11 ᠳ᠋ᠦ᠍ᠭᠡᠷ ᠰᠠᠷ᠎ᠠ᠎ᠶ᠋ᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠠᠩᠨᠠᠯ᠎ᠤᠨ ᠶᠡᠭᠡ ᠬᠤᠷᠠᠯ ᠬᠥᠬᠡᠬᠤᠲᠠ᠎ᠳᠤ ᠬᠤᠷᠠᠯᠳᠤᠵᠤ᠂ ᠪᠥᠬᠦ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠪᠱᠢᠯᠲᠠ ᠪᠠ ᠴᠢᠨᠠᠷ ᠰᠠᠢᠲᠠᠶ ᠬᠥᠭ᠌ᠵᠢᠯᠲᠡ᠎ᠳᠤ ᠲᠣᠪᠤᠢᠮ᠎ᠠ ᠬᠤᠪᠢ ᠨᠡᠮᠡᠷᠢ ᠦᠵᠡᠭᠦᠯᠦᠭ᠌ᠰᠡᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠲᠠᠨ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ᠎ᠢ ᠬᠥᠬᠢᠭᠦᠯᠦᠨ ᠰᠠᠢᠱᠢᠶᠠᠪᠠ᠃ ᠬᠤᠷᠠᠯ ᠳᠡᠭᠡᠷ᠎ᠡ 《2024 ᠣᠨ᠎ᠤ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠠᠩᠨᠠᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠍ᠲᠠᠭᠠᠯ》 ᠢ ᠨᠡᠢᠲᠡᠯᠡᠵᠦ᠍᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠨᠵᠢᠯᠡᠬᠦ᠌ ᠤᠬᠠᠭᠠᠨᠴᠢ᠎ᠬᠦᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ᠎ᠦᠨ ᠲᠦᠷᠦᠭᠦᠯᠡᠨ ᠪᠡᠶᠡᠯᠡᠭᠦᠯᠦᠭᠰᠡᠨ 《 ᠵᠠᠰᠠᠮᠠᠯ ᠵᠠᠮ᠎ᠤᠨ ᠵᠠᠮ ᠳᠡᠭᠡᠷᠡᠬᠢ ᠮᠥᠰᠥ ᠴᠠᠷᠴᠠᠬᠤ᠎ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢᠴᠢ ᠮᠥᠰᠥ ᠴᠠᠰᠤ᠎ᠶᠢ ᠰᠠᠨᠠᠭᠠᠴᠢᠯᠠᠭ᠎ᠠ ᠠ᠋ᠴᠠ᠎ᠪᠠᠨ ᠬᠠᠢᠯᠤᠭᠤᠯᠬᠤ ᠵᠠᠩᠭᠢᠯᠠᠭ᠎ᠠ᠎ᠶᠢᠨ ᠮᠡᠷᠭᠡᠵᠢᠯ᠎ᠦᠨ ᠰᠤᠳᠤᠯᠤᠨ ᠨᠡᠭᠡᠭᠡᠯᠲᠡ ᠬᠢᠭᠡᠳ ᠬᠡᠷᠡᠭᠯᠡᠯᠲᠡ 》 ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠳᠠᠪᠰᠢᠯᠲᠠ᠎ᠶᠢᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠨᠵᠢᠯᠡᠬᠦ᠌ ᠤᠬᠠᠭᠠᠨᠴᠢ᠎ᠬᠦᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ᠎ᠤᠨ ᠱᠠᠩᠨᠠᠯ ᠬᠦᠷᠲᠡᠭ᠌ᠰᠡᠨ ᠲᠥᠯᠥᠭᠡᠯᠡᠭ᠌ᠴᠢ ᠤᠷᠢᠯᠭ᠎ᠠ᠎ᠪᠠᠷ ᠲᠣᠰ ᠤᠳᠠᠭᠠᠨ᠎ᠤ ᠱᠠᠩᠨᠠᠯ᠎ᠤᠨ ᠶᠡᠭᠡ ᠬᠤᠷᠠᠯ᠎ᠳᠤ ᠣᠷᠣᠯᠴᠠᠪᠠ᠃ ᠲᠣᠰ ᠤᠳᠠᠭ᠎ᠠ ᠱᠠᠩᠨᠠᠯ ᠭᠥᠷᠳᠡᠭ᠌ᠰᠡᠨ ᠶᠠᠪᠤᠳᠠᠯ ᠪᠣᠯ ᠲᠣᠰ ᠬᠦᠷᠢᠶᠡᠯᠡᠩ᠎ᠤᠨ ᠣᠷᠳᠣ ᠬᠤᠭᠤᠴᠠᠭ᠎ᠠ᠎ᠪᠠᠷ ᠨᠢᠭᠡ ᠰᠡᠳᠭᠢᠯ᠎ᠢᠶᠠᠷ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠵᠦ᠍᠂ ᠬᠦᠴᠦ᠍᠎ᠪᠠᠨ ᠲᠥᠪᠯᠡᠷᠡᠭᠦᠯᠦᠨ ᠪᠣᠭᠤᠮᠲᠠ ᠱᠢᠪᠲᠤᠯᠵᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠲᠤᠷᠱᠢᠯᠲᠠ᠎ᠶ᠋ᠢᠨ ᠲᠠᠰᠤᠭ᠎ᠠᠴᠠ ᠦᠶ᠋ᠯᠡᠳᠦᠯᠭᠡ᠎ᠶ᠋ᠢᠨ ᠬᠡᠷᠡᠭ᠌ᠯᠡᠯᠲᠡ ᠲᠡᠢᠰᠢ ᠤᠷᠤᠭ᠍ᠰᠢᠯᠠᠬᠤ᠎ᠶ᠋ᠢ ᠠᠬᠢᠭᠤᠯᠬᠤ ᠠᠮᠢᠳᠤᠯᠢᠭ ᠢᠯᠡᠷᠡᠯ ᠮᠥᠨ᠂ ᠪᠥᠬᠦ᠌ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠬᠦᠴᠢᠷ ᠪᠡᠷᠬᠡᠱᠢᠶᠡᠯ᠎ᠢ ᠢᠯᠠᠨ ᠳᠠᠪᠠᠭ᠍ᠤ᠂ ᠰᠤᠳᠤᠯᠤᠭᠠᠳ ᠬᠡᠷᠡᠭ᠌ᠯᠡᠬᠦ᠌ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠪᠠᠨ ᠪᠠᠷᠢᠮᠲᠠᠯᠠᠬᠤ᠎ᠶ᠋ᠢ ᠵᠣᠷᠢᠭ᠍ᠵᠢᠭᠤᠯᠵᠤ᠂ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠬᠤᠯᠠ ᠶᠡᠭᠡ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢᠨ ᠬᠤᠱᠢᠭᠤᠴᠢ ᠴᠡᠷᠢᠭ ᠪᠣᠯᠬᠤ᠎ᠪᠠᠷ ᠴᠢᠷᠮᠠᠢᠵᠤ᠂ ᠨᠠᠩ ᠣᠯᠠᠨ ᠥᠨᠳᠥᠷ ᠬᠢᠷᠢ ᠲᠦᠪᠱᠢᠨ᠎ᠲᠠᠢ᠂ ᠬᠤᠪᠢᠷᠠᠭᠤᠯᠵᠤ ᠳᠡᠢᠯᠬᠦ᠂ ᠪᠣᠳᠠᠲᠤ ᠦᠷ᠎ᠡ ᠪᠦᠲᠦᠮᠵᠢ ᠤᠯᠬᠤ ᠴᠢᠬᠤᠯᠠ ᠶᠡᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠤᠢᠯᠡᠳᠪᠤᠷᠢᠯᠡᠵᠤ᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ᠃