ᠣᠢᠷ᠎ᠠ᠎ᠳᠤ᠂ 2025 ᠣᠨ᠎ᠤ ᠬᠤᠶᠠᠳᠤᠭᠠᠷ ᠬᠤᠭᠤᠴᠠᠭᠠᠨ᠎ᠤ 《 ᠱᠸᠩ ᠲᠦᠸᠧ ᠬᠤᠨᠳᠠᠭᠠᠲᠤ 》 ᠵᠠᠰᠠᠮᠠᠯ ᠵᠠᠮ ᠤᠰᠤᠨ ᠲᠡᠭᠡᠭᠡᠪᠦᠷᠢ᠎ᠶᠢᠨ ᠬᠤᠬᠢᠷᠠᠯ ᠥᠬᠡᠶ ᠪᠠᠢ᠌ᠴᠠᠭ᠋ᠠᠨ ᠭᠡᠮᠵᠢᠬᠦ ᠮᠡᠷᠭᠡᠵᠢᠯ᠎ᠤᠨ ᠬᠡᠷᠡᠭ᠌ᠯᠡᠭᠡᠨ᠎ᠤ ᠤᠷᠤᠯᠳᠤᠭᠠᠨ᠎ᠤ ᠪᠥᠬᠦ᠌ ᠤᠯᠤᠰ᠎ᠤᠨ ᠶᠡᠷᠦᠩᠬᠡᠶ ᠱᠢᠢᠳᠪᠦᠷᠢᠲᠦ ᠤᠷᠤᠯᠳᠤᠭᠠᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠠᠴᠠ ᠰᠤᠩᠭᠤᠨ ᠪᠠᠢᠭᠤᠯᠤᠭ᠍ᠰᠠᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠠᠩᠭᠢ (ᠨᠡᠢᠲᠡ 7 ᠡᠩᠨᠡᠭᠡ) ᠤᠷ᠎ᠠ ᠮᠡᠷᠭᠡᠵᠢᠯ ᠳᠤ᠎ᠪᠠᠨ ᠲᠦᠱᠢᠭ᠌ᠯᠡᠨ᠂ ᠭᠠᠷᠮᠠᠭᠠᠶ ᠰᠠᠢ᠌ᠨ ᠪᠠᠳᠠᠷᠠᠭᠤᠯᠵᠤ᠂ ᠱᠢᠯᠢᠳᠡᠭ ᠬᠢᠷᠢ ᠪᠦᠲᠦᠮᠵᠢ ᠤᠯᠤᠭᠰᠠᠨ ᠪᠠᠢ᠌ᠨ᠎ᠠ᠃
ᠡᠭᠦᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠪᠦᠯᠬᠦᠮ᠎ᠤᠨ ᠱᠠᠩᠨᠠᠯ᠎ᠢ ᠭᠥᠷᠳᠡᠵᠦ᠍᠂ ᠥᠪᠥᠷ ᠮᠣᠩᠭᠤᠯ᠎ᠤᠨ ᠪᠠᠷᠢᠯᠭ᠎ᠠ᠎ᠶ᠋ᠢᠨ ᠠᠵᠢᠯ ᠮᠡᠷᠭᠡᠵᠢᠯ᠎ᠤᠨ ᠶᠡᠭᠡ ᠰᠤᠷᠭᠠᠭᠤᠯᠢ᠎ᠶ᠋ᠢᠨ ᠪᠠᠭ᠍ᠰᠢ᠎ᠶ᠋ᠢᠨ ᠳᠤᠭᠤᠢᠯᠠᠩ᠎ᠤᠨ ᠲᠠᠮᠢᠷᠴᠢᠨ ᠯᠢ ᠵᠧᠨ᠂ ᠮᠠ ᠴᠠᠩ ᠱᠧᠩ ᠪᠠᠭ᠍ᠰᠢ᠎ᠶ᠋ᠢᠨ ᠳᠤᠭᠤᠢᠯᠠᠩ᠎ᠤᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠵᠦ᠍᠂ ᠪᠤᠭᠤᠲᠤ᠎ᠶ᠋ᠢᠨ ᠲᠡᠮᠦᠷ ᠵᠠᠮ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠪᠠᠭ᠍ᠰᠢ᠎ᠶ᠋ᠢᠨ ᠳᠤᠭᠤᠢᠯᠠᠩ᠎ᠤᠨ ᠲᠠᠮᠢᠷᠴᠢᠨ ᠯᠢᠦ ᠸᠧᠨ ᠱᠢᠶᠤᠤ᠂ ᠾᠧᠦ ᠱᠢᠶᠠᠨ ᠪᠢᠨ ᠪᠠᠭ᠍ᠰᠢ᠎ᠶ᠋ᠢᠨ ᠳᠤᠭᠤᠢᠯᠠᠩ᠎ᠤᠨ ᠭᠤᠷᠪᠠᠳᠤᠭᠠᠷ ᠳᠡᠰ᠎ᠤᠨ ᠱᠠᠩᠨᠠᠯ᠎ᠢ ᠭᠥᠷᠳᠡᠵᠦ᠍᠂ ᠥᠪᠥᠷ ᠮᠣᠩᠭᠤᠯ᠎ᠤᠨ ᠪᠠᠷᠢᠯᠭ᠎ᠠ᠎ᠶ᠋ᠢᠨ ᠠᠵᠢᠯ ᠮᠡᠷᠭᠡᠵᠢᠯ᠎ᠤᠨ ᠶᠡᠭᠡ ᠰᠤᠷᠭᠠᠭᠤᠯᠢ᠎ᠶ᠋ᠢᠨ ᠰᠣᠷᠣᠭ᠍ᠴᠢ᠎ᠶ᠋ᠢᠨ ᠳᠤᠭᠤᠢᠯᠠᠩ᠎ᠤᠨ ᠲᠠᠮᠢᠷᠴᠢᠨ ᠯᠢ ᠴᠤᠤ ᠷᠠᠨ᠂ ᠹᠦ᠋ ᠮᠧᠩ ᠰᠣᠷᠣᠭ᠍ᠴᠢ᠎ᠶ᠋ᠢᠨ ᠳᠤᠭᠤᠢᠯᠠᠩ᠎ᠤᠨ ᠬᠤᠶᠠᠳᠤᠭᠠᠷ ᠳᠡᠰ᠎ᠤᠨ ᠱᠠᠩᠨᠠᠯ᠎ᠢ ᠭᠥᠷᠳᠡᠵᠦ᠍᠂ ᠪᠤᠭᠤᠲᠤ᠎ᠶ᠋ᠢᠨ ᠲᠡᠮᠦᠷ ᠵᠠᠮ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢ᠎ᠶ᠋ᠢᠨ ᠳᠤᠭᠤᠢᠯᠠᠩ᠎ᠤᠨ ᠲᠠᠮᠢᠷᠴᠢᠨ ᠴᠧᠨ ᠢ᠂ ᠳ᠋ᠦ᠋ ᠮᠢᠩ ᠱᠢᠤᠸᠠᠨ ᠰᠤᠷᠤᠭ᠍ᠴᠢ᠎ᠶ᠋ᠢᠨ ᠳᠤᠭᠤᠢᠯᠠᠩ᠎ᠤᠨ ᠭᠤᠷᠪᠠᠳᠤᠭᠠᠷ ᠳᠡᠰ᠎ᠤᠨ ᠱᠠᠩᠨᠠᠯ᠎ᠢ ᠭᠥᠷᠳᠡᠵᠦ᠍᠂ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ᠎ᠶ᠋ᠢᠨ ᠳᠤᠭᠤᠢᠯᠠᠩ᠎ᠤᠨ ᠲᠠᠮᠢᠷᠴᠢᠨ ᠵᠠᠩ ᠳ᠋ᠢ᠂ ᠦ᠋ ᠹᠧᠩ ᠱᠢᠤᠢ ᠰᠣᠷᠣᠭ᠍ᠴᠢ᠎ᠶ᠋ᠢᠨ ᠳᠤᠭᠤᠢᠯᠠᠩ᠎ᠤᠨ ᠱᠢᠯᠢᠳᠡᠭ ᠱᠠᠩᠨᠠᠯ᠎ᠢ ᠭᠥᠷᠳᠡᠵᠦ᠍᠂ ᠣᠷᠳᠣᠰ ᠬᠤᠲᠠ᠎ᠶ᠋ᠢᠨ ᠵᠠᠮ ᠬᠠᠷᠢᠯᠴᠠᠭᠠᠨ᠎ᠤ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠶᠠᠰᠤ ᠴᠢᠨᠠᠷ᠎ᠤᠨ ᠬᠢᠨᠠᠯᠲᠠ ᠲᠠᠯᠪᠢᠬᠤ ᠥᠷᠲᠡᠭᠡᠨ᠎ᠤ ᠲᠠᠮᠢᠷᠴᠢᠨ ᠨᠢᠤ ᠸᠧᠶ᠂ ᠱᠢᠤᠢ ᠲᠥᠩ᠂ ᠢ ᠲᠦᠩ ᠢᠨᠵᠧᠨᠧᠷᠢᠩ᠎ᠤᠨ ᠪᠠᠢᠴᠠᠭᠠᠨ ᠭᠡᠮᠵᠢᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠲᠠᠮᠢᠷᠴᠢᠨ ᠱᠢᠤᠢ ᠫᠧᠩ᠂ ᠴᠧᠨ ᡁᠢ ᠬᠤᠩ ᠲᠣᠰ ᠲᠣᠰ ᠠᠵᠢᠯᠲᠠᠨ ᠠᠵᠢᠯᠴᠢᠨ᠎ᠤ ᠳᠤᠭᠤᠢᠯᠠᠩ᠎ᠤᠨ ᠱᠢᠯᠢᠳᠡᠭ ᠱᠠᠩᠨᠠᠯ᠎ᠢ ᠭᠥᠷᠳᠡᠪᠡ᠃
ᠲᠣᠰ ᠤᠳᠠᠭᠠᠨ᠎ᠤ ᠤᠷᠤᠯᠳᠤᠭᠠᠨ᠎ᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠠᠵᠢᠯ ᠮᠡᠷᠭᠡᠵᠢᠯ᠎ᠤᠨ ᠬᠢᠷᠢ ᠬᠡᠮ᠎ᠤᠨ ᠲᠥᠪ᠎ᠠᠴᠠ ᠭᠤᠤᠯᠯᠠᠨ ᠡᠷᠭᠢᠯᠡᠵᠦ᠍᠂ ᠪᠥᠬᠦ᠌ ᠤᠯᠤᠰ᠎ᠤᠨ 27 ᠮᠤᠵᠢ (ᠬᠤᠲᠠ᠂ ᠥᠪᠡᠷᠲᠡᠭᠡᠨ ᠵᠠᠰᠠᠬᠤ ᠣᠷᠣᠨ)᠂ ᠱᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ ᠵᠢᠴᠢ ᠳᠤᠮᠳᠠᠳᠤ ᠤᠯᠤᠰ᠎ᠤᠨ ᠲᠡᠮᠦᠷ ᠵᠠᠮ᠂ ᠳᠤᠮᠳᠠᠳᠤ ᠤᠯᠤᠰ᠎ᠤᠨ ᠲᠡᠮᠦᠷ ᠵᠠᠮ᠎ᠤᠨ ᠪᠥᠲᠥᠭᠡᠨ ᠪᠠᠢᠭᠤᠯᠤᠯᠲᠠ᠂ ᠳᠤᠮᠳᠠᠳᠤ ᠤᠯᠤᠰ᠎ᠤᠨ ᠵᠠᠮ ᠬᠠᠷᠢᠯᠴᠠᠭᠠᠨ᠎ᠤ ᠪᠦᠲᠦᠭᠡᠨ ᠪᠠᠢᠭᠤᠯᠤᠯᠲᠠ᠂ ᠳᠤᠮᠳᠠᠳᠤ ᠤᠯᠤᠰ᠎ᠤᠨ ᠪᠣᠯᠣᠳ ᠲᠡᠮᠦᠷ᠎ᠤᠨ ᠪᠦᠯᠦᠭ᠌ᠯᠡᠯ ᠵᠡᠷᠭᠡ ᠲᠥᠪ᠎ᠤᠨ ᠠᠵᠤ ᠠᠬᠤᠢᠯᠠᠯ᠎ᠤᠨ 119 ᠲᠥᠯᠥᠭᠡᠯᠡᠭ᠌ᠴᠢᠳ᠎ᠤᠨ ᠠᠩᠭᠢ᠎ᠶ᠋ᠢᠨ 238 ᠲᠠᠮᠢᠷᠴᠢᠨ ᠤᠷᠤᠯᠳᠤᠭᠠᠨ᠎ᠳᠤ ᠣᠷᠣᠯᠴᠠᠵᠠᠶ᠃
ᠣᠢᠷ᠎ᠠ᠎ᠶ᠋ᠢᠨ ᠵᠢᠯ᠎ᠤᠨ ᠲᠤᠷᠰᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠨᠢ ᠶᠡᠷᠦᠩᠬᠡᠶ ᠱᠦᠵᠢ ᠰᠢ᠎ᠶ᠋ᠢᠨ ᠫᠢᠩ᠎ᠤᠨ ᠮᠡᠷᠭᠡᠰᠢᠯᠲᠦ ᠴᠢᠳᠠᠪᠤᠷᠢᠲᠠᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢᠨ ᠵᠣᠷᠢᠭ ᠰᠠᠨᠠᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠮᠡᠷᠭᠡᠰᠢᠯᠲᠦ ᠴᠢᠳᠠᠪᠤᠷᠢᠲᠠᠨ ᠢᠯᠠᠩᠭᠤᠶ᠎ᠠ ᠳᠡᠭᠡᠳᠦ ᠮᠡᠷᠭᠡᠰᠢᠯᠲᠦ ᠴᠢᠳᠠᠪᠤᠷᠢᠲᠠᠨ᠎ᠢ ᠬᠥᠮᠦᠵᠢᠭᠦᠯᠵᠦ᠍ ᠱᠢᠯᠢᠨ ᠳᠡᠪᠱᠢᠭᠦᠯᠬᠦ᠌ ᠠᠵᠢᠯ᠎ᠢ ᠲᠠᠰᠤᠷᠠᠯᠲᠠ ᠥᠬᠡᠶ ᠴᠢᠩᠭᠠᠳᠭᠠᠵᠤ᠂ ᠪᠥᠬᠦ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠪᠥᠬᠦ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠴᠢᠷᠮᠠᠢᠨ ᠠᠬᠢᠭᠤᠯᠬᠤ᠎ᠳᠤ ᠴᠢᠬᠤᠯᠠ ᠪᠥᠬᠦᠶ ᠴᠢᠳᠠᠪᠤᠷᠢᠲᠠᠨ᠎ᠤ ᠪᠠᠲᠤᠯᠠᠭ᠎ᠠ ᠪᠠ ᠣᠶᠤᠨ᠎ᠤ ᠳᠡᠮᠵᠢᠯᠭᠡ᠎ᠶᠢ ᠬᠠᠩᠭᠠᠪᠠ᠃