ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠲᠢᠶᠠᠨ ᠵᠢᠶᠤᠤ ᠠᠭ᠋ᠠᠷ᠎ᠤᠨ ᠠᠶᠠᠯᠠᠯ᠎ᠤᠨ ᠺᠣᠮᠫᠠᠨᠢ ᠵᠢᠨ᠎ᠬᠢᠨ ᠤᠯᠤᠰ᠎ᠲᠠᠭᠠᠨ ᠦᠢᠯᠡᠳᠪᠦᠷᠢᠯᠡᠭᠰᠡᠨ 8 ᠳ᠋ᠤᠭ᠋ᠠᠷ C909 ᠨᠢᠰᠬᠡᠯ᠎ᠢ ᠣᠷᠣᠭᠤᠯᠤᠨ ᠠᠪᠴᠢᠷᠠᠵᠤ ᠥᠪᠥᠷ ᠮᠣᠩᠭᠣᠯ᠎ᠤᠨ ᠲᠣᠰ ᠭᠠᠵᠠᠷ᠎ᠤᠨ ᠠᠭ᠋ᠠᠷ᠎ᠤᠨ ᠠᠶᠠᠯᠠᠯ᠎ᠤᠨ ᠲᠡᠭᠡᠭᠡᠪᠦᠷᠢ ᠵᠢᠨ ᠬᠦᠴᠦᠨ ᠳᠠᠬᠢᠨ ᠲᠠᠰ ᠳᠡᠪᠰᠢᠪᠡ
ᠨᠡᠶ᠋ᠢᠲᠡᠯᠡᠭᠰᠡᠨ ᠴᠠᠭ᠄ 2025-11-12

11 ᠳ᠋ᠦ᠍ᠭᠡᠷ ᠰᠠᠷ᠎ᠠ ᠵᠢᠨ 10᠎ᠤ ᠡᠳᠦᠷ᠂ ᠳᠠᠩᠰᠠᠯᠠᠭᠰᠠᠨ ᠨᠣᠮᠧᠷ᠎ᠨᠢ B-659M ᠪᠣᠯᠬᠤ ᠤᠯᠤᠰ᠎ᠲᠠᠭᠠᠨ ᠦᠢ᠍ᠯᠡᠳᠪᠦᠷᠢᠯᠡᠭᠰᠡᠨ C909 ᠨᠢᠰᠬᠡᠯ ᠬᠥᠬᠡᠬᠣᠲᠠ ᠵᠢᠨ ᠴᠠᠭ᠋ᠠᠨ ᠰᠤᠪᠤᠷᠭ᠎ᠠ ᠤᠯᠠᠨ ᠤᠯᠤᠰ᠎ᠤᠨ ᠨᠢᠰᠬᠡᠯ᠎ᠤᠨ ᠪᠠᠭᠤᠳᠠᠯ᠎ᠳᠤ ᠲᠣᠭᠲᠠᠭᠤᠨ ᠵᠶ᠋ᠠᠷ ᠪᠠᠭᠤᠪᠠ᠂ ᠡᠨᠡ ᠪᠣᠯ ᠲᠢᠶᠠᠨ ᠵᠢᠶᠤᠤ ᠠᠭ᠋ᠠᠷ᠎ᠤᠨ ᠠᠶᠠᠯᠠᠯ᠎ᠤᠨ ᠣᠷᠣᠭᠣᠯᠣᠨ ᠠᠪᠴᠢᠷᠠᠭᠰᠠᠨ ᠤᠯᠤᠰ᠎ᠲᠠᠭᠠᠨ ᠦᠢ᠍ᠯᠡᠳᠪᠦᠷᠢᠯᠡᠭᠰᠡᠨ 8 ᠳ᠋ᠤᠭ᠋ᠠᠷ C909 ᠨᠢᠰᠬᠡᠯ ᠪᠣᠯᠤᠨ᠎ᠠ᠃ ᠰᠢᠨ᠎ᠡ ᠨᠢᠰᠬᠡᠯ ᠠᠰᠢᠭᠯᠠᠯᠲᠠ᠎ᠳᠤ ᠤᠷᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠠᠶᠠᠯᠠᠯ᠎ᠤᠨ ᠲᠣᠤᠷ᠎ᠢ ᠤᠯᠠᠮ ᠨᠢᠭᠡ ᠠᠯᠬᠤᠮ ᠨᠢᠭᠲᠠᠷᠠᠭᠤᠯᠵᠤ᠂ ᠣᠷᠣᠨ ᠪᠦᠰᠡ ᠵᠢᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠴᠢᠩᠭ᠋ᠠᠳᠬᠠᠨ᠂ ᠥᠪᠡᠷᠲᠡᠭᠡᠨ ᠵᠠᠰᠠᠬᠤ ᠣᠷᠣᠨ᠎ᠤ 《ᠭᠣᠤᠯ ᠰᠠᠯᠪᠤᠷᠢ ᠵᠢᠨ ᠬᠤᠭᠤᠷᠤᠨᠳᠤ᠎ᠪᠠᠨ ᠨᠡᠪᠲᠡᠷᠡᠬᠦ᠂ ᠪᠥᠬᠥ ᠲᠣᠣᠷ᠎ᠢ ᠬᠣᠯᠪᠣᠬᠤ》 ᠠᠭ᠋ᠠᠷ᠎ᠤᠨ ᠲᠡᠭᠡᠭᠡᠪᠦᠷᠢ ᠵᠢᠨ ᠰᠢᠰᠲ᠋ᠧᠮ᠎ᠢ ᠪᠠᠢ᠌ᠭᠤᠯᠬᠤ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠤᠯᠤᠰ᠎ᠲᠠᠭᠠᠨ ᠦᠢᠯᠡᠳᠪᠦᠷᠢᠯᠡᠭᠰᠡᠨ ᠠᠷᠠᠳ᠎ᠤᠨ ᠨᠢᠰᠬᠡᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠪᠣᠯᠤᠨ᠎ᠠ᠃

ᠣᠢ᠌ᠯᠠᠭ᠋ᠠᠭᠰᠠᠨ ᠵᠶ᠋ᠠᠷ᠂ ᠲᠢᠶᠠᠨ ᠵᠢᠶᠤᠤ ᠠᠭ᠋ᠠᠷ᠎ᠤᠨ ᠠᠶᠠᠯᠠᠯ᠎ᠤᠨ ᠺᠣᠮᠫᠠᠨᠢ ᠪᠣᠯ ᠥᠪᠡᠷᠲᠡᠭᠡᠨ ᠵᠠᠰᠠᠬᠤ ᠣᠷᠣᠨ᠎ᠤ ᠴᠣᠷ᠎ᠤᠨ ᠭᠠᠭᠴᠠ ᠣᠷᠣᠨ ᠨᠤᠲᠤᠭ᠎ᠤᠨ ᠠᠭ᠋ᠠᠷ᠎ᠤᠨ ᠠᠶᠠᠯᠠᠯ᠎ᠤᠨ ᠺᠣᠮᠫᠠᠨᠢ ᠪᠥᠭᠡᠳ ᠪᠠᠰᠠ ᠴᠤ᠌ ᠪᠥᠬᠥ ᠤᠯᠤᠰ᠎ᠤᠨ ᠴᠣᠷ᠎ᠤᠨ ᠭᠠᠭᠴᠠ ᠤᠯᠤᠰ᠎ᠲᠠᠭᠠᠨ ᠦᠢᠯᠡᠳᠪᠦᠷᠢᠯᠡᠭᠰᠡᠨ ᠠᠷᠠᠳ᠎ᠤᠨ ᠨᠢᠰᠬᠡᠯ᠎ᠤᠨ ᠠᠩᠭᠢ ᠵᠢ ᠡᠵᠡᠩᠨᠡᠵᠦ ᠪᠠᠢ᠌ᠭ᠎ᠠ ᠠᠭ᠋ᠠᠷ᠎ᠤᠨ ᠠᠶᠠᠯᠠᠯ᠎ᠤᠨ ᠺᠣᠮᠫᠠᠨᠢ ᠮᠥᠨ᠂ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠠᠯᠠ ᠣᠷᠣᠭᠤᠯᠤᠯᠲᠠ ᠵᠢᠨ ᠪᠦᠯᠦᠭᠯᠡᠯ᠎ᠠᠴᠠ ᠪᠠᠯᠠ ᠭᠠᠷᠭ᠋ᠠᠵᠤ ᠪᠠᠢ᠌ᠭᠤᠯᠪᠠ᠃ ᠪᠠᠢ᠌ᠭᠤᠯᠤᠭᠳᠠᠭᠰᠠᠨ᠎ᠠᠴᠠ ᠨᠠᠭ᠋ᠠᠰᠢ᠂ ᠲᠢᠶᠠᠨ ᠵᠢᠶᠤᠤ ᠠᠭ᠋ᠠᠷ᠎ᠤᠨ ᠠᠶᠠᠯᠠᠯ᠎ᠤᠨ ᠺᠣᠮᠫᠠᠨᠢ ᠢᠮᠠᠭᠲᠠ ᠤᠯᠤᠰ᠎ᠤᠨ ᠪᠠᠢ᠌ᠯᠳᠤᠬᠤ ᠪᠣᠳᠣᠯᠭ᠎ᠠ ᠪᠠ ᠣᠷᠣᠨ ᠪᠦᠰᠡ ᠵᠢᠨ ᠬᠥᠭᠵᠢᠯᠲᠡ᠎ᠳᠤ ᠦᠢᠯᠡᠴᠢᠯᠡᠬᠦ᠎ᠪᠠᠷ ᠭᠣᠤᠯ ᠪᠣᠯᠭ᠋ᠠᠵᠤ᠂ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠪᠠᠯᠠ ᠣᠷᠣᠭᠤᠯᠤᠯᠲᠠ ᠵᠢᠨ ᠪᠦᠯᠦᠭᠯᠡᠯ᠎ᠤᠨ 《ᠬᠣᠶᠠᠷ ᠵᠢᠭᠦᠷ ᠬᠣᠤᠰ ᠬᠥᠳᠡᠯᠭᠡᠭᠦᠷ》᠂ 《ᠳᠥᠷᠪᠡ ᠵᠢ ᠨᠢᠭᠡ ᠴᠣᠭᠴᠠᠵᠢᠭᠤᠯᠬᠤ》 ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ ᠵᠢᠨ ᠲᠣᠭᠣᠷᠢᠨ᠎ᠳᠤ᠂ 《ᠤᠯᠤᠰ᠎ᠤᠨ ᠪᠠᠢ᠌ᠯᠳᠤᠬᠤ ᠪᠣᠳᠣᠯᠭ᠎ᠠ ᠵᠢ ᠦᠢᠯᠡᠳᠦᠯᠭᠡᠵᠢᠭᠦᠯᠵᠦ᠂ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ ᠵᠢ ᠦᠨᠡᠨ ᠬᠦ᠌ ᠪᠠᠲᠤᠯᠠᠵᠤ᠂ ᠭᠣᠤᠯ ᠬᠠᠷᠢᠭᠤᠴᠠᠯᠭ᠎ᠠ ᠭᠣᠤᠯ ᠦᠢᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠤᠮᠠᠷᠠᠲᠤ ᠬᠢᠯᠢ ᠵᠢᠨ ᠬᠥᠭᠵᠢᠯᠲᠡ᠎ᠳᠤ ᠦᠢᠯᠡᠴᠢᠯᠡᠬᠦ》᠎ᠪᠠᠷ ᠵᠣᠷᠢᠯᠲᠠ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠶᠠᠯᠠᠯ᠎ᠤᠨ ᠱᠤᠭᠤᠮ᠎ᠤᠨ ᠲᠣᠣᠷ᠎ᠤᠨ ᠪᠥᠲᠥᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠪᠠ᠃ ᠣᠳᠣᠬᠠᠨ᠎ᠳᠤ ᠨᠡᠢ᠌ᠲᠡ 43 ᠵᠤᠷᠪᠤᠰ ᠠᠶᠠᠯᠠᠯ᠎ᠤᠨ ᠱᠤᠭᠤᠮ᠎ᠢ ᠨᠡᠪᠲᠡᠷᠡᠭᠦᠯᠪᠡ᠂ ᠡᠭᠦᠨ᠎ᠳᠤ 22 ᠵᠤᠷᠪᠤᠰ 《ᠰᠠᠯᠪᠤᠷᠢ ᠰᠠᠯᠪᠤᠷᠢ ᠵᠢᠨ ᠬᠤᠭᠤᠷᠤᠨᠳᠤ᠎ᠪᠠᠨ ᠨᠡᠪᠲᠡᠷᠡᠬᠦ》 ᠠᠶᠠᠯᠠᠯ᠎ᠤᠨ ᠱᠤᠭᠤᠮ ᠪᠠᠢ᠌ᠵᠤ᠂ ᠣᠷᠣᠨ᠎ᠤ ᠳᠣᠲᠣᠷᠠᠬᠢ 13 ᠠᠶᠠᠯᠠᠯ᠎ᠤᠨ ᠴᠡᠭ᠂ ᠣᠷᠣᠨ᠎ᠤ ᠭᠠᠳᠠᠨᠠᠬᠢ 3 ᠠᠶᠠᠯᠠᠯ᠎ᠤᠨ ᠴᠡᠭ᠎ᠢ ᠬᠠᠮᠤᠷᠴᠤ᠂ ᠣᠷᠣᠨ᠎ᠤ ᠳᠣᠲᠣᠷᠠᠬᠢ ᠠᠶᠠᠯᠠᠯ᠎ᠤᠨ ᠴᠡᠭ᠎ᠤᠨ ᠪᠦᠷᠬᠦᠴᠡ ᠵᠢᠨ ᠨᠣᠷᠮ᠎ᠠ᠎ᠨᠢ 81.25%᠎ᠳᠤ ᠬᠦᠷᠴᠡᠶ᠃ 2025 ᠣᠨ᠎ᠤ ᠡᠪᠦᠯ᠎ᠤᠨ ᠠᠭ᠋ᠠᠷ᠎ᠤᠨ ᠠᠶᠠᠯᠠᠯ᠎ᠤᠨ ᠤᠯᠠᠷᠢᠯ᠎ᠳᠤ᠂ ᠲᠢᠶᠠᠨ ᠵᠢᠶᠤᠤ ᠠᠭ᠋ᠠᠷ᠎ᠤᠨ ᠠᠶᠠᠯᠠᠯ᠎ᠤᠨ ᠺᠣᠮᠫᠠᠨᠢ ᠲᠡᠭᠡᠭᠡᠪᠦᠷᠢ ᠵᠢᠨ ᠬᠦᠴᠦᠨ᠎ᠤ ᠪᠠᠢ᠌ᠷᠢᠰᠢᠭᠤᠯᠤᠯᠲᠠ᠎ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠠᠭ᠋ᠠᠨᠬᠣᠲᠠ᠎ᠳᠤ ᠬᠣᠨᠣᠭᠯᠠᠬᠤ ᠰᠠᠭᠤᠷᠢᠨ ᠭᠠᠵᠠᠷ᠎ᠤᠨ ᠪᠠᠭᠤᠳᠠᠯ᠎ᠳᠤ ᠰᠠᠭᠤᠬᠤ ᠨᠢᠰᠬᠡᠯ 2 ᠪᠣᠯᠤᠨ ᠨᠡᠮᠡᠭᠳᠡᠵᠦ᠂ ᠪᠤᠭᠤᠲᠤ᠂ ᠪᠠᠶᠠᠨᠨᠠᠭᠤᠷ ᠵᠡᠷᠭᠡ ᠠᠶᠠᠯᠠᠯ᠎ᠤᠨ ᠴᠡᠭ᠎ᠢ ᠰᠢᠨ᠎ᠡ᠎ᠪᠠᠷ ᠨᠡᠮᠡᠵᠦ᠂ ᠭᠠᠵᠠᠷ ᠣᠷᠣᠨ᠎ᠤ ᠠᠭ᠋ᠠᠷ᠎ᠤᠨ ᠠᠶᠠᠯᠠᠯ᠎ᠤᠨ ᠨᠡᠪᠲᠡᠷᠡᠬᠦ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠪᠡ᠃ ᠲᠢᠶᠠᠨ ᠵᠢᠶᠤᠤ ᠠᠭ᠋ᠠᠷ᠎ᠤᠨ ᠠᠶᠠᠯᠠᠯ᠎ᠤᠨ ᠺᠣᠮᠫᠠᠨᠢ 2024 ᠣᠨ᠎ᠤ ᠳᠤᠮᠳᠠᠳᠤ ᠤᠯᠤᠰ᠎ᠤᠨ ᠬᠤᠳᠠᠯᠳᠤᠭ᠋ᠠᠨ᠎ᠤ ᠬᠡᠷᠡᠭᠯᠡᠭᠡᠨ᠎ᠤ ᠨᠢᠰᠬᠡᠯ᠎ᠤᠨ ᠡᠵᠡᠩᠨᠡᠯᠲᠡ ᠵᠢᠨ ᠲᠣᠪᠣᠢ᠌ᠮ᠎ᠠ ᠬᠤᠪᠢ ᠨᠡᠮᠡᠷᠢ ᠵᠢᠨ ᠱᠠᠩᠨᠠᠯ᠎ᠢ ᠭᠥᠷᠳᠡᠪᠡ; ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠭᠴᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠤᠮᠠᠷᠠᠲᠤ ᠣᠷᠣᠨ᠎ᠤ ᠰᠤᠩᠭᠤᠯᠲᠠ ᠵᠢᠨ ᠤᠷᠤᠯᠳᠤᠭ᠋ᠠᠨ᠎ᠤ C909 ᠨᠢᠰᠬᠡᠯ᠎ᠤᠨ ᠬᠡᠯᠪᠡᠷᠢ ᠵᠢᠨ ᠤᠷᠤᠯᠳᠤᠭ᠋ᠠᠨ᠎ᠳᠤ ᠨᠢᠭᠡᠳᠦᠭᠡᠷ᠎ᠲᠤ ᠣᠷᠣᠵᠤ᠂ ᠪᠥᠬᠥ ᠤᠯᠤᠰ᠎ᠤᠨ ᠤᠷᠤᠯᠳᠤᠭ᠋ᠠᠨ᠎ᠤ C909 ᠨᠢᠰᠬᠡᠯ᠎ᠤᠨ ᠳᠤᠭᠤᠢ᠌ᠯᠠᠩ᠎ᠤᠨ ᠭᠤᠷᠪᠠᠳᠤᠭ᠋ᠠᠷ᠎ᠲᠤ ᠣᠷᠣᠵᠠᠶ; 《ᠬᠥᠬᠡᠬᠣᠲᠠ⇋ ᠤᠯᠠᠭ᠋ᠠᠨᠬᠣᠲᠠ ᠵᠢᠨ ᠬᠤᠪᠢᠰᠬᠠᠯᠲᠤ ᠠᠭ᠋ᠠᠷ᠎ᠤᠨ ᠠᠶᠠᠯᠠᠯ᠎ᠤᠨ ᠱᠤᠭᠤᠮ》᠎ᠨᠢ ᠵᠠᠮ ᠬᠠᠷᠢᠯᠴᠠᠭ᠎ᠠ ᠲᠡᠭᠡᠭᠡᠪᠦᠷᠢ ᠬᠢᠭᠡᠳ ᠵᠢᠭᠤᠯᠴᠢᠯᠠᠯ᠎ᠤᠨ ᠠᠭᠤᠰᠤᠯᠴᠠᠨ ᠬᠥᠭᠵᠢᠭᠰᠡᠨ ᠪᠥᠬᠥ ᠤᠯᠤᠰ᠎ᠤᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ᠎ᠪᠠᠷ ᠦᠨᠡᠯᠡᠭᠳᠡᠪᠡ᠃

ᠢᠷᠡᠭᠡᠳᠦᠢ᠎ᠳᠤ᠂ ᠲᠢᠶᠠᠨ ᠵᠢᠶᠤᠤ ᠠᠭ᠋ᠠᠷ᠎ᠤᠨ ᠠᠶᠠᠯᠠᠯ᠎ᠤᠨ ᠺᠣᠮᠫᠠᠨᠢ ᠤᠯᠤᠰ᠎ᠲᠠᠭᠠᠨ ᠦᠢ᠍ᠯᠡᠳᠪᠦᠷᠢᠯᠡᠭᠰᠡᠨ ᠠᠷᠠᠳ᠎ᠤᠨ ᠨᠢᠰᠬᠡᠯ᠎ᠤᠨ ᠵᠢᠱ᠌ᠢᠢ᠎ᠡ ᠦᠵᠡᠭᠦᠯᠬᠦ ᠦᠢ᠍ᠯᠡᠳᠦᠯ ᠵᠶ᠋ᠡᠨ ᠦᠷᠭᠦᠯᠵᠢᠯᠡᠨ ᠪᠠᠳᠠᠷᠠᠭᠤᠯᠵᠤ᠂ ᠤᠯᠤᠰ᠎ᠲᠠᠭᠠᠨ ᠦᠢ᠍ᠯᠡᠳᠪᠦᠷᠢᠯᠡᠭᠰᠡᠨ ᠨᠢᠰᠬᠡᠯ᠎ᠤᠨ ᠰᠠᠯᠪᠤᠷᠢ ᠱᠤᠭᠤᠮ᠎ᠤᠨ ᠵᠠᠬ᠎ᠠ ᠳᠡᠯᠭᠡᠭᠦᠷ᠎ᠲᠤ ᠥᠷᠭᠡᠨ ᠵᠶ᠋ᠡᠷ ᠬᠡᠷᠡᠭᠯᠡᠭᠳᠡᠬᠦ᠎ᠳᠤ ᠬᠦᠴᠦᠨ ᠨᠡᠮᠡᠷᠢᠯᠡᠵᠦ᠂ ᠠᠶᠠᠯᠠᠯ᠎ᠤᠨ ᠱᠤᠭᠤᠮ᠎ᠤᠨ ᠲᠣᠣᠷ᠎ᠢ ᠤᠯᠠᠮ ᠴᠢᠨᠠᠭᠰᠢᠳᠠ ᠰᠢᠯᠢᠳᠡᠭᠵᠢᠭᠦᠯᠦᠨ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠪᠣᠯᠤᠨ ᠠᠷᠠᠳ ᠤᠯᠠᠨ᠎ᠤ ᠴᠢᠨᠠᠷ ᠰᠠᠢ᠌ᠲᠠᠢ᠎ᠪᠠᠷ ᠶᠠᠪᠤᠵᠤ ᠰᠠᠭᠤᠬᠤ᠎ᠳᠤ ᠨᠡᠩ ᠪᠠᠲᠤ ᠪᠡᠬᠢ ᠠᠭ᠋ᠠᠷ᠎ᠤᠨ ᠠᠶᠠᠯᠠᠯ᠎ᠤᠨ ᠪᠠᠲᠤᠯᠠᠭ᠎ᠠ ᠬᠠᠩᠭ᠋ᠠᠬᠤ ᠪᠣᠯᠤᠨ᠎ᠠ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            