ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠪᠥᠬᠦ᠌ ᠣᠷᠣᠨ᠎ᠤ 12328 ᠬᠠᠯᠠᠮᠱᠢᠯ ᠤᠲᠠᠰᠤ᠎ᠶ᠋ᠢᠨ ᠪᠠᠷᠠᠭᠠᠨ᠎ᠤ ᠲᠡᠷᠭᠡ᠎ᠶ᠋ᠢᠨ ᠵᠢᠯᠣᠭᠤᠴᠢ᠎ᠶ᠋ᠢᠨ ᠭᠣᠮᠣᠳᠠᠯ ᠲᠣᠭ᠋ᠠᠴᠢᠬᠤ ᠎ᠶ᠋ᠢ ᠭᠥᠯᠢᠶᠡᠨ ᠠᠪᠴᠦ ᠳᠠᠷᠤᠶ ᠭᠦᠢ᠍ᠴᠡᠳᠭᠡᠬᠦ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2025-11-24

11 ᠳ᠋ᠦ᠍ᠭᠡᠷ ᠰᠠᠷ᠎ᠠ᠎ᠶ᠋ᠢᠨ 19 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠪᠥᠬᠦ᠌ ᠣᠷᠣᠨ᠎ᠤ 12328 ᠬᠠᠯᠠᠮᠱᠢᠯ ᠤᠲᠠᠰᠤ᠎ᠶ᠋ᠢᠨ ᠪᠠᠷᠠᠭᠠᠨ᠎ᠤ ᠲᠡᠷᠭᠡ᠎ᠶ᠋ᠢᠨ ᠵᠢᠯᠣᠭᠤᠴᠢ᠎ᠶ᠋ᠢᠨ ᠭᠣᠮᠣᠳᠠᠯ ᠲᠣᠭ᠋ᠠᠴᠢᠬᠤ᠎ᠶ᠋ᠢ ᠭᠥᠯᠢᠶᠡᠨ ᠠᠪᠴᠦ ᠭᠦᠢ᠍ᠴᠡᠳᠭᠡᠬᠦ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠪᠡ᠃

ᠲᠣᠰ ᠤᠳᠠᠭᠠᠨ᠎ᠤ  ᠪᠣᠯᠪᠠᠰᠤᠷᠠᠯ᠎ᠨᠢ 12328 ᠬᠠᠯᠠᠮᠱᠢᠯ ᠤᠲᠠᠰᠤ᠎ᠶ᠋ᠢᠨ ᠪᠠᠷᠠᠭᠠᠨ᠎ᠤ ᠲᠡᠷᠭᠡᠨ ᠵᠢᠯᠣᠭᠤᠴᠢ᠎ᠶ᠋ᠢᠨ ᠭᠣᠮᠣᠳᠠᠯ ᠲᠣᠭ᠋ᠠᠴᠢᠬᠤ ᠎ᠶ᠋ᠢ ᠭᠥᠯᠢᠶᠡᠨ ᠠᠪᠴᠦ ᠳᠠᠷᠤᠶ ᠭᠦᠢ᠍ᠴᠡᠳᠭᠡᠬᠦ ᠲᠣᠭᠲᠠᠯᠴᠠᠭ᠎ᠠ᠎ᠶᠢᠨ ᠪᠠᠢᠭᠤᠯᠤᠯᠲᠠ ᠪᠠ ᠠᠵᠢᠯᠯᠠᠭᠠᠨ᠎ᠤ ᠬᠠᠮᠢᠶᠠᠷᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠬᠤᠯᠠ ᠶᠡᠭᠡ ᠠᠴᠢ ᠬᠤᠯᠪᠣᠭ᠍ᠳᠠᠯ᠂ ᠬᠥᠭ᠌ᠵᠢᠯᠲᠡ᠎ᠶ᠋ᠢᠨ ᠶᠠᠪᠤᠴᠠ ᠪᠠ ᠲᠤᠬᠠᠢᠯᠠᠭ᠍ᠰᠠᠨ ᠠᠵᠢᠯ᠎ᠤᠨ ᠲᠠᠷᠬᠠᠯᠲᠠ᠂ ᠠᠵᠢᠯ᠎ᠤᠨ ᠠᠬᠢᠴᠠ᠎ᠶ᠋ᠢᠨ ᠪᠠᠢᠳᠠᠯ᠂ ᠭᠤᠤᠯ ᠠᠰᠠᠭᠤᠳᠠᠯ ᠵᠢᠴᠢ ᠠᠷᠭ᠋ᠠᠴᠠᠭ᠋ᠠᠬᠤ ᠪᠣᠳᠣᠯᠭ᠎ᠠ᠎ᠶ᠋ᠢᠨ ᠰᠠᠨᠠᠭᠤᠯᠭ᠎ᠠ ᠵᠡᠷᠭᠡ ᠲᠠᠯ᠎ᠠ᠎ᠶ᠋ᠢᠨ ᠠᠭᠤᠯᠭ᠎ᠠ᠎ᠪᠠᠷ ᠬᠢᠴᠢᠶᠡᠯ ᠣᠷᠣᠪᠠ᠃ ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ ᠬᠠᠯᠠᠮᠱᠢᠯ ᠤᠲᠠᠰᠤ᠎ᠶ᠋ᠢᠨ ᠬᠤᠪᠢ ᠣᠯᠭᠤᠬᠤ ᠠᠷᠭ᠎ᠠ᠎ᠲᠠᠢ ᠤᠶᠠᠯᠳᠤᠭᠤᠯᠤᠨ᠂ ᠭᠦᠢᠴᠡᠳᠭᠡᠯ ᠲᠤᠭ᠎ᠠ᠎ᠶ᠋ᠢᠨ ᠪᠦᠲᠦᠴᠡ ᠪᠠ ᠬᠤᠪᠢ ᠲᠣᠭ᠍ᠲᠠᠭᠠᠬᠤ ᠲᠦᠷᠢᠮ᠎ᠢ ᠨᠠᠷᠢᠨ ᠨᠢᠮᠪᠠᠶ ᠵᠠᠳᠠᠯᠵᠤ᠂ ᠦᠢᠯᠡᠴᠢᠯᠡᠭᠡᠨ᠎ᠤ ᠶᠠᠰᠤ ᠴᠢᠨᠠᠷ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌ ᠰᠠᠨᠠᠭᠤᠯᠭ᠎ᠠ᠎ᠶ᠋ᠢ ᠬᠠᠨᠳᠤᠯᠭᠠᠲᠤ ᠴᠢᠨᠠᠷᠲᠠᠶ᠎ᠪᠠᠷ ᠬᠠᠩᠭᠠᠨ᠎ᠠ᠃

ᠲᠣᠰ ᠤᠳᠠᠭᠠᠨ᠎ᠤ ᠪᠣᠯᠪᠠᠰᠤᠷᠠᠯ᠎ᠨᠢ ᠠᠰᠠᠭᠤᠳᠠᠯ ᠪᠠ ᠬᠠᠷᠠᠯᠲᠠ᠎ᠪᠠᠷ ᠤᠳᠤᠷᠢᠳᠤᠮᠵᠢ ᠪᠣᠯᠭᠠᠵᠤ᠂ ᠨᠠᠢᠳᠠᠪᠤᠷᠢᠵᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠦᠷ᠎ᠡ ᠪᠦᠲᠦᠮᠵᠢ ᠤᠯᠪᠠ᠃ ᠪᠣᠯᠪᠠᠰᠤᠷᠠᠯ᠎ᠳᠤ ᠣᠷᠣᠯᠴᠠᠭ᠍ᠰᠠᠳ᠎ᠤᠨ ᠰᠤᠷᠬᠤ᠎ᠠᠴᠠ ᠬᠦᠷᠲᠡᠮᠵᠢ᠎ᠲᠠᠢ᠂ ᠰᠤᠷᠬᠤ᠎ᠠᠴᠠ ᠣᠯᠤᠯᠲᠠ᠎ᠲᠠᠢ᠂ ᠰᠤᠷᠬᠤ᠎ᠠᠴᠠ ᠬᠡᠷᠡᠭ᠌ᠴᠡᠭᠡ᠎ᠲᠠᠢ ᠪᠠᠢ᠌ᠬᠤ᠎ᠳᠦ ᠬᠦᠴᠦᠨ ᠨᠡᠮᠡᠷᠢᠯᠡᠨ᠎ᠡ᠃

ᠡᠯ᠎ᠡ ᠨᠢᠭᠡᠴᠢ᠎ᠶ᠋ᠢᠨ᠎ᠬᠢᠨ ᠠᠵᠢᠯ᠎ᠢᠶᠠᠨ ᠪᠥᠬᠦ᠌ ᠬᠦᠴᠦᠨ᠎ᠢᠶᠠᠷ᠎ᠢᠶᠠᠨ ᠠᠬᠢᠭᠤᠯᠵᠤ᠂ 12328 ᠬᠠᠯᠠᠮᠱᠢᠯ ᠤᠲᠠᠰᠤ᠎ᠶ᠋ᠢᠨ ᠪᠠᠷᠠᠭᠠᠨ᠎ᠤ ᠲᠡᠷᠭᠡ᠎ᠶ᠋ᠢᠨ ᠵᠢᠯᠣᠭᠤᠴᠢ᠎ᠶ᠋ᠢᠨ 《ᠭᠤᠷᠪᠠᠨ ᠨᠣᠷᠮ᠎ᠠ》᠂ 《988》 ᠎ᠶ᠋ᠢᠨ ᠬᠠᠷᠠᠯᠲᠠ ᠱᠠᠭᠠᠷᠳᠠᠯᠭ᠎ᠠ᠎ᠲᠠᠢ ᠪᠣᠯᠬᠤ᠎ᠶ᠋ᠢ ᠦᠨᠡᠨ ᠬᠦ᠌ ᠪᠠᠲᠤᠯᠠᠵᠤ᠂ ᠪᠠᠷᠠᠭᠠᠨ᠎ᠤ ᠲᠡᠷᠭᠡ᠎ᠶ᠋ᠢᠨ ᠵᠢᠯᠣᠭᠤᠴᠢ᠎ᠶ᠋ᠢᠨ ᠠᠵᠢᠯ᠎ᠤᠨ ᠬᠠᠭᠤᠳᠠᠰᠤ᠎ᠶ᠋ᠢ ᠱᠢᠢᠳᠪᠦᠷᠢᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠪᠠᠷᠠᠭᠠᠨ᠎ᠤ ᠲᠡᠷᠭᠡ᠎ᠶ᠋ᠢᠨ ᠵᠢᠯᠣᠭᠤᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            