ᠲᠥᠪ ᠲᠧᠯᠸᠢᠰ᠎ᠦᠨ ᠰᠦᠯᠵᠢᠶᠡᠨ᠎ᠦ᠌ ᠮᠡᠳᠡᠭᠡ ᠥᠪᠥᠷ ᠮᠣᠩᠭᠣᠯ᠎ᠤ᠋ᠨ ᠱᠢᠯᠢ᠎ᠶ᠋ᠢᠨ ᠭᠣᠣᠯ ᠠᠢᠮᠠᠭ᠎ᠤ᠋ᠨ ᠣᠷᠳᠣᠨ᠎ᠤ᠋ ᠲᠥᠪ ᠬᠣᠲᠠ ᠪᠣᠯᠤᠭ᠍ᠰᠠᠨ᠎ᠤ᠋ ᠬᠤᠪᠢᠳ᠋ᠤ᠂ ᠱᠢᠯᠢ᠎ᠶ᠋ᠢᠨ ᠬᠣᠲᠠ᠎ᠶᠢᠨ ᠣᠯᠠᠨ ᠨᠡᠢᠲᠡ᠎ᠶᠢᠨ ᠵᠠᠮ ᠬᠠᠷᠢᠯᠴᠠᠭ᠎ᠠ ᠢᠮᠠᠭ᠍ᠲᠠ ᠪᠦᠬᠦ᠌ ᠠᠢᠮᠠᠭ᠎ᠤ᠋ᠨ ᠡᠮᠦᠨ᠎ᠡ ᠡᠩᠨᠡᠭᠡᠨᠳ᠋ᠦ᠍ ᠶᠠᠪᠤᠳᠠᠭ᠃ ᠣᠳᠣᠬᠠᠨ᠎ᠳᠤ ᠨᠢᠭᠡᠨᠲᠡ ᠪᠦᠷᠬᠦᠴᠡ᠎ᠨᠢ ᠥᠷᠭᠡᠨ᠂ ᠦᠢᠯᠡᠴᠢᠯᠡᠭᠡᠨᠢ ᠱᠢᠯᠢᠳᠡᠭ᠂ ᠤᠶᠤᠨᠴᠢᠯᠠᠭ᠍ᠰᠠᠨ ᠨᠡᠢᠲᠡ᠎ᠶ᠋ᠢᠨ ᠮᠠᠱᠢᠨ ᠲᠡᠷᠭᠡᠨ᠎ᠤ ᠲᠣᠭᠲᠠᠯᠴᠠᠭ᠎ᠠ᠎ᠶᠢ ᠪᠠᠢᠭᠤᠯᠵᠤ᠂ ᠬᠤᠳᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠰᠠᠢᠨ ᠰᠠᠢᠬᠠᠨ ᠨᠡᠷ᠎ᠡ᠎ᠶ᠋ᠢᠨ ᠬᠠᠭᠤᠳᠠᠰᠤ ᠪᠣᠯᠵᠠᠢ᠃
ᠣᠳᠣᠬᠠᠨ᠎ᠳ᠋ᠤ᠂ ᠱᠢᠯᠢ᠎ᠶ᠋ᠢᠨ ᠬᠤᠲᠠ ᠨᠢᠭᠡᠨᠲᠡ ᠲᠣᠭ᠍ᠲᠠᠮᠠᠯ ᠨᠡᠢᠲᠡ᠎ᠶᠢᠨ ᠵᠠᠮ ᠬᠠᠷᠢᠯᠴᠠᠭ᠎ᠠ᠂ ᠲᠤᠰᠭᠠᠢ ᠬᠡᠷᠡᠭ᠌ᠯᠡᠬᠦ᠌ ᠵᠠᠮ ᠱᠤᠭᠤᠮ᠂ ᠬᠣᠲᠠ ᠬᠥᠳᠡᠭᠡ᠎ᠶᠢᠨ ᠨᠡᠢᠲᠡ᠎ᠶᠢᠨ ᠵᠠᠮ ᠬᠠᠷᠢᠯᠴᠠᠭ᠎ᠠ ᠵᠢᠴᠢ ᠨᠡᠪᠲᠡᠷᠡᠬᠦ᠌ ᠨᠡᠢᠲᠡ᠎ᠶᠢᠨ ᠵᠠᠮ ᠬᠠᠷᠢᠯᠴᠠᠭ᠎ᠠ ᠵᠡᠷᠭᠡ ᠡᠯ᠎ᠡ ᠲᠥᠷᠥᠯ᠎ᠦ᠋ᠨ ᠵᠠᠮ ᠱᠤᠭᠤᠮ᠎ᠢ᠋ 22 ᠵᠤᠷᠪᠤᠰ ᠨᠡᠭᠡᠭᠡᠵᠦ᠍᠂ ᠱᠤᠭᠤᠮ᠎ᠤ᠋ᠨ ᠶᠡᠷᠦᠩᠬᠡᠢ ᠤᠷᠲᠤ ᠨᠢ 368 ᠺᠢᠯᠣᠮᠧᠲ᠋ᠷ᠂ 377 ᠨᠡᠶ᠋ᠢᠲᠡ᠎ᠶᠢᠨ ᠮᠠᠰᠢᠨ ᠲᠡᠷᠭᠡᠨ᠎ᠦ ᠥᠷᠲᠡᠭᠡ ᠴᠡᠭ᠎ᠦᠨ 500 ᠮᠧᠲᠷ᠎ᠦᠨ ᠪᠦᠷᠬᠦᠴᠡ᠎ᠶᠢᠨ ᠨᠣᠷᠮ᠎ᠠ᠎ᠶᠢ 100% ᠪᠡᠷ ᠪᠡᠶᠡᠯᠡᠭᠦᠯᠪᠡ᠃ ᠲᠡᠭᠡᠭᠡᠪᠦᠷᠢ ᠡᠵᠡᠩᠨᠡᠯᠲᠡ᠎ᠶᠢᠨ ᠮᠠᠰᠢᠨ ᠲᠡᠷᠭᠡᠨ᠎ᠦ ᠳᠣᠲᠣᠷ᠎ᠠ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠡᠵᠡᠯᠡᠬᠦ ᠬᠠᠷᠢᠴᠠᠯ 81% ᠳᠤ ᠬᠦᠷᠴᠦ᠂ ᠵᠢᠯ᠎ᠦᠨ ᠦᠢᠯᠡᠴᠢᠯᠡᠭᠡᠨ᠎ᠦ ᠠᠶᠠᠨᠴᠢᠳ᠎ᠤᠨ ᠲᠣᠭ᠎ᠠ ᠪᠠᠷᠤᠭ 1100 ᠲᠦᠮᠡᠨ ᠬᠥᠮᠥᠨ ᠤᠳᠠᠭ᠎ᠠ᠎ᠳᠤ ᠬᠦᠷᠴᠡᠢ᠃ ᠴᠡᠪᠡᠷ ᠴᠠᠬᠢᠯᠭᠠᠨ ᠲᠡᠷᠭᠡ ᠲᠣᠭ᠍ᠲᠠᠭᠤᠨ ᠪᠦᠭᠡᠳ ᠨᠠᠮᠵᠢᠭᠤᠨ ᠪᠠᠢᠵᠤ᠂ ᠲᠠᠯᠠᠪᠤᠷ ᠥᠷᠲᠡᠭᠡᠨ᠎ᠳᠠᠬᠢ 50 ᠴᠠᠬᠢᠯᠭᠠᠨ ᠴᠡᠨᠡᠭ᠌ᠯᠡᠬᠦ᠌ ᠪᠠᠭᠠᠨ᠎ᠠ ᠨᠢ ᠡᠨᠧᠷᠭᠢ ᠨᠥᠬᠦᠪᠦᠷᠢᠯᠡᠬᠦ᠌᠎ᠳᠦ ᠨᠠᠩ ᠳᠥᠭᠦᠮ ᠪᠣᠯᠭᠠᠵᠤ᠂ ᠣᠶᠤᠨᠴᠢ ᠲᠣᠬᠢᠷᠠᠭᠤᠯᠤᠯᠲᠠ᠎ᠶ᠋ᠢᠨ ᠱᠢᠰᠲ᠋ᠧᠮ᠎ᠨᠢ ᠪᠠᠰᠠ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠴᠠᠭ ᠲᠤᠬᠠᠶ᠎ᠳᠤᠨᠢ ᠰᠡᠷᠡᠮᠵᠢᠯᠡᠭᠦᠯᠵᠦ᠍᠂ ᠲᠣᠬᠢᠷᠠᠭᠤᠯᠬᠤ ᠲᠠᠰᠤᠭ᠎ᠨᠢ ᠵᠠᠮ᠎ᠤᠨ ᠪᠠᠢᠳᠠᠯ᠎ᠢ ᠱᠢᠭᠤᠳ ᠰᠠᠨᠠᠭᠤᠯᠵᠤ᠂ ᠳᠠᠬᠢᠨ ᠲᠤᠷᠱᠢᠯᠭ᠎ᠠ᠎ᠶᠢᠨ ᠮᠠᠭ᠋ᠠᠳᠯᠠᠯᠲᠠ᠎ᠳᠤ ᠲᠦᠰᠢᠭᠯᠡᠬᠦ ᠬᠡᠷᠡᠭ ᠦᠭᠡᠢ᠂ ᠲᠣᠭ᠍ᠲᠠᠭ᠍ᠰᠠᠨ ᠴᠠᠭ᠎ᠤᠨ ᠨᠣᠷᠮ᠎ᠠ᠎ᠨᠢ ᠤᠯᠠᠮ᠎ᠠᠴᠠ ᠤᠯᠠᠮ ᠥᠨᠳᠥᠷ ᠪᠣᠯᠪᠠ᠃
ᠱᠢᠯᠢ᠎ᠶ᠋ᠢᠨ ᠬᠤᠲᠠ᠎ᠶ᠋ᠢᠨ ᠲᠢᠶᠠᠨ ᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠲᠤᠬᠢᠷᠠᠭᠤᠯᠤᠨ ᠬᠢᠨᠠᠨ ᠡᠵᠡᠮᠳᠡᠬᠦ᠌ ᠲᠥᠪ᠎ᠤᠨ ᠡᠷᠬᠢᠯᠡᠭ᠌ᠴᠢ ᠰᠦᠩ ᠱᠢᠶᠣᠤ ᠨᠢᠩ᠄ 《ᠺᠣᠮᠫᠠᠨᠢ 2013 ᠣᠨ᠎ᠤ ᠡᠪᠦᠯ᠎ᠤᠨ ᠤᠯᠠᠷᠢᠯ᠎ᠳᠤ ᠣᠶᠤᠨᠴᠢᠯᠠᠭ᠍ᠰᠠᠨ ᠲᠣᠬᠢᠷᠠᠭᠤᠯᠤᠯᠲᠠ᠎ᠶ᠋ᠢ ᠬᠡᠷᠡᠭ᠌ᠵᠢᠭᠦᠯᠵᠦ᠍᠂ ᠨᠡᠢᠲᠡ᠎ᠶ᠋ᠢᠨ ᠮᠠᠱᠢᠨ ᠲᠡᠷᠭᠡᠨ᠎ᠤ ᠺᠣᠮᠫᠠᠨᠢ᠎ᠶ᠋ᠢᠨ ᠲᠤᠬᠢᠷᠠᠭᠤᠯᠤᠨ ᠵᠢᠯᠣᠭᠤᠳᠭᠤ ᠲᠥᠪ᠎ᠢ ᠵᠣᠬᠢᠶᠠᠨ ᠪᠠᠢᠭᠤᠯᠵᠤ᠂ ᠲᠤᠰᠭᠠᠢ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢ ᠪᠠᠢ᠌ᠭᠤᠯᠪᠠ᠃ ᠣᠳᠣᠬᠠᠨ᠎ᠳᠤ ᠱᠢᠯᠢ᠎ᠶ᠋ᠢᠨ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡᠨ᠎ᠤ ᠵᠠᠮ ᠱᠤᠭᠤᠮ᠎ᠨᠢ ᠨᠢᠭᠡᠨᠲᠡ ᠪᠦᠬᠦᠯᠢ ᠡᠳᠦᠷ᠎ᠢᠶᠠᠷ ᠣᠶᠤᠨᠴᠢᠯᠠᠭ᠍ᠰᠠᠨ ᠲᠣᠬᠢᠷᠠᠭᠤᠯᠤᠯᠲᠠ᠎ᠶ᠋ᠢ ᠪᠡᠶᠡᠯᠡᠭᠦᠯᠪᠡ᠂ ᠡᠭᠦᠨ᠎ᠳᠤ ᠠᠬᠤᠢ ᠲᠠᠯᠠᠪᠠᠢ᠎ᠳᠤ ᠸᠢᠳᠢᠤ᠋᠎ᠪᠡᠷ ᠬᠢᠨᠠᠨ ᠡᠵᠡᠮᠳᠡᠬᠦ᠂ ᠡᠵᠡᠩᠨᠡᠯᠲᠡ᠎ᠶᠢᠨ ᠲᠦᠯᠦᠪᠯᠡᠭᠡ᠎ᠶᠢ ᠠᠥᠲ᠋ᠦ᠋ᠴᠢᠯᠠᠨ ᠡᠭᠡᠯᠵᠢᠯᠡᠬᠦ᠂ ᠲᠡᠷᠭᠡ ᠬᠥᠰᠭᠡ᠎ᠶ᠋ᠢ ᠠᠮᠢᠳᠤᠯᠢᠭ᠎ᠢᠶᠠᠷ ᠲᠣᠬᠢᠷᠠᠭᠤᠯᠬᠤ᠂ ᠬᠡᠳᠦ ᠬᠤᠷᠳᠦ᠎ᠶᠢᠨ ᠲᠦᠭ᠌ᠰᠢᠭᠦᠷᠢ᠎ᠶᠢ ᠮᠡᠳᠡᠭᠦᠯᠬᠦ᠂ ᠲᠣᠭᠤᠷᠢᠯ ᠵᠠᠮ᠎ᠠᠴᠠ ᠵᠠᠢᠳᠠᠬᠤ ᠵᠡᠷᠭᠡ ᠲᠦᠭ᠌ᠰᠢᠭᠦᠷᠢ᠎ᠶᠢ ᠮᠡᠳᠡᠭᠦᠯᠬᠦ᠌ ᠴᠢᠳᠠᠮᠵᠢ᠎ᠶ᠋ᠢ ᠪᠠᠭ᠍ᠲᠠᠭᠠᠵᠠᠢ》 ᠭᠡᠵᠦ ᠬᠡᠯᠡᠪᠡ᠃
ᠣᠨᠴᠠᠭᠠᠶ ᠬᠠᠮᠲᠦ ᠨᠡᠢ᠌ᠲᠡ᠎ᠳᠦ ᠴᠢᠭ᠌ᠯᠡᠭᠦᠯᠦᠨ᠂ ᠨᠡᠢᠲᠡ᠎ᠶ᠋ᠢᠨ ᠮᠠᠱᠢᠨ ᠲᠡᠷᠭᠡᠨ᠎ᠤ ᠺᠣᠮᠫᠠᠨᠢ ᠠᠯᠪᠠᠨ ᠴᠡᠷᠢᠭ᠎ᠠᠴᠠ ᠪᠢᠯᠧᠲ ᠠᠪᠬᠤ ᠦᠭᠡᠢ᠂ ᠪᠦᠬᠦᠯᠢ 60 ᠨᠠᠰᠤᠨ᠎ᠠᠴᠠ ᠳᠡᠭᠡᠭ᠌ᠰᠢᠬᠢ ᠨᠠᠰᠤᠲᠠᠢᠴᠤᠳ᠎ᠤᠨ ᠲᠡᠷᠭᠡᠨ᠎ᠳᠤ ᠰᠠᠭᠤᠬᠤ ᠨᠡᠮᠡᠭᠦᠷᠢ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ 14 ᠰᠠᠥᠷᠢ ᠳᠣᠤᠷ᠎ᠠ ᠱᠠᠯᠠ ᠲᠠᠢ ᠨᠡᠢᠲᠡ᠎ᠶ᠋ᠢᠨ ᠮᠠᠱᠢᠨ ᠲᠡᠷᠭᠡ ᠨᠢ ᠨᠠᠰᠤᠲᠠᠢ ᠠᠶᠠᠨᠴᠢᠳ ᠪᠠ ᠵᠡᠮᠳᠡᠭ᠌ᠴᠦᠳ᠎ᠤᠨ ᠲᠡᠷᠭᠡᠨ᠎ᠳᠤ ᠭᠠᠷᠴᠦ ᠪᠠᠭᠤᠬᠤ᠎ᠳᠤ ᠨᠠᠩ ᠳᠦᠭᠦᠮ ᠪᠣᠯᠭᠠᠪᠠ᠃
ᠵᠠᠮ ᠱᠤᠭᠤᠮ᠎ᠢ ᠰᠢᠯᠢᠳᠡᠭᠵᠢᠭᠦᠯᠬᠦ᠎ᠡᠴᠡ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠬᠦ ᠬᠦᠷᠲᠡᠯ᠎ᠡ᠂ ᠱᠢᠯᠢ᠎ᠶ᠋ᠢᠨ ᠬᠤᠲᠠ᠎ᠶᠢᠨ ᠨᠡᠶ᠋ᠢᠲᠡ᠎ᠶᠢᠨ ᠵᠠᠮ ᠬᠠᠷᠢᠯᠴᠠᠭ᠎ᠠ ᠲᠠᠰᠤᠷᠠᠯᠲᠠ ᠦᠭᠡᠢ ᠲᠠᠰ ᠳᠡᠪᠰᠢᠪᠡ᠃ ᠰᠤᠷᠭ᠋ᠠᠭᠤᠯᠢ᠎ᠳᠤ ᠨᠡᠪᠲᠡᠷᠡᠬᠦ 8 ᠲᠤᠰᠬᠠᠢ ᠱᠤᠭᠤᠮ᠂ ᠨᠢᠭᠡᠳ ᠨᠢᠭᠡ᠎ᠪᠡᠷ ᠡᠮᠨᠡᠯᠭᠡ᠎ᠳᠦ ᠨᠡᠪᠲᠡᠷᠡᠬᠦ ᠲᠤᠰᠭᠠᠢ ᠱᠤᠭᠤᠮ᠎ᠢ ᠨᠠᠪᠲᠠᠷᠡᠭᠦᠯᠵᠦ᠍ ᠣᠯᠠᠨ ᠲᠦᠮᠡᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠤᠨᠤᠴᠢᠲᠠᠢ ᠵᠣᠯᠭᠠᠭᠤᠯᠵᠤ᠂ 158 ᠰᠠᠥᠷᠢ ᠲᠡᠷᠭᠡ ᠬᠦᠯᠢᠶᠡᠬᠦ᠌ ᠲᠢᠩᠰᠡ᠎ᠨᠢ ᠲᠡᠷᠭᠡ ᠬᠦᠯᠢᠶᠡᠬᠦ᠌ ᠣᠷᠴᠢᠨ᠎ᠢ ᠨᠡᠩ ᠲᠠᠭᠠᠯᠠᠮᠵᠢᠲᠠᠢ ᠪᠣᠯᠭᠠᠪᠠ᠃ ᠱᠢᠯᠢ᠎ᠶ᠋ᠢᠨ ᠬᠤᠲᠠ᠎ᠶᠢᠨ ᠵᠠᠰᠠᠭ᠎ᠤ᠋ᠨ ᠣᠷᠳᠣᠨ ᠥᠪᠡᠷ᠎ᠦ᠋ᠨ ᠥᠷᠲᠡᠭᠦ᠋ᠨ ᠳᠦᠷᠢᠮ᠎ᠤᠨ ᠨᠡᠮᠡᠭᠦᠷᠢ ᠥᠭ᠌ᠬᠦ ᠪᠠ ᠦᠢᠯᠡᠴᠢᠯᠡᠭᠡᠨ᠎ᠦ᠌ ᠶᠠᠰᠤ ᠴᠢᠨᠠᠷ᠎ᠢ᠋ ᠬᠢᠨᠠᠨ ᠰᠢᠯᠭ᠋ᠠᠵᠦ ᠱᠠᠩᠨᠠᠨ ᠬᠥᠬᠢᠭᠦᠯᠬᠦ᠌᠎ᠶᠢ ᠤᠶᠠᠯᠳᠤᠭᠤᠯᠬᠤ ᠠᠷᠭ᠎ᠠ ᠮᠠᠶᠢᠭ᠎ᠢᠶᠠᠷ ᠳᠠᠮᠵᠢᠭᠤᠯᠤᠨ᠂ ᠨᠡᠢᠲᠡ᠎ᠶᠢᠨ ᠵᠠᠮ ᠬᠠᠷᠢᠯᠴᠠᠭᠠᠨ᠎ᠤ᠋ ᠠᠵᠢᠯ ᠲᠥᠷᠥᠯ᠎ᠦ᠋ᠨ ᠦᠷᠭᠦᠯᠵᠢᠯᠡᠬᠦ ᠬᠦᠭᠵᠢᠯᠲᠡ᠎ᠶᠢ ᠪᠠᠲᠤᠯᠠᠵᠤ ᠪᠠᠢ᠌ᠨ᠎ᠠ᠃
《ᠢᠨᠢᠶᠡᠮᠰᠦᠭᠯᠡᠨ ᠦᠢᠯᠡᠴᠢᠯᠡᠵᠦ᠂ ᠶᠣᠰᠣᠷᠬᠠᠭ᠎ᠢᠶᠠᠷ ᠵᠣᠴᠢᠳ᠎ᠲᠤ ᠬᠠᠨᠳᠤᠬᠤ》 ᠨᠢ ᠨᠡᠢᠲᠡ᠎ᠶ᠋ᠢᠨ ᠮᠠᠱᠢᠨ ᠲᠡᠷᠭᠡᠨ᠎ᠤ ᠵᠢᠯᠣᠭᠤᠴᠢ᠎ᠶ᠋ᠢᠨ ᠬᠡᠪ ᠪᠠᠷᠢᠮᠵᠢᠶ᠎ᠠ ᠪᠣᠯᠵᠣ᠂ ᠲᠣᠭ᠍ᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠭ᠌ᠰᠡᠨ ᠦᠶ᠋ᠯᠡᠴᠢᠯᠡᠭᠡᠨ᠎ᠤ ᠶᠣᠰᠣᠯᠠᠯ ᠪᠠ ᠠᠮᠤᠷ ᠲᠦᠪᠱᠢᠨ᠎ᠢᠶᠠᠷ ᠵᠢᠯᠣᠭᠤᠳᠭᠤ ᠪᠣᠯᠪᠠᠰᠤᠷᠠᠯ ᠪᠣᠯᠵᠣ᠂ ᠠᠶᠠᠨᠴᠢᠳ᠎ᠤᠨ ᠬᠠᠨᠤᠮᠵᠢ᠎ᠶ᠋ᠢᠨ ᠬᠡᠮᠵᠢᠶ᠎ᠡ᠎ᠶ᠋ᠢ 98.47% ᠳᠤ ᠬᠦᠷᠭᠡᠪᠡ᠃ ᠥᠨᠥᠳᠦᠷ᠎ᠤᠨ ᠱᠢᠯᠢ᠎ᠶ᠋ᠢᠨ ᠬᠤᠲᠠ᠎ᠶᠢᠨ ᠨᠡᠢᠲᠡ᠎ᠶ᠋ᠢᠨ ᠵᠠᠮ ᠬᠠᠷᠢᠯᠴᠠᠭ᠎ᠠ ᠪᠣᠯ᠂ ᠬᠤᠲᠠ᠎ᠶ᠋ᠢᠨ ᠠᠷᠠᠳ᠎ᠤᠨ ᠶᠠᠪᠤᠵᠤ ᠰᠠᠭᠤᠬᠤ ᠱᠢᠯᠢᠳᠡᠭ ᠰᠣᠩᠭᠤᠯᠲᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠪᠣᠬᠢᠷᠲᠤᠯ ᠥᠬᠡᠶ ᠣᠷᠴᠢᠨ ᠲᠣᠭᠤᠷᠢᠨ᠎ᠤ ᠬᠠᠮᠠᠭᠠᠯᠠᠯᠲᠠ᠂ ᠣᠶᠤᠨᠴᠢ ᠳᠥᠭᠦᠮ ᠳᠥᠲᠡ ᠳᠦᠷᠢ ᠲᠥᠷᠬᠦ᠌᠎ᠪᠠᠷ ᠬᠤᠲᠠ᠎ᠶ᠋ᠢᠨ ᠰᠣᠶᠣᠯ ᠢᠷᠭᠡᠨᠱᠢᠯ᠎ᠤᠨ ᠬᠠᠯᠠᠮᠵᠢᠯᠠᠯ᠎ᠢ ᠢᠯᠡᠷᠡᠭᠦᠯᠬᠦ᠌ ᠨᠡᠭᠦᠳᠡᠯ ᠨᠡᠷ᠎ᠡ᠎ᠶ᠋ᠢᠨ ᠬᠠᠭᠤᠳᠠᠰᠤ ᠪᠣᠯᠵᠣ᠂ ᠬᠤᠲᠠ᠎ᠶ᠋ᠢᠨ ᠬᠥᠭ᠌ᠵᠢᠯᠲᠡ᠎ᠳᠤ ᠦᠷᠭᠦᠯᠵᠢᠯᠡᠬᠦ᠌ ᠬᠥᠳᠡᠯᠭᠡᠬᠦ᠌ ᠬᠦᠴᠦᠨ᠎ᠢ ᠨᠡᠮᠡᠷᠢᠯᠡᠪᠡ᠃ (ᠵᠣᠬᠢᠶᠠᠯ/ ᠸᠠᠩ ᠾᠦᠢ)