ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠪᠦᠬᠦ᠌ ᠤᠷᠤᠨ᠎ᠤ ᠬᠦᠳᠡᠭᠡ ᠲᠤᠰᠬᠤᠨ ᠮᠠᠯᠵᠢᠬᠤ ᠤᠷᠤᠨ᠎ᠤ ᠵᠠᠰᠠᠮᠠᠯ ᠵᠠᠮ᠎ᠤᠨ ᠪᠠᠷᠢᠯᠭ᠎ᠠ ᠡᠬᠢᠯᠡᠭ᠌ᠰᠡᠨ ᠤᠷᠳᠤ᠎ᠨᠢ 6603 ᠺᠢᠯᠤᠮᠧᠲᠷ᠎ᠲᠤ ᠬᠦᠷᠪᠡ
ᠨᠡᠶ᠋ᠢᠲᠡᠯᠡᠭᠰᠡᠨ ᠴᠠᠭ᠄ 2025-12-17

ᠡᠨᠡ ᠵᠢᠯ᠎ᠤᠨ ᠲᠦᠷᠦᠭᠦᠤ 11 ᠰᠠᠷ᠎ᠠ᠎ᠳᠤ᠂ ᠮᠠᠨ᠎ᠤ ᠣᠷᠣᠨ᠎ᠤ ᠬᠦᠳᠡᠭᠡ ᠲᠤᠰᠬᠤᠨ ᠮᠠᠯᠵᠢᠬᠤ ᠤᠷᠤᠨ᠎ᠤ ᠵᠠᠰᠠᠮᠠᠯ ᠵᠠᠮ᠎ᠤᠨ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ 75.43 ᠳ᠋ᠦᠩᠱᠢᠭᠤᠷ ᠲᠥᠭᠦᠷᠢᠭ ᠪᠡᠶᠡᠯᠡᠭᠦᠯᠵᠦ᠍᠂ ᠠᠳᠠᠯᠢ ᠬᠤᠭᠤᠴᠠᠭᠠᠨ᠎ᠤ᠎ᠬᠢ᠎ᠠᠴᠠ 3.95% ᠎ᠪᠠᠷ ᠨᠡᠮᠡᠭ᠌ᠳᠡᠨ᠂ ᠣᠨ᠎ᠤ ᠪᠠᠯᠠ ᠣᠷᠣᠭᠤᠯᠤᠯᠲᠠ᠎ᠶ᠋ᠢᠨ ᠬᠠᠷᠠᠯᠲᠠ᠎ᠶ᠋ᠢᠨ 127.6% ᠎ᠶ᠋ᠢ ᠪᠡᠶᠡᠯᠡᠭᠦᠯᠪᠡ᠃

C051 ᠡᠯᠡᠰᠦᠨ ᠴᠥᠯ᠎ᠦᠨ ᠭᠠᠵᠠᠷ ᠰᠢᠨᠵᠢᠯᠡᠭᠡᠨ᠎ᠦ ᠴᠡᠴᠡᠷᠯᠢᠭ᠎ᠡᠴᠡ ᠪᠠᠳᠠᠢ᠎ᠶᠢᠨ ᠵᠢᠷᠠᠨ ᠨᠠᠭᠤᠷ ᠬᠦᠷᠬᠦ ᠵᠠᠰᠠᠮᠠᠯ ᠵᠠᠮ ᠪᠥᠬᠥ ᠱᠤᠭᠤᠮ᠎ᠢᠶᠠᠷ ᠨᠡᠪᠲᠡᠷᠡᠪᠡ᠃ ᠲᠣᠰ ᠲᠥᠷᠥᠯ ᠵᠦᠢᠯ ᠪᠣᠯ 2025 ᠣᠨ᠎ᠤ ᠠᠯᠠᠱᠠ ᠪᠠᠷᠠᠭᠤᠨ ᠬᠤᠱᠢᠭᠤᠨ᠎ᠤ ᠭᠤᠤᠯᠳᠠᠯᠭ᠎ᠠ᠎ᠲᠠᠢ ᠬᠥᠳᠡᠭᠡ ᠲᠣᠰᠭᠤᠨ᠎ᠤ ᠵᠠᠰᠠᠮᠠᠯ ᠵᠠᠮ᠎ᠤᠨ ᠲᠥᠷᠥᠯ ᠵᠦᠢᠯ ᠪᠣᠯᠤᠨ᠎ᠠ᠃

ᠲᠦᠷᠦᠭᠦᠬᠡᠨ᠂ ᠱᠢᠶᠠᠨ᠎ᠤ ᠵᠠᠮ᠎ᠤᠨ 776 ᠱᠤᠭᠤᠮ᠎ᠤᠨ ᠪᠠᠳᠠᠶ᠎ᠶ᠋ᠢᠨ ᠵᠢᠷᠠᠨ ᠪᠠᠯᠭᠠᠰᠤ᠎ᠠᠴᠠ ᠵᠧᠤ ᠵᠢᠶᠠ ᠵᠢᠩ ᠬᠦᠷᠬᠦ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠢᠨᠵᠧᠨᠧᠷᠢᠩ᠎ᠤᠨ ᠬᠠᠮᠤᠭ᠎ᠤᠨ ᠡᠴᠦᠰ᠎ᠤᠨ ᠨᠢᠭᠡ ᠬᠡᠰᠡᠭ ᠵᠠᠮ ᠬᠠᠷᠢᠯᠴᠠᠭᠠᠨ᠎ᠤ ᠪᠠᠷᠢᠮᠵᠢᠶᠠᠲᠦ ᠵᠢᠷᠤᠭᠠᠰᠤ᠎ᠶ᠋ᠢ ᠵᠢᠷᠤᠵᠤ ᠳᠠᠭᠤᠰᠬᠠᠬᠤ᠎ᠶ᠋ᠢ ᠳᠠᠭᠠᠯᠳᠤᠨ᠂ ᠠᠯᠠᠱᠠ ᠪᠠᠷᠠᠭᠤᠨ ᠬᠤᠱᠢᠭᠤᠨ᠎ᠤ 2025 ᠣᠨ᠎ᠤ ᠬᠦᠳᠡᠭᠡ ᠲᠤᠰᠬᠤᠨ ᠮᠠᠯᠵᠢᠬᠤ ᠤᠷᠤᠨ᠎ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠢᠨᠵᠧᠨᠧᠷᠢᠩ ᠲᠡᠭᠦᠰ ᠠᠮᠵᠢᠯᠲᠠ᠎ᠲᠠᠢ ᠲᠡᠭᠦᠰᠦᠭᠰᠡᠨ᠎ᠢ ᠬᠠᠷᠠᠭᠤᠯᠵᠤ ᠪᠠᠢᠨ᠎ᠠ᠃

ᠠᠯᠠᠱᠠ ᠪᠠᠷᠠᠭᠤᠨ ᠬᠤᠱᠢᠭᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ᠎ᠶ᠋ᠢᠨ ᠠᠵᠢᠯᠲᠠᠨ᠎ᠤ ᠲᠠᠨᠢᠯᠴᠠᠭᠤᠯᠤᠭ᠍ᠰᠠᠨ᠎ᠢᠶᠠᠷ᠂ ᠱᠢᠶᠠᠨ᠎ᠤ ᠵᠠᠮ᠎ᠤᠨ 776 ᠱᠤᠭᠤᠮ᠎ᠤᠨ ᠳᠤᠮᠳᠠ ᠬᠥᠭᠦᠷᠭᠡ᠎ᠶ᠋ᠢ ᠡᠪᠳᠡᠵᠦ᠍ ᠳᠠᠬᠢᠨ ᠪᠠᠢᠭᠤᠯᠬᠤ ᠲᠥᠷᠥᠯ ᠵᠦᠢᠯ ᠪᠣᠯ ᠲᠣᠰ ᠠᠷᠠᠴᠢᠯᠠᠨ ᠬᠠᠮᠠᠭᠠᠯᠠᠬᠤ ᠢᠨᠵᠧᠨᠧᠷᠢᠩ᠎ᠤᠨ ᠵᠠᠩᠭᠢᠯᠠᠭ᠎ᠠ᠎ᠶ᠋ᠢᠨ ᠭᠤᠭ᠍ᠴᠤᠭ᠎ᠠ ᠮᠥᠨ᠃ ᠤᠤᠯ᠎ᠤᠨ ᠬᠥᠭᠦᠷᠭᠡ᠎ᠶ᠋ᠢᠨ ᠭᠠᠵᠠᠷ᠎ᠤᠨ ᠭᠠᠶ ᠭᠠᠮᠱᠢᠭ᠎ᠤᠨ ᠬᠦᠴᠦᠨ ᠵᠦᠶ᠋ᠯ᠎ᠤᠨ ᠨᠥᠯᠥᠭᠡ᠎ᠠᠴᠠ ᠪᠣᠯᠵᠣ᠂ ᠬᠥᠭᠦᠷᠭᠡ᠎ᠶ᠋ᠢᠨ ᠪᠦᠲᠦᠴᠡ᠎ᠨᠢ ᠡᠪᠳᠡᠭ᠌ᠳᠡᠵᠦ᠍᠂ 5 ᠲᠥᠷᠥᠯ᠎ᠤᠨ ᠨᠤᠷᠠᠬᠤ ᠠᠶᠤᠯᠲᠠᠶ ᠬᠥᠭᠦᠷᠭᠡ᠎ᠪᠠᠷ ᠬᠢᠨᠠᠨ ᠲᠣᠭ᠍ᠲᠠᠭᠠᠭ᠍ᠳᠠᠵᠤ᠂ ᠬᠦᠨᠳᠦ ᠶᠡᠭᠡ ᠠᠮᠤᠷ ᠲᠦᠪᠱᠢᠨ᠎ᠤ ᠳᠠᠯᠳᠠ ᠭᠡᠮ ᠣᠷᠣᠱᠢᠵᠤ ᠪᠠᠢ᠌ᠯ᠎ᠠ᠃ ᠲᠥᠷᠥᠯ ᠵᠦᠢᠯ᠎ᠤᠨ ᠠᠵᠢᠯ ᠳᠠᠭᠤᠰᠤᠭ᠍ᠰᠠᠨ᠎ᠤ ᠳᠠᠷᠠᠭ᠎ᠠ᠂ ᠱᠢᠨ᠎ᠡ᠎ᠪᠠᠷ ᠥᠭᠡᠷᠡᠴᠢᠯᠡᠨ ᠪᠠᠢᠭᠤᠯᠤᠭ᠍ᠰᠠᠨ ᠬᠥᠭᠦᠷᠭᠡ᠎ᠶ᠋ᠢᠨ ᠳᠠᠭᠠᠭᠠᠴᠠ᠎ᠶ᠋ᠢᠨ ᠵᠡᠷᠭᠡ ᠳᠡᠰ᠎ᠢ ᠨᠢᠭᠡᠳᠦᠭᠡᠷ ᠳᠡᠰ᠎ᠲᠤ ᠬᠦᠷᠦᠭᠦᠯᠵᠦ᠍᠂ ᠠᠮᠤᠷ ᠲᠦᠪᠱᠢᠨ᠎ᠤ ᠴᠢᠳᠠᠮᠵᠢ᠂ ᠭᠠᠵᠠᠷ ᠬᠥᠳᠡᠯᠦᠯᠲᠡ᠎ᠲᠠᠢ ᠲᠡᠮᠡᠴᠡᠵᠦ ᠭᠠᠮᠰᠢᠭ᠎ᠢ ᠡᠰᠡᠷᠭᠦᠴᠡᠬᠦ ᠴᠢᠳᠠᠪᠤᠷᠢ᠎ᠶ᠋ᠢ ᠶᠡᠭᠡ᠎ᠪᠠᠷ ᠳᠡᠭᠡᠭ᠌ᠰᠢᠯᠡᠭᠦᠯᠪᠡ᠃

ᠡᠨᠡ ᠪᠣᠯ ᠡᠨᠡ ᠵᠢᠯ ᠮᠠᠨ᠎ᠤ ᠣᠷᠣᠨ᠎ᠤ ᠬᠥᠳᠡᠭᠡ ᠲᠣᠰᠭᠤᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭᠠᠯᠠᠬᠤ ᠪᠠ ᠨᠤᠷᠠᠬᠤ ᠠᠶᠤᠯᠲᠠᠶ ᠬᠥᠭᠦᠷᠭᠡ᠎ᠶ᠋ᠢ ᠥᠭᠡᠷᠡᠴᠢᠯᠡᠨ ᠪᠠᠢᠭᠤᠯᠤᠭ᠍ᠰᠠᠨ ᠬᠤᠷᠢᠶᠠᠩᠭᠤᠶ ᠳᠦᠷᠰᠦ ᠪᠣᠯᠤᠨ᠎ᠠ᠃

ᠡᠨᠡ ᠵᠢᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠨᠢ 《ᠬᠦᠳᠡᠭᠡ ᠲᠤᠰᠬᠤᠨ᠎ᠤ ᠳᠦᠷᠪᠡᠨ ᠰᠠᠢᠨᠲᠠᠢ ᠵᠠᠮ》 ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠡᠯ᠎ᠡ ᠭᠠᠵᠠᠷ᠎ᠤᠨ᠎ᠬᠢᠨ᠎ᠢ ᠱᠢᠮᠳᠠᠭᠤᠯᠵᠤ ᠪᠠᠢᠭᠠᠳ ᠬᠦᠳᠡᠭᠡ ᠲᠤᠰᠬᠤᠨ ᠮᠠᠯᠵᠢᠬᠤ ᠣᠷᠣᠨ᠎ᠤ ᠵᠠᠰᠠᠮᠠᠯ ᠵᠠᠮ᠎ᠤᠨ ᠪᠥᠲᠥᠭᠡᠨ ᠪᠠᠢᠭᠤᠯᠤᠯᠲᠠ ᠪᠠ ᠠᠷᠠᠴᠢᠯᠠᠨ ᠬᠠᠮᠠᠭᠠᠯᠠᠬᠤ ᠠᠵᠢᠯ᠎ᠢ ᠲᠦᠷᠭᠡᠳᠭᠡᠨ ᠠᠬᠢᠭᠤᠯᠵᠤ᠂ ᠬᠥᠳᠡᠭᠡ ᠲᠣᠰᠭᠤᠨ᠎ᠤ ᠵᠠᠰᠠᠮᠠᠯ ᠵᠠᠮ᠎ᠤᠨ ᠠᠮᠤᠷ ᠲᠦᠪᠱᠢᠨ᠎ᠤ ᠳᠠᠯᠳᠠ ᠬᠡᠮ᠎ᠢ ᠬᠦᠴᠦᠯᠡᠨ ᠠᠷᠢᠯᠭᠠᠵᠤ᠂ ᠵᠠᠰᠠᠮᠠᠯ ᠵᠠᠮ᠎ᠤᠨ ᠠᠮᠤᠷ ᠲᠦᠪᠱᠢᠨ᠎ᠤ ᠬᠠᠮᠠᠭᠠᠯᠠᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠂ 《ᠭᠠᠳᠠᠭᠠᠳᠤ᠎ᠲᠠᠢ ᠬᠣᠯᠪᠣᠭᠠᠯᠠᠵᠤ ᠳᠣᠲᠣᠭᠠᠳᠤ᠎ᠳᠤ᠎ᠪᠠᠨ ᠰᠠᠭᠠᠳ ᠦᠭᠡᠢ ᠨᠡᠪᠲᠡᠷᠡᠬᠦ᠂ ᠠᠵᠤ ᠦᠢᠯᠡᠰ ᠠᠭᠤᠰᠤᠯᠴᠠᠬᠤ》 ᠬᠦᠳᠡᠭᠡ ᠲᠤᠰᠬᠤᠨ ᠮᠠᠯᠵᠢᠬᠤ ᠲᠠᠷᠢᠶᠠᠯᠠᠬᠤ ᠣᠷᠣᠨ᠎ᠤ ᠵᠠᠮ ᠬᠠᠷᠢᠯᠴᠠᠭᠠᠨ᠎ᠤ ᠲᠣᠣᠷ ᠰᠦᠯᠵᠢᠶ᠎ᠡ᠎ᠶᠢ ᠪᠠᠢᠭᠤᠯᠤᠨ᠎ᠠ᠃

ᠡᠨᠡ ᠵᠢᠯ᠂ ᠮᠠᠨ᠎ᠤ ᠣᠷᠣᠨ ᠬᠦᠳᠡᠭᠡ ᠲᠤᠰᠬᠤᠨ ᠮᠠᠯᠵᠢᠬᠤ ᠣᠷᠣᠨ᠎ᠤ 5000 ᠺᠢᠯᠣᠮᠧᠲᠷ ᠵᠠᠰᠠᠮᠠᠯ ᠵᠠᠮ᠎ᠢ ᠠᠵᠢᠯ ᠡᠬᠢᠯᠡᠭᠦᠯᠦᠨ ᠪᠥᠲᠥᠭᠡᠨ ᠪᠠᠢᠭᠤᠯᠵᠤ᠂ 4005 ᠺᠢᠯᠣᠮᠧᠲᠷ᠎ᠤᠨ ᠪᠠᠷᠢᠯᠭ᠎ᠠ᠎ᠶ᠋ᠢ ᠳᠠᠭᠤᠰᠭᠠᠬᠤ᠎ᠪᠠᠷ ᠲᠦᠯᠦᠪᠯᠡᠭᠰᠡᠨ ᠪᠠᠢ᠌ᠨ᠎ᠠ᠃ 11 ᠳ᠋ᠦ᠍ᠭᠡᠷ ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠦ᠌ ᠣᠷᠣᠨ᠎ᠤ ᠬᠥᠳᠡᠭᠡ ᠲᠣᠰᠭᠤᠨ᠎ᠤ ᠵᠠᠰᠠᠮᠠᠯ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ 710 ᠲᠥᠷᠥᠯ ᠵᠦᠢᠯ᠎ᠢ ᠠᠵᠢᠯ ᠡᠬᠢᠯᠡᠭᠦᠯᠵᠦ᠍᠂ 6603 ᠺᠢᠯᠣᠮᠧᠲᠷ ᠪᠤᠯᠤᠨ᠎ᠠ᠂ ᠣᠨ᠎ᠤ ᠡᠭᠦᠷᠭᠡ ᠬᠠᠷᠠᠯᠲᠠ᠎ᠶ᠋ᠢᠨ 132.1% ᠎ᠶ᠋ᠢ ᠪᠡᠶᠡᠯᠡᠭᠦᠯᠵᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 19.1% ᠎ᠪᠠᠷ ᠨᠡᠮᠡᠭ᠌ᠳᠡᠪᠡ; 493 ᠲᠥᠷᠥᠯ ᠵᠦᠢᠯ᠎ᠢ ᠳᠠᠭᠤᠰᠬᠠᠵᠤ᠂ 4441 ᠺᠢᠯᠣᠮᠧᠲᠷ ᠪᠣᠯᠤᠨ᠎ᠠ᠂ ᠣᠨ᠎ᠤ ᠡᠭᠦᠷᠭᠡ ᠬᠠᠷᠠᠯᠲᠠ᠎ᠶ᠋ᠢᠨ 110.9% ᠎ᠶ᠋ᠢ ᠪᠡᠶᠡᠯᠡᠭᠦᠯᠵᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 10.9% ᠎ᠪᠠᠷ ᠳᠡᠭᠡᠭᠰᠢᠯᠡᠪᠡ᠃

2025 ᠣᠨ᠎ᠳᠤ᠂ ᠮᠠᠨ᠎ᠤ ᠣᠷᠣᠨ 155 ᠰᠠᠥᠷᠢ ᠨᠤᠷᠠᠬᠤ ᠠᠶᠤᠯᠲᠠᠢ ᠬᠥᠭᠦᠷᠭᠡ᠎ᠶ᠋ᠢ ᠥᠭᠡᠷᠡᠴᠢᠯᠡᠬᠦ᠌ ᠲᠥᠷᠥᠯ ᠵᠦᠢᠯ᠎ᠢ ᠬᠡᠷᠡᠭᠵᠢᠭᠦᠯᠬᠦ᠎ᠪᠡᠷ ᠲᠦᠯᠦᠪᠯᠡᠭᠰᠡᠨ ᠪᠠᠢ᠌ᠨ᠎ᠠ᠃ 11 ᠳ᠋ᠦ᠍ᠭᠡᠷ ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠦ᠌ ᠣᠷᠣᠨ᠎ᠳᠤ ᠨᠢᠭᠡᠨᠲᠡ 190 ᠲᠥᠷᠥᠯ ᠵᠦᠢᠯ᠎ᠢ ᠠᠵᠢᠯ ᠡᠬᠢᠯᠡᠭᠦᠯᠵᠦ᠍᠂ 7607 ᠮᠧᠲᠷ ᠣᠷᠳᠣᠳᠭᠠᠵᠤ᠂ 156 ᠲᠥᠷᠥᠯ ᠵᠦᠢᠯ᠎ᠢ ᠳᠠᠭᠤᠰᠭᠠᠵᠤ᠂ 5867 ᠮᠧᠲᠷ ᠤᠷᠲᠤᠳᠭᠠᠪᠠ᠃ ᠠᠮᠢ ᠨᠠᠰᠤᠨ᠎ᠤ ᠠᠮᠤᠷ ᠲᠦᠪᠱᠢᠨ᠎ᠤ ᠬᠠᠮᠠᠭᠠᠯᠠᠯᠲᠠ᠎ᠶ᠋ᠢᠨ ᠢᠨᠵᠧᠨᠧᠷᠢᠩ᠎ᠤᠨ ᠲᠠᠯ᠎ᠠ᠎ᠪᠠᠷ᠂ ᠨᠢᠭᠡᠨᠲᠡ 277 ᠲᠥᠷᠥᠯ ᠵᠦᠢᠯ᠎ᠢ ᠠᠵᠢᠯ ᠡᠬᠢᠯᠡᠭᠦᠯᠵᠦ᠍᠂ 639 ᠺᠢᠯᠣᠮᠧᠲᠷ ᠪᠣᠯᠤᠨ᠎ᠠ᠂ 276 ᠲᠥᠷᠥᠯ ᠵᠦᠢᠯ᠎ᠢ ᠳᠠᠭᠤᠰᠬᠠᠵᠤ᠂ 637 ᠺᠢᠯᠣᠮᠧᠲᠷ ᠪᠤᠯᠤᠨ᠎ᠠ᠃ ᠠᠷᠠᠴᠢᠯᠠᠨ ᠬᠠᠮᠠᠭᠠᠯᠠᠬᠤ ᠢᠨᠵᠧᠨᠧᠷᠢᠩ᠎ᠤᠨ ᠲᠠᠯ᠎ᠠ᠎ᠪᠠᠷ᠂ ᠨᠢᠭᠡᠨᠲᠡ 1361 ᠲᠥᠷᠥᠯ ᠵᠦᠢᠯ᠎ᠢ ᠠᠵᠢᠯ ᠡᠬᠢᠯᠡᠭᠦᠯᠵᠦ᠍᠂ 7375 ᠺᠢᠯᠣᠮᠧᠲᠷ ᠪᠠᠢ᠌ᠵᠦ᠂ 1295 ᠲᠥᠷᠥᠯ ᠵᠦᠢᠯ᠎ᠢ ᠠᠵᠢᠯ ᠳᠠᠭᠤᠰᠭᠠᠵᠤ᠂ 7151 ᠺᠢᠯᠣᠮᠧᠲᠷ ᠪᠣᠯᠤᠨ᠎ᠠ᠂ ᠣᠨ᠎ᠤ ᠡᠭᠦᠷᠭᠡ ᠬᠠᠷᠠᠯᠲᠠ᠎ᠶ᠋ᠢᠨ 131% ᠎ᠶ᠋ᠢ ᠪᠡᠶᠡᠯᠡᠭᠦᠯᠪᠡ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            