ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
《ᠥᠪᠥᠷ ᠮᠣᠩᠭᠣᠯ᠎ᠤᠨ ᠳᠡᠭᠡᠳᠦ ᠲᠠᠰ᠎ᠤᠨ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠲᠠᠩᠰᠠ ᠡᠪᠬᠡᠮᠡᠯ᠎ᠢ ᠡᠯᠸᠺᠲᠷᠤᠨᠴᠢᠯᠠᠬᠤ ᠲᠡᠢ᠌ᠰᠢ ᠬᠤᠪᠢᠷᠠᠭᠤᠯᠬᠤ ᠰᠤᠳᠤᠯᠭ᠋ᠠᠨ》᠎ᠤ ᠲᠥᠷᠥᠯ ᠵᠦᠢᠯ᠎ᠨᠢ ᠰᠢᠯᠭ᠋ᠠᠨ ᠪᠠᠢ᠌ᠴᠠᠭ᠋ᠠᠯᠲᠠ ᠵᠢ ᠥᠩᠭᠡᠷᠡᠭᠡᠪᠡ
ᠨᠡᠶ᠋ᠢᠲᠡᠯᠡᠭᠰᠡᠨ ᠴᠠᠭ᠄ 2025-11-03

ᠣᠢ᠌ᠷ᠎ᠠ᠎ᠳᠤ᠂ ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ᠎ᠠᠴᠠ ᠲᠦᠷᠦᠭᠦᠯᠡᠨ ᠬᠠᠮᠢᠶ᠎ᠠ ᠪᠥᠬᠥᠶ ᠨᠢᠭᠡᠴᠢ᠎ᠲᠠᠢ ᠡᠭᠦᠷᠭᠡᠯᠡᠭᠰᠡᠨ 《ᠥᠪᠥᠷ ᠮᠣᠩᠭᠣᠯ᠎ᠤᠨ ᠳᠡᠭᠡᠳᠦ ᠲᠠᠰ᠎ᠤᠨ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠲᠠᠩᠰᠠ ᠡᠪᠬᠡᠮᠡᠯ᠎ᠢ ᠡᠯᠸᠺᠲᠷᠤᠨᠴᠢᠯᠠᠬᠤ ᠲᠡᠢ᠌ᠰᠢ ᠬᠤᠪᠢᠷᠠᠭᠤᠯᠬᠤ ᠰᠤᠳᠤᠯᠭ᠋ᠠᠨ》᠎ᠤ ᠲᠥᠷᠥᠯ ᠵᠦᠢᠯ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠩᠰᠠ ᠡᠪᠬᠡᠮᠡᠯ᠎ᠤᠨ ᠲᠣᠪᠴᠢᠶ᠎ᠠ ᠵᠢᠨ ᠵᠣᠬᠢᠶᠠᠨ ᠪᠠᠢ᠌ᠭᠤᠯᠤᠭᠰᠠᠨ ᠲᠤᠰᠬᠠᠶ ᠮᠡᠷᠭᠡᠵᠢᠯᠲᠡᠨ᠎ᠤ ᠰᠢᠯᠭ᠋ᠠᠨ ᠪᠠᠢ᠌ᠴᠠᠭ᠋ᠠᠯᠲᠠ ᠵᠢ ᠤᠷᠤᠭᠰᠢᠲᠠᠶ ᠥᠩᠭᠡᠷᠡᠭᠡᠪᠡ᠂ ᠡᠨᠡ᠎ᠨᠢ ᠮᠠᠨ᠎ᠤ ᠣᠷᠣᠨ ᠵᠠᠰᠠᠮᠠᠯ ᠵᠠᠮ᠎ᠤᠨ ᠪᠠᠷᠢᠯᠭ᠎ᠠ ᠵᠢᠨ ᠲᠠᠩᠰᠠ ᠡᠪᠬᠡᠮᠡᠯ᠎ᠤᠨ ᠲᠣᠭ᠋ᠠᠴᠢᠯᠠᠭᠰᠠᠨ ᠬᠠᠮᠢᠶᠠᠷᠤᠯᠲᠠ ᠵᠢᠨ ᠲᠠᠯ᠎ᠠ᠎ᠪᠠᠷ ᠵᠠᠩᠭᠢᠯᠠᠭ᠎ᠠ ᠵᠢᠨ ᠨᠢᠭᠡ ᠠᠯᠬᠤᠮ ᠠᠯᠬᠤᠭᠰᠠᠨ᠎ᠢ ᠬᠠᠷᠠᠭᠤᠯᠵᠤ ᠪᠠᠢ᠌ᠨ᠎ᠠ᠃

ᠲᠣᠰ ᠲᠥᠷᠥᠯ ᠵᠦᠢᠯ᠎ᠨᠢ ᠳᠡᠭᠡᠳᠦ ᠲᠠᠰ᠎ᠤᠨ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢ ᠤᠯᠠᠮᠵᠢᠯᠠᠯᠲᠤ ᠴᠠᠭ᠋ᠠᠰᠤᠨ ᠵᠠᠭᠪᠤᠷ᠎ᠠᠴᠠ ᠡᠯᠸᠺᠲᠷᠤᠨᠴᠢᠯᠠᠬᠤ᠂ ᠤᠶᠤᠨᠴᠢᠯᠠᠬᠤ ᠲᠡᠢ᠌ᠰᠢ ᠬᠤᠪᠢᠷᠠᠭᠤᠯᠬᠤ ᠵᠢ ᠠᠬᠢᠭᠤᠯᠬᠤ᠎ᠳᠤ ᠰᠠᠭᠤᠷᠢᠯᠠᠵᠤ᠂ 《ᠠᠵᠢᠯ᠎ᠤᠨ ᠲᠣᠭᠲᠠᠴᠠ᠂ ᠬᠠᠮᠢᠶᠠᠷᠤᠯᠲᠠ ᠵᠢᠨ ᠲᠦᠷᠢᠮ᠂ ᠪᠠᠷᠢᠮᠵᠢᠶ᠎ᠠ ᠵᠢᠷᠤᠮᠵᠢᠯ᠂ ᠵᠠᠩᠭᠢᠯᠠᠭ᠎ᠠ ᠵᠢᠨ ᠮᠡᠷᠭᠡᠵᠢᠯ》 ᠳᠥᠷᠪᠡ ᠵᠢ ᠨᠢᠭᠡ ᠴᠣᠭᠴᠠᠵᠢᠭᠤᠯᠤᠭᠰᠠᠨ ᠡᠯᠧᠺᠲᠷᠣᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠪᠠ᠃ ᠲᠣᠰ ᠲᠥᠷᠥᠯ ᠵᠦᠢᠯ᠎ᠨᠢ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ ᠪᠣᠯᠬᠤ 《ᠵᠠᠰᠠᠮᠠᠯ ᠵᠠᠮ᠎ᠤᠨ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠪᠢᠴᠢᠭ ᠮᠠᠲ᠋ᠧᠷᠢᠶᠠᠯ᠎ᠢ ᠲᠣᠭ᠋ᠠᠴᠢᠯᠠᠭᠰᠠᠨ ᠮᠡᠷᠭᠡᠵᠢᠯ᠎ᠤᠨ ᠲᠦᠷᠢᠮ ᠲᠣᠭᠲᠠᠭ᠋ᠠᠯ (ᠪᠠᠷᠢᠯᠭ᠎ᠠ ᠵᠢᠨ ᠠᠵᠢᠯ᠎ᠤᠨ ᠳᠠᠷᠠᠭ᠋ᠠᠯᠠᠯ᠎ᠤᠨ ᠮᠠᠲ᠋ᠧᠷᠢᠶᠠᠯ)》 (DB15/T 3201-2023)᠎ᠢ ᠨᠠᠢ᠌ᠷᠠᠭᠤᠯᠤᠨ ᠵᠣᠬᠢᠶᠠᠭᠰᠠᠨ ᠪᠥᠭᠡᠳ ᠨᠡᠢ᠌ᠲᠡᠯᠡᠵᠦ᠂ ᠣᠷᠣᠨ᠎ᠤ ᠳᠣᠲᠣᠷᠠᠬᠢ ᠬᠠᠮᠢᠶ᠎ᠠ ᠪᠥᠬᠥᠶ ᠬᠦᠷᠢᠶᠡᠨ᠎ᠤ ᠮᠡᠷᠭᠡᠵᠢᠯ᠎ᠤᠨ ᠬᠣᠭᠣᠰᠣᠨ᠎ᠢ ᠨᠥᠬᠥᠪᠥᠷᠢᠯᠡᠪᠡ; ᠡᠯᠧᠺᠲᠷᠣᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠰᠢᠰᠲ᠋ᠧᠮ᠎ᠢ ᠰᠤᠳᠤᠯᠤᠨ ᠪᠠᠢ᠌ᠭᠤᠯᠵᠤ᠂ G1611 ᠪᠢᠷᠠᠭᠤ᠎ᠠᠴᠠ ᠤᠯᠠᠭ᠋ᠠᠨᠪᠤᠲᠦᠩ ᠬᠦᠷᠬᠦ ᠲᠦᠷᠭᠡᠨ᠎ᠤ ᠵᠠᠮ᠂ S43 ᠬᠥᠬᠡᠬᠣᠲᠠ ᠵᠢᠨ ᠰᠢᠨ᠎ᠡ ᠨᠢᠰᠬᠡᠯ᠎ᠤᠨ ᠪᠠᠭᠤᠳᠠᠯ᠎ᠤᠨ ᠲᠦᠷᠭᠡᠨ᠎ᠤ ᠵᠠᠮ᠂ S26 ᠨᠠᠷᠠᠰᠤᠨ᠎ᠠᠴᠠ ᠯᠦᠩᠺᠸᠤ ᠬᠦᠷᠬᠦ ᠲᠦᠷᠭᠡᠨ᠎ᠤ ᠵᠠᠮ ᠵᠡᠷᠭᠡ ᠣᠯᠠᠨ ᠲᠥᠷᠥᠯ ᠵᠦᠢᠯ᠎ᠳᠤ ᠠᠮᠵᠢᠯᠲᠠ᠎ᠲᠠᠢ ᠬᠡᠷᠡᠭᠯᠡᠵᠦ᠂ ᠲᠥᠷᠥᠯ ᠵᠦᠢᠯ᠎ᠤᠨ ᠬᠠᠮᠢᠶᠠᠷᠤᠯᠲᠠ ᠵᠢᠨ ᠶᠠᠪᠤᠴᠠ ᠵᠢᠨ ᠣᠯᠠᠨ ᠵᠦᠢᠯ᠎ᠤᠨ ᠢᠷᠡᠯᠲᠡ ᠵᠢᠨ ᠲᠣᠭ᠎ᠠ ᠪᠠᠷᠢᠮᠲᠠ ᠵᠢ ᠲᠥᠪᠯᠡᠷᠡᠭᠦᠯᠦᠨ ᠨᠢᠭᠡᠳᠬᠡᠬᠦ ᠪᠠ ᠪᠠᠷᠢᠮᠵᠢᠶᠠᠵᠢᠭᠤᠯᠤᠨ ᠬᠠᠮᠢᠶᠠᠷᠬᠤ ᠵᠢ ᠪᠡᠶᠡᠯᠡᠭᠦᠯᠬᠦ ᠵᠢᠨ ᠬᠠᠮᠲᠤ ᠨᠢᠭᠡ ᠪᠦᠯᠦᠭ ᠡᠯᠧᠺᠲᠷᠣᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠴᠢᠳᠠᠪᠤᠷᠢ᠎ᠲᠠᠢ ᠬᠠᠮ ᠴᠢᠳᠠᠪᠤᠷᠢᠲᠠᠨ᠎ᠢ ᠬᠥᠮᠦᠵᠢᠭᠦᠯᠵᠦ᠂ ᠰᠢᠰᠲ᠋ᠧᠮᠵᠢᠭᠦᠯᠦᠭᠰᠡᠨ ᠵᠢᠱ᠌ᠢᠶ᠎ᠡ ᠦᠵᠡᠭᠦᠯᠬᠦ᠎ᠪᠠᠷ ᠳᠠᠮᠵᠢᠭᠤᠯᠤᠨ᠂ ᠲᠣᠰ ᠬᠠᠮᠢᠶᠠᠷᠤᠯᠲᠠ ᠵᠢᠨ ᠵᠠᠭᠪᠤᠷ᠎ᠤᠨ ᠪᠣᠯᠤᠮᠵᠢᠲᠤ ᠴᠢᠨᠠᠷ ᠪᠠ ᠬᠡᠷᠡᠭᠯᠡᠭᠡᠨ᠎ᠤ ᠴᠢᠨᠠᠷ᠎ᠢ ᠪᠦᠲᠦᠮᠵᠢᠲᠡᠶ ᠰᠢᠯᠭ᠋ᠠᠨ ᠪᠠᠲᠤᠯᠠᠪᠠ᠃

ᠰᠢᠯᠭ᠋ᠠᠨ ᠪᠠᠢ᠌ᠴᠠᠭ᠋ᠠᠬᠤ ᠲᠤᠰᠬᠠᠶ ᠮᠡᠷᠭᠡᠵᠢᠯᠲᠡᠨ᠎ᠤ ᠳᠤᠭᠤᠢ᠌ᠯᠠᠩ᠎ᠨᠢ ᠲᠥᠷᠥᠯ ᠵᠦᠢᠯ᠎ᠤᠨ ᠦᠷ᠎ᠡ ᠪᠦᠲᠦᠭᠡᠯ᠎ᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠲᠥᠷᠥᠯ ᠵᠦᠢᠯ᠎ᠤᠨ ᠮᠡᠷᠭᠡᠵᠢᠯ᠎ᠤᠨ ᠱᠤᠭᠤᠮ᠎ᠨᠢ ᠲᠣᠳᠣᠷᠬᠠᠶ᠂ ᠰᠤᠳᠤᠯᠬᠤ ᠠᠷᠭ᠎ᠠ᠎ᠨᠢ ᠰᠢᠨᠵᠢᠯᠡᠬᠦ ᠤᠬᠠᠭ᠋ᠠᠨᠴᠢ᠂ ᠳᠡᠯᠭᠡᠷᠡᠭᠦᠯᠦᠨ ᠬᠡᠷᠡᠭᠯᠡᠬᠦ ᠦᠨ᠎ᠡ ᠥᠷᠲᠡᠭ᠎ᠲᠠᠢ ᠭᠡᠵᠦ ᠦᠵᠡᠪᠡ᠃ ᠡᠭᠦᠨ᠎ᠤ ᠬᠠᠮᠲᠤ᠂ ᠪᠠᠷᠢᠮᠵᠢᠶ᠎ᠠ ᠵᠢᠨ ᠬᠠᠮᠤᠷᠬᠤ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠵᠦ᠂ ᠰᠢᠰᠲ᠋ᠧᠮ᠎ᠤᠨ ᠪᠠᠭᠲᠠᠭ᠋ᠠᠮᠵᠢᠲᠤ ᠴᠢᠨᠠᠷ᠎ᠢ ᠴᠢᠩᠭ᠋ᠠᠳᠬᠠᠨ᠂ ᠡᠯᠧᠺᠲᠷᠣᠨ ᠪᠢᠴᠢᠭ ᠮᠠᠲ᠋ᠧᠷᠢᠶᠠᠯ᠎ᠤᠨ 《ᠲᠠᠩ ᠵᠠᠮ᠎ᠤᠨ ᠲᠦᠷᠢᠮ》᠎ᠤᠨ ᠬᠠᠮᠢᠶᠠᠷᠤᠯᠲᠠ ᠵᠢᠨ ᠵᠠᠭᠪᠤᠷ᠎ᠢ ᠨᠠᠩ ᠥᠷᠭᠡᠨ ᠬᠡᠪᠴᠢᠶᠡᠨ᠎ᠳᠤ ᠲᠤᠷᠰᠢᠨ ᠬᠡᠷᠡᠭᠯᠡᠬᠦ ᠵᠢ ᠳᠥᠯᠭᠢᠨ ᠠᠬᠢᠭᠤᠯᠬᠤ ᠬᠡᠷᠡᠭᠲᠡᠶ ᠭᠡᠵᠦ ᠰᠠᠨᠠᠭᠤᠯᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            