ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠨᠢ ᠲᠡᠮᠦᠷ ᠵᠠᠮ ᠳᠠᠭᠠᠤ᠎ᠶ᠋ᠢᠨ ᠠᠮᠤᠷ ᠲᠦᠪᠱᠢᠨ ᠣᠷᠴᠢᠨ ᠲᠣᠭᠤᠷᠢᠨ᠎ᠤ ᠵᠠᠰᠠᠯᠲᠠ᠎ᠶ᠋ᠢ ᠬᠠᠮᠲᠤᠷᠠᠨ ᠬᠢᠨᠠᠨ ᠵᠢᠯᠤᠭᠤᠳᠴᠦ ᠪᠠᠢᠴᠠᠭᠠᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠪᠡ
ᠨᠡᠶ᠋ᠢᠲᠡᠯᠡᠭᠰᠡᠨ ᠴᠠᠭ᠄ 2025-11-21

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠨᠢ ᠰᠢ ᠠᠨ᠂ ᠱᠧᠨᠶᠠᠩ᠎ᠤᠨ ᠲᠡᠮᠦᠷ ᠵᠠᠮ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠪᠣᠯᠤᠨ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠤᠲᠠ ᠲᠣᠪᠴᠢᠶ᠎ᠠ᠂ ᠬᠠᠷᠪᠢᠨ ᠲᠣᠪᠴᠢᠶ᠎ᠠ᠂ ᠱᠧᠨᠶᠠᠩ ᠲᠣᠪᠴᠢᠶ᠎ᠠ᠎ᠶ᠋ᠢᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠎ᠲᠠᠢ ᠬᠠᠮᠲᠤᠷᠠᠨ ᠲᠡᠮᠦᠷ ᠵᠠᠮ ᠳᠠᠭᠠᠤ᠎ᠶ᠋ᠢᠨ ᠠᠮᠤᠷ ᠲᠦᠪᠱᠢᠨ ᠣᠷᠴᠢᠨ ᠲᠣᠭᠤᠷᠢᠨ᠎ᠤ ᠵᠠᠰᠠᠯᠲᠠ᠎ᠶ᠋ᠢ ᠬᠢᠨᠠᠨ ᠵᠢᠯᠣᠭᠤᠳᠴᠤ᠌ ᠪᠠᠢᠴᠠᠭᠠᠪᠠ᠃

ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠬᠢᠨᠠᠨ ᠵᠢᠯᠣᠭᠤᠳᠴᠤ᠌ ᠪᠠᠢᠴᠠᠭᠠᠬᠤ ᠠᠵᠢᠯ᠎ᠨᠢ ᠪᠥᠬᠦ᠌ ᠣᠷᠣᠨ᠎ᠤ 12 ᠠᠢᠮᠠᠭ ᠬᠤᠲᠠ ᠵᠢᠴᠢ ᠬᠠᠷᠢᠶ᠎ᠠ ᠪᠣᠯᠬᠤ ᠲᠡᠮᠦᠷ ᠵᠠᠮ᠎ᠤᠨ ᠥᠩᠭᠡᠷᠡᠬᠦ᠌ 27 ᠬᠤᠱᠢᠭᠤ ᠱᠢᠶᠠᠨ (ᠬᠤᠲᠠ᠂ ᠲᠣᠭᠤᠷᠢᠭ)᠎ᠢ ᠬᠠᠮᠤᠷᠪᠠ᠃ ᠬᠢᠨᠠᠨ ᠵᠢᠯᠤᠭᠤᠳᠴᠦ ᠪᠠᠢᠴᠠᠭᠠᠬᠤ ᠳᠤᠭᠤᠢᠯᠠᠩ᠎ᠤᠨ᠎ᠬᠢᠨ ᠡᠯ᠎ᠡ ᠭᠠᠵᠠᠷ᠎ᠤᠨ ᠲᠡᠮᠦᠷ ᠵᠠᠮ᠎ᠤᠨ ᠠᠭᠤᠯᠵᠠᠷ᠎ᠤᠨ 《ᠲᠡᠭᠰᠢ ᠠᠭᠤᠯᠵᠠᠷ᠎ᠢ ᠪᠤᠰᠤᠭ᠎ᠠ ᠠᠭᠤᠯᠵᠠᠷ ᠪᠣᠯᠭ᠋ᠠᠨ ᠥᠭᠡᠷᠡᠴᠢᠯᠡᠬᠦ᠌》 ᠪᠦᠲᠦᠭᠡᠨ ᠪᠠᠢᠭᠤᠯᠤᠯᠲᠠ᠂ ᠬᠠᠮᠲᠤᠷᠠᠭ᠍ᠰᠠᠨ ᠬᠤᠷᠠᠯ᠎ᠤᠨ ᠲᠣᠭ᠍ᠲᠠᠴᠠ᠎ᠶ᠋ᠢᠨ ᠠᠵᠢᠯᠯᠠᠭ᠎ᠠ᠂ ᠵᠠᠮ᠎ᠤᠨ 《ᠬᠤᠣᠰ ᠬᠡᠰᠡᠭ᠎ᠤᠨ ᠳᠠᠷᠤᠭ᠎ᠠ》 ᠎ᠶ᠋ᠢᠨ ᠬᠠᠮᠲᠤᠷᠠᠭ᠍ᠰᠠᠨ ᠲᠣᠭᠤᠷᠢᠨ ᠪᠠᠢᠴᠠᠭᠠᠯᠲᠠ ᠵᠡᠷᠭᠡ ᠠᠵᠢᠯ᠎ᠢ ᠥᠷᠨᠢᠭᠦᠯᠵᠦ᠍ ᠪᠠᠢᠭ᠎ᠠ ᠪᠠᠢᠳᠠᠯ᠎ᠢ ᠭᠦᠨᠵᠡᠭᠡᠢ ᠣᠢᠯᠠᠭᠠᠪᠠ; ᠪᠡᠭᠡᠵᠢᠩ᠎ᠡᠴᠡ ᠪᠤᠭᠤᠲᠤ ᠬᠦᠷᠬᠦ ᠱᠤᠭᠤᠮ᠂ ᠪᠡᠭᠡᠵᠢᠩ᠎ᠡᠴᠡ ᠪᠤᠭᠤᠲᠤ ᠬᠦᠷᠬᠦ ᠠᠶᠠᠨᠴᠢᠳ᠎ᠤᠨ ᠲᠡᠭᠡᠭᠡᠪᠦᠷᠢ᠎ᠶᠢᠨ ᠲᠤᠰᠬᠠᠢ ᠱᠤᠭᠤᠮ᠂ ᠪᠡᠭᠡᠵᠢᠩ᠎ᠡᠴᠡ ᠲᠦᠩᠯᠢᠶᠤᠤ ᠬᠦᠷᠬᠦ ᠱᠤᠭᠤᠮ᠂ ᠪᠠᠢ ᠴᠸᠩ᠎ᠡᠴᠡ ᠷᠠᠰᠢᠶᠠᠨ ᠬᠦᠷᠬᠦ ᠱᠤᠭᠤᠮ ᠵᠡᠷᠭᠡ᠎ᠳᠤ ᠣᠷᠣᠱᠢᠵᠤ ᠪᠠᠢᠭ᠎ᠠ ᠵᠠᠷ᠎ᠤᠨ ᠫᠠᠢᠰᠠ᠂ ᠥᠩᠭᠡᠲᠦ ᠪᠣᠯᠣᠳ ᠭᠡᠷ (ᠰᠠᠷᠠᠪᠴᠢ)᠂ ᠮᠤᠳᠤᠨ᠎ᠤ ᠭᠠᠮᠰᠢᠭ᠂ ᠲᠡᠮᠦᠷ ᠵᠠᠮ᠎ᠤᠨ ᠠᠭᠤᠯᠵᠠᠷ᠎ᠤᠨ ᠠᠮᠤᠷ ᠲᠦᠪᠱᠢᠨ᠎ᠤ ᠬᠠᠮᠠᠭᠠᠯᠠᠯᠲᠠ᠎ᠶ᠋ᠢᠨ ᠲᠥᠬᠦᠭᠡᠷᠦᠮᠵᠢ ᠳᠤᠲᠠᠭ᠍ᠳᠠᠬᠤ᠂ ᠮᠠᠯ ᠤᠨᠤᠭ᠎ᠠ ᠵᠠᠮ ᠳᠡᠭᠡᠷ᠎ᠡ ᠭᠠᠷᠬᠤ ᠵᠡᠷᠭᠡ ᠠᠰᠠᠭᠤᠳᠠᠯ᠎ᠤᠨ ᠳᠠᠯᠳᠠ ᠭᠡᠮ᠎ᠢ ᠭᠤᠣᠯᠳᠠᠯᠭ᠎ᠠ᠎ᠲᠠᠢ ᠲᠤᠬᠠᠢ᠎ᠶ᠋ᠢᠨ ᠭᠠᠵᠠᠷ᠎ᠲᠤ ᠨᠢ ᠪᠠᠢᠴᠠᠭᠠᠪᠠ; ᠬᠤᠯᠪᠣᠭ᠍ᠳᠠᠯ ᠪᠥᠬᠦᠶ ᠬᠠᠷᠢᠭᠤᠴᠠᠯᠭᠠᠲᠤ ᠨᠢᠭᠡᠴᠢ᠎ᠶ᠋ᠢ ᠱᠢᠮᠳᠠᠭᠤᠯᠵᠤ ᠪᠠᠢᠭᠠᠳ ᠬᠠᠷᠢᠭᠤᠴᠠᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠢᠯᠡᠷᠡᠭᠦᠯᠦᠭ᠌ᠰᠡᠨ ᠠᠰᠠᠭᠤᠳᠠᠯ᠎ᠤᠨ ᠳᠠᠯᠳᠠ ᠭᠡᠮ᠎ᠢ ᠳᠠᠷᠦ᠋ᠢᠬᠠᠨ ᠴᠡᠭ᠌ᠴᠡᠯᠡᠨ ᠰᠠᠢᠵᠢᠷᠠᠭᠤᠯᠤᠨ᠎ᠠ; ᠡᠯ᠎ᠡ ᠱᠠᠲᠤᠨ᠎ᠤ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠬᠦ᠌᠎ᠶ᠋ᠢ ᠵᠢᠯᠣᠭᠤᠳᠴᠤ᠌᠂ ᠡᠯ᠎ᠡ ᠵᠦᠢᠯ᠎ᠤᠨ ᠠᠵᠢᠯ᠎ᠢ ᠨᠠᠷᠢᠨ ᠨᠢᠮᠪᠠᠶ ᠨᠠᠢᠳᠠᠪᠤᠷᠢᠵᠢᠭᠤᠯᠤᠨ᠂ ᠲᠡᠮᠦᠷ ᠵᠠᠮ ᠳᠠᠭᠠᠤ᠎ᠶ᠋ᠢᠨ ᠠᠮᠤᠷ ᠲᠦᠪᠱᠢᠨ ᠣᠷᠴᠢᠨ ᠲᠣᠭᠤᠷᠢᠨ᠎ᠤ ᠠᠰᠠᠭᠤᠳᠠᠯ᠎ᠤᠨ ᠳᠠᠯᠳᠠ ᠭᠡᠮ᠎ᠢ ᠵᠢᠭ᠍ᠰᠠᠭᠠᠨ ᠪᠠᠢᠴᠠᠭᠠᠵᠤ ᠵᠠᠰᠠᠬᠤ ᠠᠵᠢᠯ᠎ᠢ ᠪᠠᠢᠩᠭᠤᠵᠢᠭᠤᠯᠵᠤ᠂ ᠬᠥᠳᠡᠯᠦᠩᠭᠦᠶ᠎ᠪᠠᠷ ᠥᠷᠨᠢᠭᠦᠯᠵᠦ᠍᠂ ᠳᠠᠯᠳᠠ ᠭᠡᠮ᠎ᠤᠨ ᠪᠢᠲᠡᠭᠦᠦ ᠴᠠᠭᠠᠷᠢᠭ᠋᠎ᠤᠨ ᠬᠠᠮᠢᠶᠠᠷᠤᠯᠲᠠ᠎ᠶᠢ ᠦᠨᠡᠨ ᠬᠦ᠌ ᠴᠢᠩᠭ᠋ᠠᠳᠬᠠᠪᠠ᠃ 

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠨᠢ ᠲᠣᠰ ᠤᠳᠠᠭᠠᠨ᠎ᠤ ᠬᠢᠨᠠᠨ ᠵᠢᠯᠣᠭᠤᠳᠴᠤ᠌ ᠪᠠᠢᠴᠠᠭᠠᠬᠤ᠎ᠪᠠᠷ ᠠᠵᠠ ᠲᠣᠬᠢᠶᠠᠯ ᠪᠣᠯᠭᠠᠵᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠨ᠂ ᠳᠤᠲᠠᠭᠤᠳᠠᠯ ᠪᠠ ᠬᠦᠷᠦᠯᠴᠡᠬᠦ᠌ ᠥᠬᠡᠶ ᠲᠠᠯ᠎ᠠ᠎ᠳᠤ ᠱᠢᠭᠤᠳ ᠬᠠᠨᠳᠤᠵᠤ᠂ 《ᠬᠤᠤᠰ ᠬᠡᠰᠡᠭ᠎ᠤᠨ ᠳᠠᠷᠤᠭ᠎ᠠ》 ᠎ᠶ᠋ᠢᠨ ᠠᠵᠢᠯ᠎ᠤᠨ ᠲᠣᠭ᠍ᠲᠠᠴᠠ᠎ᠶ᠋ᠢᠨ ᠠᠵᠢᠯᠯᠠᠭᠠᠨ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠵᠠᠮ᠎ᠤᠨ ᠭᠠᠳᠠᠨᠠᠬᠢ ᠲᠦᠭ᠌ᠰᠢᠭᠦᠷᠢ ᠶᠡᠬᠡᠲᠡᠶ ᠭᠠᠵᠠᠷ᠎ᠤᠨ ᠬᠡᠰᠡᠭ᠎ᠤᠨ ᠠᠮᠤᠷ ᠲᠦᠪᠱᠢᠨ᠎ᠢ ᠬᠠᠮᠢᠶᠠᠷᠤᠨ ᠡᠵᠡᠮᠳᠡᠬᠦ᠂ ᠲᠣᠮᠣ ᠬᠡᠯᠪᠡᠷᠢ᠎ᠶ᠋ᠢᠨ ᠮᠠᠯ ᠤᠨᠤᠭ᠎ᠠ ᠵᠠᠮ ᠳᠡᠭᠡᠷ᠎ᠡ ᠭᠠᠷᠬᠤ᠎ᠶᠢ ᠴᠡᠭ᠌ᠴᠡᠯᠡᠨ ᠵᠠᠰᠠᠬᠤ᠂ ᠵᠠᠮ ᠳᠠᠭᠠᠤ᠎ᠶ᠋ᠢᠨ ᠬᠥᠩᠭᠡᠨ ᠪᠣᠳᠠᠰ᠎ᠢ ᠵᠠᠰᠠᠬᠤ᠂ ᠲᠡᠮᠦᠷ ᠵᠠᠮ᠎ᠤᠨ ᠠᠭᠤᠯᠵᠠᠷ᠎ᠢ 《ᠲᠡᠭᠰᠢ ᠠᠭᠤᠯᠵᠠᠷ᠎ᠢ ᠪᠤᠰᠤᠭ᠎ᠠ ᠠᠭᠤᠯᠵᠠᠷ ᠪᠣᠯᠭ᠋ᠠᠨ ᠥᠭᠡᠷᠡᠴᠢᠯᠡᠬᠦ᠌》᠂ ᠵᠠᠰᠠᠮᠠᠯ ᠵᠠᠮ ᠲᠡᠮᠦᠷ ᠵᠠᠮ᠎ᠤᠨ ᠠᠭᠤᠯᠵᠠᠷ᠎ᠢ ᠵᠡᠷᠭᠡᠴᠡᠭᠦᠯᠦᠨ ᠴᠡᠭ᠌ᠴᠡᠯᠡᠨ ᠵᠠᠰᠠᠬᠤ ᠵᠡᠷᠭᠡ ᠬᠦᠨᠳᠦ ᠪᠡᠷᠬᠡ ᠠᠵᠢᠯ᠎ᠢ ᠥᠷᠨᠢᠭᠦᠯᠵᠦ᠍᠂ ᠦᠷᠭᠦᠯᠵᠢᠯᠡᠨ ᠬᠦᠴᠦᠯᠡᠵᠦ᠍᠂ ᠪᠥᠬᠦ᠌ ᠣᠷᠣᠨ᠎ᠤ ᠲᠡᠮᠦᠷ ᠵᠠᠮ ᠳᠠᠭᠠᠤ᠎ᠶ᠋ᠢᠨ ᠠᠮᠤᠷ ᠲᠦᠪᠱᠢᠨ ᠣᠷᠴᠢᠨ ᠲᠣᠭᠤᠷᠢᠨ᠎ᠤ ᠵᠠᠰᠠᠯᠲᠠ᠎ᠶ᠋ᠢᠨ ᠱᠢᠨ᠎ᠡ ᠪᠠᠢᠳᠠᠯ᠎ᠢ ᠪᠣᠶ ᠪᠣᠯᠭᠠᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            