭᠡᠨ᠂ ᠬᠠᠮᠵᠢᠯᠴᠠᠨ ᠬᠣᠯᠪᠣᠭ᠋ᠠᠯᠠᠨ ᠬᠥᠳᠡᠯᠦᠯᠴᠡᠭᠰᠡᠨ ᠣᠷᠣᠨ ᠪᠦᠰᠡ ᠵᠢᠨ ᠨᠢᠰᠬᠡᠯ᠎ᠤᠨ ᠪᠠᠭᠤᠳᠠᠯ᠎ᠤᠨ ᠲᠣᠤᠷ᠎ᠢ ᠠᠩᠬ᠎ᠠ ᠠᠯᠬᠤᠮ ᠪᠠᠢ᠌ᠭᠤᠯᠵᠤ᠂ ᠭᠠᠵᠠᠷ ᠣᠷᠣᠨ᠎ᠤ ᠵᠠᠮ ᠬᠠᠷᠢᠯᠴᠠᠭ᠋ᠠᠨ᠎ᠤ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠣᠷᠣᠨ ᠪᠦᠰᠡ ᠵᠢᠨ ᠶᠡᠷᠦᠩᠬᠡᠢ᠌ᠯᠡᠭᠰᠡᠨ ᠪᠣᠰᠣᠭ᠎ᠠ ᠴᠣᠭᠴᠠᠲᠤ ᠵᠠᠮ ᠬᠠᠷᠢᠯᠴᠠᠭ᠋ᠠᠨ᠎ᠤ ᠰᠠᠭᠤᠷᠢ ᠲᠦᠭᠦᠭᠡᠷᠤᠮᠵᠢ ᠵᠢᠨ ᠲᠣᠤᠷ᠎ᠤᠨ ᠰᠢᠰᠲ᠋ᠧᠮᠵᠢ ᠵᠢ ᠲᠡᠭᠦᠯᠳᠡᠷᠵᠢᠭᠦᠯᠪᠡ᠃

ᠲᠠᠨᠢᠯᠴᠠᠭᠤᠯᠤᠭᠰᠠᠨ ᠵᠶ᠋ᠠᠷ᠂ ᠣᠳᠣᠬᠠᠨ᠎ᠳᠤ ᠤᠯᠠᠭ᠋ᠠᠨᠬᠠᠳᠠ ᠣᠷᠣᠨ᠎ᠤ ᠠᠰᠬᠠᠲᠤ ᠵᠡᠷᠭᠡ ᠨᠡᠢ᠌ᠳᠡᠮ ᠬᠡᠷᠡᠭᠯᠡᠭᠡᠨ᠎ᠤ ᠳᠥᠷᠪᠡᠨ ᠨᠢᠰᠬᠡᠯ᠎ᠤᠨ ᠪᠠᠭᠤᠳᠠᠯ ᠴᠥᠮ ᠠᠶᠠᠯᠠᠯ ᠨᠡᠪᠲᠡᠷᠡᠬᠦ ᠨᠥᠬᠥᠴᠡᠯ᠎ᠲᠠᠢ ᠪᠣᠯᠵᠠᠶ᠃ ᠬᠡᠰᠢᠭᠲᠡᠨ ᠬᠣᠰᠢᠭᠤᠨ᠎ᠤ ᠠᠰᠬᠠᠲᠤ ᠨᠢᠰᠬᠡᠯ᠎ᠤᠨ ᠪᠠᠭᠤᠳᠠᠯ᠎ᠤᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠰᠦᠷᠲᠦ᠎ᠠᠴᠠ ᠢᠯᠡᠷᠬᠡᠢ᠌ᠯᠡᠭᠰᠡᠨ᠎ᠨᠢ᠂ ᠠᠰᠬᠠᠲᠤ ᠨᠢᠰᠬᠡᠯ᠎ᠤᠨ ᠪᠠᠭᠤᠳᠠᠯ᠎ᠨᠢ ᠤᠯᠠᠭ᠋ᠠᠨᠪᠤᠲᠤᠩ ᠨᠢᠰᠬᠡᠯ᠎ᠤᠨ ᠪᠠᠭᠤᠳᠠᠯ᠎ᠲᠠᠢ ᠬᠣᠯᠪᠣᠯᠳᠤᠨ ᠨᠡᠪᠲᠡᠷᠡᠯᠴᠡᠬᠦ᠎ᠠᠴᠠ ᠭᠠᠳᠠᠨ᠎ᠠ᠂ ᠪᠠᠰᠠ ᠤᠯᠠᠭ᠋ᠠᠨᠬᠠᠳᠠ᠂ ᠰᠢᠯᠢᠩᠬᠣᠲᠠ᠂ ᠲᠦᠩᠯᠢᠶᠣᠤ᠂ ᠴᠧᠩᠳᠧ ᠵᠡᠷᠭᠡ ᠭᠠᠵᠠᠷ᠎ᠤᠨ ᠤᠢ᠍ᠢ᠍ᠷ᠎ᠠ ᠵᠠᠮ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ᠎ᠢ ᠵᠠᠯᠭ᠋ᠠᠪᠡᠷ ᠨᠡᠪᠲᠡᠷᠡᠭᠦᠯᠬᠦ ᠵᠢᠨ ᠬᠠᠮᠲᠤ ᠠᠭ᠋ᠠᠷ᠎ᠤᠨ ᠠᠶᠠᠯᠠᠯ᠎ᠤᠨ ᠵᠤᠭ᠋ᠠᠴᠠᠯ᠂ ᠠᠭ᠋ᠠᠷ᠎ᠤᠨ ᠠᠶᠠᠯᠠᠯ᠎ᠤᠨ ᠪᠣᠯᠪᠠᠰᠤᠷᠠᠯ ᠵᠡᠷᠭᠡ ᠤᠯᠠᠨ ᠡᠰᠢᠵᠢᠭᠰᠡᠨ ᠦᠢ᠍ᠯᠡᠴᠢᠯᠡᠭᠡ ᠵᠢ ᠥᠷᠭᠡᠳᠬᠡᠵᠦ᠂ ᠠᠭ᠋ᠠᠷ᠎ᠤᠨ ᠠᠶᠠᠯᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠣᠷᠣᠨ ᠨᠤᠲᠤᠭ᠎ᠤᠨ ᠬᠥᠭᠵᠢᠯᠲᠡ ᠵᠢᠨ ᠬᠡᠷᠡᠭᠴᠡᠭᠡ ᠪᠣᠯᠤᠨ ᠤᠯᠠᠨ ᠲᠦᠮᠡᠨ᠎ᠤ ᠶᠠᠪᠤᠵᠤ ᠰᠠᠭᠤᠬᠤ᠎ᠳᠤ ᠲᠦᠬᠦᠮ ᠦᠵᠡᠭᠦᠯᠦᠨ᠎ᠡ ᠭᠡᠵᠡᠢ᠃

ᠠᠩᠬ᠎ᠠ ᠠᠯᠬᠤᠮ ᠬᠡᠯᠪᠡᠷᠢᠵᠢᠭᠰᠡᠨ ᠠᠭ᠋ᠠᠷ᠎ᠤᠨ ᠠᠶᠠᠯᠠᠯ᠎ᠤᠨ ᠠᠵᠤ ᠦᠢᠯᠡᠰ᠎ᠤᠨ ᠰᠠᠭᠤᠷᠢ᠎ᠳᠤ ᠲᠦᠰᠢᠭᠯᠡᠨ᠂ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠠᠯᠠ ᠣᠷᠣᠭᠤᠯᠤᠯᠲᠠ ᠵᠢᠨ ᠪᠦᠯᠦᠭᠯᠡᠯ ᠶᠠᠭ ᠳᠣᠤᠷ᠎ᠠ ᠠᠭ᠋ᠠᠷ᠎ᠤᠨ ᠠᠵᠤ ᠠᠬᠤᠶ ᠵᠢᠨ ᠠᠵᠤ ᠦᠢᠯᠡᠰ᠎ᠤᠨ ᠬᠡᠯᠬᠢᠶ᠎ᠡ ᠵᠢ ᠢᠳᠡᠪᠬᠢᠲᠡᠶ ᠪᠠᠢ᠌ᠷᠢᠰᠢᠭᠤᠯᠵᠤ ᠪᠠᠢ᠌ᠨ᠎ᠠ᠃ ᠪᠠᠭ᠋ᠠᠷᠢᠨ ᠪᠠᠷᠠᠭᠤᠨ ᠬᠣᠰᠢᠭᠤᠨ᠎ᠤ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠳᠤ᠂ ᠪᠡᠭᠡᠵᠢᠩ᠎ᠤᠨ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠶᠡᠬᠡ ᠰᠤᠷᠭ᠋ᠠᠭᠤᠯᠢ ᠵᠡᠷᠭᠡ ᠨᠢᠭᠡᠴᠢ᠎ᠲᠠᠢ ᠬᠠᠮᠲᠤᠷᠠᠨ ᠵᠢᠯᠣᠭᠣᠴᠢ ᠥᠬᠡᠶ ᠨᠢᠰᠬᠡᠯ᠎ᠤᠨ ᠲᠤᠷᠰᠢᠨ ᠨᠢᠰᠬᠦ ᠲᠤᠷᠰᠢᠯᠲᠠ ᠵᠢᠨ ᠰᠠᠭᠤᠷᠢᠨ ᠭᠠᠵᠠᠷ᠎ᠢ ᠬᠠᠮᠲᠤ᠎ᠪᠠᠷ ᠪᠠᠢ᠌ᠭᠤᠯᠵᠤ᠂ ᠴᠢᠮᠡᠭᠡ ᠬᠣᠯᠪᠣᠭ᠎ᠠ᠂ ᠨᠠᠢ᠌ᠳᠠᠪᠤᠷᠢᠲᠤ ᠴᠢᠨᠠᠷ ᠵᠢᠴᠢ ᠪᠦᠬᠦᠯᠢ ᠨᠢᠰᠬᠡᠯ᠎ᠤᠨ ᠴᠢᠳᠠᠮᠵᠢ ᠵᠡᠷᠭᠡ ᠲᠠᠯ᠎ᠠ ᠵᠢᠨ ᠰᠢᠯᠭ᠋ᠠᠨ ᠪᠠᠲᠤᠯᠠᠬᠤ ᠠᠵᠢᠯ᠎ᠢ ᠥᠷᠨᠢᠭᠦᠯᠪᠡ᠃ ᠠᠰᠬᠠᠲᠤ ᠨᠢᠰᠬᠡᠯ᠎ᠤᠨ ᠪᠠᠭᠤᠳᠠᠯ ᠪᠠ ᠤᠯᠠᠭ᠋ᠠᠨᠪᠤᠲᠤᠩ ᠨᠢᠰᠬᠡᠯ᠎ᠤᠨ ᠪᠠᠭᠤᠳᠠᠯ᠎ᠨᠢ ᠡᠷᠬᠢᠨ ᠲᠣᠭᠣᠷᠢᠨ᠎ᠤ ᠵᠢᠭᠤᠯᠴᠢᠯᠠᠯ᠎ᠤᠨ ᠡᠬᠢ ᠪᠠᠶᠠᠯᠢᠭ᠎ᠢ ᠭᠦᠢᠴᠡᠳ ᠡᠮᠬᠢᠯᠡᠨ ᠨᠡᠢ᠌ᠯᠡᠭᠦᠯᠵᠦ᠂ 《ᠵᠢᠷᠭᠤᠭ᠎ᠠ ᠵᠢ ᠨᠢᠭᠡ ᠴᠣᠭᠴᠠᠵᠢᠭᠤᠯᠬᠤ》 ᠡᠵᠡᠩᠨᠡᠯᠲᠡ ᠵᠢᠨ ᠵᠠᠭᠪᠤᠷ᠎ᠢ ᠪᠠᠢ᠌ᠭᠤᠯᠵᠤ᠂ ᠨᠡᠢ᠌ᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠂ ᠵᠢᠭᠤᠯᠴᠢᠯᠠᠯ᠎ᠤᠨ ᠵᠣᠷᠢᠭᠰᠠᠨ ᠭᠠᠵᠠᠷ᠂ ᠨᠢᠰᠦᠯᠲᠡ ᠵᠢᠨ ᠪᠠᠭᠤᠴᠠ᠂ ᠬᠤᠪᠢ ᠵᠢᠨ ᠮᠠᠰᠢᠨ ᠲᠡᠷᠭᠡ ᠬᠡᠷ ᠲᠡᠷᠭᠡᠨ᠎ᠤ ᠪᠠᠭᠤᠴᠠ᠂ ᠬᠡᠭᠡᠷ᠎ᠡ ᠪᠠᠭᠤᠳᠠᠯᠯᠠᠬᠤ ᠭᠠᠵᠠᠷ᠂ ᠠᠭ᠋ᠠᠷ᠎ᠤᠨ ᠠᠶᠠᠯᠠᠯ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠠᠭᠤᠷᠢᠨ᠎ᠢ ᠣᠷᠭ᠋ᠠᠨᠢᠭ ᠵᠶ᠋ᠠᠷ ᠤᠶᠠᠯᠳᠤᠭᠤᠯᠵᠤ᠂ ᠳᠣᠤᠷ᠎ᠠ ᠠᠭ᠋ᠠᠷ᠎ᠤᠨ ᠵᠢᠭᠤᠯᠴᠢᠯᠠᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            