12 ᠳ᠋ᠤᠭ᠋ᠠᠷ ᠰᠠᠷ᠎ᠠ᠎ᠶᠢᠨ 23 ᠤ ᠡᠳᠦᠷ᠂ D4667 ᠡᠭᠡᠯᠵᠢ ᠶᠢᠨ ᠬᠥᠳᠡᠯᠭᠡᠭᠦᠷᠲᠦ ᠲᠡᠷᠭᠡᠨ ᠴᠤᠭᠴᠠᠯᠠᠪᠤᠷᠢ ᠭᠠᠯᠲᠦ ᠲᠡᠷᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ᠎ᠶᠢᠨ ᠪᠤᠭᠤᠲᠤ ᠥᠷᠲᠡᠭᠡ᠎ᠡᠴᠡ ᠮᠣᠷᠳᠠᠬᠤ᠎ᠶᠢ ᠳᠠᠭᠠᠯᠳᠤᠨ᠂ ᠪᠤᠭᠤᠲᠤ᠎ᠠᠴᠠ ᠢᠷᠭᠠᠢ ᠬᠦᠷᠬᠦ᠌ ᠲᠦᠷᠭᠡᠨ᠎ᠦ ᠲᠡᠮᠦᠷ ᠵᠠᠮ᠎ᠤᠨ ᠪᠤᠭᠤᠲᠤ᠎ᠠᠴᠠ ᠬᠤᠢ ᠨᠦᠩ ᠬᠦᠷᠬᠦ᠌ ᠬᠡᠰᠡᠭ ᠵᠢᠩᠬᠢᠨᠢ᠎ᠪᠡᠷ ᠪᠠᠢᠭᠤᠯᠤᠭᠳᠠᠵᠤ ᠲᠡᠷᠭᠡ ᠨᠡᠪᠲᠡᠷᠡᠭᠰᠡᠨ᠎ᠢ ᠬᠠᠷᠠᠭᠤᠯᠵᠤ ᠪᠠᠢᠨ᠎ᠠ᠃ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠦ ᠲᠡᠮᠦᠷ ᠵᠠᠮ ᠪᠦᠬᠦ ᠱᠤᠭᠤᠮ᠎ᠢᠶᠠᠷ ᠠᠰᠢᠭᠯᠠᠯᠲᠠ᠎ᠳᠤ ᠤᠷᠤᠵᠦ ᠨᠡᠪᠲᠡᠷᠡᠬᠦ᠎ᠶᠢ ᠪᠡᠶᠡᠯᠡᠭᠦᠯᠵᠦ᠂ ᠮᠠᠨ᠎ᠤ ᠤᠯᠤᠰ᠎ᠤᠨ 《ᠨᠠᠢ᠍ᠮᠠᠨ ᠭᠤᠯᠳᠤ ᠨᠠᠢ᠍ᠮᠠᠨ ᠬᠥᠨᠳᠡᠯᠡᠨ》 ᠲᠦᠷᠭᠡᠨ᠎ᠦ ᠲᠡᠮᠦᠷ ᠵᠠᠮ᠎ᠤᠨ ᠲᠣᠣᠷ᠎ᠤᠨ ᠪᠡᠭᠡᠵᠢᠩ᠎ᠡᠴᠡ ᠯᠠᠨᠵᠧᠦ ᠬᠦᠷᠬᠦ ᠨᠡᠪᠲᠡᠷᠡᠯ ᠵᠠᠮ ᠲᠡᠷᠭᠡ ᠨᠡᠪᠲᠡᠷᠡᠵᠦ᠂ ᠰᠢᠨ᠎ᠡ ᠴᠠᠭ ᠦᠶ᠎ᠡ᠎ᠳᠡᠬᠢ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ᠎ᠳᠦ ᠰᠢᠨ᠎ᠡ ᠬᠥᠳᠡᠯᠭᠡᠬᠦ ᠬᠦᠴᠦᠨ᠎ᠢ ᠨᠡᠮᠡᠷᠢᠯᠡᠪᠡ᠃




