ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠥᠪᠥᠷ ᠮᠣᠩᠭᠤᠯ᠄ ᠭᠤᠷᠪᠠᠨ ᠵᠦᠶ᠋ᠯ᠎ᠤᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠠᠵᠢᠯ᠎ᠤᠨ ᠵᠦᠭ᠌ᠯᠡᠭᠦᠷ᠎ᠢ ᠨᠡᠢᠲᠡᠯᠡᠵᠦ᠍ ᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠱᠢᠰᠲ᠋ᠧᠮ᠎ᠲᠠᠢ᠎ᠪᠠᠷ ᠠᠬᠢᠭᠤᠯᠵᠤ ᠪᠤᠢ
ᠨᠡᠶ᠋ᠢᠲᠡᠯᠡᠭᠰᠡᠨ ᠴᠠᠭ᠄ 2025-12-29

12 ᠳ᠋ᠤᠭ᠋ᠠᠷ ᠰᠠᠷ᠎ᠠ᠎ᠶᠢᠨ 23 ᠎ᠤ᠋ ᠡᠳᠦᠷ᠂ ᠥᠪᠥᠷ ᠮᠣᠩᠭᠣᠯ᠎ᠤ᠋ᠨ ᠥᠪᠡᠷᠲᠡᠭᠡᠨ ᠵᠠᠰᠠᠬᠤ ᠣᠷᠣᠨ ᠬᠣᠲᠠ᠎ᠶᠢᠨ ᠣᠯᠠᠨ ᠨᠡᠢᠲᠡ᠎ᠶᠢᠨ ᠵᠠᠮ ᠬᠠᠷᠢᠯᠴᠠᠭᠠᠨ᠎ᠤ᠋ ᠭᠤᠷᠪᠠᠨ ᠵᠦᠢᠯ᠎ᠦ᠋ᠨ ᠠᠵᠢᠯ᠎ᠤ᠋ᠨ ᠵᠦᠭ᠌ᠯᠡᠭᠦᠷ᠎ᠢ᠋ ᠵᠢᠩᠬᠢᠨᠢ᠎ᠪᠡᠷ ᠳᠠᠷᠤᠮᠠᠯᠯᠠᠨ ᠲᠠᠷᠬᠠᠭᠠᠵᠤ᠂ ᠠᠵᠢᠯ ᠲᠥᠷᠥᠯ᠎ᠦ᠋ᠨ ᠬᠥᠭ᠌ᠵᠢᠯᠲᠡ᠎ᠶᠢ ᠰᠢᠰᠲ᠋ᠧᠮ᠎ᠲᠡᠢ ᠵᠢᠷᠤᠮᠵᠢᠭᠤᠯᠤᠨ᠂ ᠦᠢᠯᠡᠴᠢᠯᠡᠭᠡᠨ᠎ᠦ᠌ ᠪᠠᠲᠤᠯᠠᠭ᠎ᠠ᠎ᠶᠢᠨ ᠴᠢᠳᠠᠪᠤᠷᠢ᠎ᠶᠢ ᠳᠡᠭᠡᠭ᠌ᠱᠢᠯᠡᠭᠦᠯᠵᠦ᠍᠂ ᠬᠣᠲᠠ᠎ᠶᠢᠨ ᠣᠯᠠᠨ ᠨᠡᠢᠲᠡ᠎ᠶᠢᠨ ᠵᠠᠮ ᠬᠠᠷᠢᠯᠴᠠᠭᠠᠨ᠎ᠤ᠋ ᠨᠡᠩ ᠴᠢᠨᠠᠷ ᠰᠠᠢᠲᠠᠢ᠂ ᠨᠡᠩ ᠦᠷᠭᠦᠯᠵᠢᠯᠡᠨ ᠬᠥᠭ᠌ᠵᠢᠬᠦ᠌᠎ᠶᠢ ᠲᠦᠯᠬᠢᠨ ᠠᠬᠢᠭᠤᠯᠵᠤ ᠪᠠᠢ᠌ᠨ᠎ᠠ᠃

《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠪᠠ ᠴᠠᠬᠢᠯᠭᠠᠨ ᠲᠡᠷᠭᠡᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠥᠪᠡᠷ᠎ᠤᠨ ᠥᠷᠲᠡᠭ᠎ᠤᠨ ᠲᠣᠭᠠᠴᠠᠭ᠎ᠠ ᠬᠢᠬᠦ᠌ ᠪᠠ ᠨᠡᠮᠡᠭᠦᠷᠢ ᠥᠭ᠌ᠬᠦ ᠲᠦᠯᠦᠪᠦᠷᠢᠯᠡᠬᠦ ᠠᠵᠢᠯ᠎ᠤᠨ ᠵᠦᠭ᠌ᠯᠡᠭᠦᠷ (ᠲᠤᠷᠱᠢᠨ ᠬᠡᠷᠡᠭ᠌ᠵᠢᠭᠦᠯᠬᠦ᠌)》᠂ ᠡᠵᠡᠩᠨᠡᠯᠲᠡ᠎ᠶ᠋ᠢᠨ ᠥᠪᠡᠷ᠎ᠤᠨ ᠥᠷᠲᠡᠭ᠎ᠤᠨ ᠲᠣᠭᠠᠴᠠᠭ᠎ᠠ ᠬᠢᠭᠡᠳ ᠡᠳ᠋᠎ᠤᠨ ᠵᠠᠰᠠᠭ᠎ᠤᠨ ᠨᠡᠮᠡᠭᠦᠷᠢ ᠥᠭ᠌ᠬᠦ ᠲᠦᠯᠦᠪᠦᠷᠢᠯᠡᠬᠦ ᠲᠣᠭ᠍ᠲᠠᠴᠠ᠎ᠶ᠋ᠢ ᠬᠦᠴᠦᠯᠡᠨ ᠪᠠᠢᠭᠤᠯᠤᠨ ᠪᠦᠷᠢᠨᠱᠢᠬᠦᠯᠵᠦ᠍᠂ ᠡᠯ᠎ᠡ ᠭᠠᠵᠠᠷ᠎ᠤᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠥᠪᠡᠷ᠎ᠤᠨ ᠥᠷᠲᠡᠭ᠎ᠢ ᠱᠢᠨᠵᠢᠯᠡᠬᠦ᠌ ᠤᠬᠠᠭᠠᠨᠴᠢ᠎ᠪᠠᠷ ᠬᠢᠨᠠᠨ ᠲᠣᠭ᠍ᠲᠠᠭᠠᠬᠤ᠎ᠶ᠋ᠢ ᠵᠢᠯᠣᠭᠤᠳᠭᠤ᠎ᠶ᠋ᠢᠨ ᠬᠠᠮᠲᠤ ᠦᠢᠯᠡᠴᠢᠯᠡᠭᠡᠨ᠎ᠤ ᠶᠠᠰᠤ ᠴᠢᠨᠠᠷ᠎ᠤᠨ ᠦᠨᠡᠯᠡᠯᠲᠡ᠎ᠶ᠋ᠢᠨ ᠦᠷ᠎ᠡ ᠳ᠋ᠦᠩ᠎ᠳᠤ ᠰᠠᠭᠤᠷᠢᠯᠠᠨ ᠵᠦᠷᠢᠶᠡᠴᠢᠯᠡᠭ᠌ᠰᠡᠨ ᠨᠡᠮᠡᠭᠦᠷᠢ ᠥᠭ᠌ᠬᠦ᠎ᠶ᠋ᠢ ᠬᠡᠷᠡᠭ᠌ᠵᠢᠭᠦᠯᠵᠦ᠍᠂ ᠣᠯᠠᠨ ᠨᠡᠢᠲᠡ᠎ᠶ᠋ᠢᠨ ᠡᠳ᠋᠎ᠤᠨ ᠵᠠᠰᠠᠭ᠎ᠤᠨ ᠪᠠᠯᠠ ᠮᠥᠩᠭᠦ᠎ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠠᠵᠤ ᠠᠬᠤᠢᠯᠠᠯ᠎ᠤᠨ ᠦᠷᠭᠦᠯᠵᠢᠯᠡᠨ ᠡᠵᠡᠩᠨᠡᠬᠦ᠌᠎ᠶ᠋ᠢ ᠪᠠᠲᠤᠯᠠᠵᠤ᠂ ᠤᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡ᠎ᠶᠢ ᠪᠦᠲᠦᠮᠵᠢᠲᠡᠶ ᠬᠠᠩᠭᠠᠬᠤ᠎ᠶᠢ ᠦᠨᠡᠨ ᠬᠦ᠌ ᠪᠠᠲᠤᠯᠠᠨ᠎ᠠ᠃ 

 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠪᠠ ᠴᠠᠬᠢᠯᠭᠠᠨ ᠲᠡᠷᠭᠡᠨ᠎ᠦ ᠵᠠᠮ ᠱᠤᠭᠤᠮ᠎ᠤᠨ ᠣᠨᠴᠠ ᠵᠦᠪᠰᠢᠶᠡᠷᠡᠯ᠎ᠦᠨ ᠡᠵᠡᠩᠨᠡᠯᠲᠡ᠎ᠶ᠋ᠢᠨ ᠠᠵᠢᠯ᠎ᠤᠨ ᠵᠦᠭ᠌ᠯᠡᠭᠦᠷ ( ᠲᠤᠷᠱᠢᠨ ᠬᠡᠷᠡᠭ᠌ᠵᠢᠭᠦᠯᠬᠦ᠌)》᠂ ᠵᠠᠮ ᠱᠤᠭᠤᠮ᠎ᠤᠨ ᠣᠨᠴᠠ ᠵᠦᠪᠰᠢᠶᠡᠷᠡᠯ᠎ᠦᠨ ᠡᠵᠡᠩᠨᠡᠯᠲᠡ᠎ᠶ᠋ᠢᠨ ᠠᠵᠢᠯᠯᠠᠭ᠎ᠠ᠎ᠶ᠋ᠢ ᠭᠣᠤᠯᠳᠠᠯᠭ᠎ᠠ᠎ᠲᠠᠶ ᠵᠢᠷᠤᠮᠵᠢᠭᠤᠯᠵᠤ᠂ ᠵᠠᠬ᠎ᠠ ᠳᠡᠯᠭᠡᠭᠦᠷ᠎ᠲᠦ ᠣᠷᠣᠬᠤ᠎ᠶ᠋ᠢ ᠵᠥᠪᠱᠢᠶᠡᠷᠡᠬᠦ᠌᠎ᠡᠴᠡ ᠬᠡᠯᠡᠯᠴᠡᠭᠡᠷ᠎ᠢᠶᠡᠷ ᠬᠠᠮᠢᠶᠠᠷᠬᠤ ᠬᠦᠷᠲᠡᠯᠡᠬᠢ ᠴᠤᠪᠤᠷᠠᠯ᠎ᠤᠨ ᠳᠡᠰ ᠳᠠᠷᠠᠭᠠᠯᠠᠯ ᠬᠢᠭᠡᠳ ᠱᠠᠭᠠᠷᠳᠠᠯᠭ᠎ᠠ᠎ᠶ᠋ᠢ ᠲᠣᠳᠣᠷᠬᠠᠢᠯᠠᠵᠤ᠂ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠵᠠᠬ᠎ᠠ ᠳᠡᠯᠭᠡᠭᠦᠷᠴᠢᠯᠡᠨ ᠠᠵᠢᠯᠯᠠᠬᠤ᠎ᠳᠤ ᠲᠣᠳᠣᠷᠬᠠᠶ ᠵᠢᠷᠤᠮᠵᠢᠭ᠍ᠰᠠᠨ ᠳᠦᠷᠢᠮ᠎ᠦᠨ ᠦᠨᠳᠦᠰᠦ ᠪᠠᠷᠢᠮᠲᠠ᠎ᠶᠢ ᠬᠠᠩᠭ᠋ᠠᠨ᠎ᠠ᠃

 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ᠎ᠶ᠋ᠢᠨ ᠨᠡᠢᠲᠡ᠎ᠶ᠋ᠢᠨ ᠮᠠᠱᠢᠨ ᠲᠡᠷᠭᠡ ᠪᠠ ᠴᠠᠬᠢᠯᠭᠠᠨ ᠮᠠᠱᠢᠨ ᠲᠡᠷᠭᠡᠨ᠎ᠤ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠦᠢᠯᠡᠴᠢᠯᠡᠭᠡᠨ᠎ᠤ ᠶᠠᠰᠤ ᠴᠢᠨᠠᠷ᠎ᠢ ᠦᠨᠡᠯᠡᠬᠦ᠌ ᠠᠵᠢᠯ᠎ᠤᠨ ᠵᠦᠭ᠌ᠯᠡᠭᠦᠷ (ᠲᠤᠷᠱᠢᠨ ᠬᠡᠷᠡᠭ᠌ᠵᠢᠭᠦᠯᠬᠦ᠌)》 ᠎ᠨᠢ ᠱᠢᠨᠵᠢᠯᠡᠬᠦ᠌ ᠤᠬᠠᠭᠠᠨᠴᠢ ᠦᠢᠯᠡᠴᠢᠯᠡᠭᠡᠨ᠎ᠤ ᠶᠠᠰᠤ ᠴᠢᠨᠠᠷ᠎ᠤᠨ ᠬᠠᠮᠢᠶᠠᠷᠤᠯᠲᠠ ᠬᠢᠭᠡᠳ ᠦᠨᠡᠯᠡᠯᠲᠡ᠎ᠶ᠋ᠢᠨ ᠲᠤᠭᠲᠠᠯᠴᠠᠭ᠎ᠠ᠎ᠶᠢ ᠪᠠᠢᠭᠤᠯᠵᠤ᠂ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠦᠢᠯᠡᠴᠢᠯᠡᠭᠡᠨ᠎ᠤ ᠶᠠᠰᠤ ᠴᠢᠨᠠᠷ᠎ᠲᠤ ᠲᠣᠭ᠍ᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠯᠲᠡ ᠬᠢᠬᠦ᠌᠎ᠪᠠᠷ ᠳᠠᠮᠵᠢᠭᠤᠯᠤᠨ᠂ ᠲᠡᠭᠦᠨ᠎ᠤ ᠦᠢᠯᠡᠴᠢᠯᠡᠭᠡᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ᠎ᠶ᠋ᠢ ᠠᠬᠢᠭᠤᠯᠵᠤ᠂ ᠣᠯᠠᠨ ᠨᠡᠢᠲᠡ᠎ᠶ᠋ᠢᠨ ᠶᠠᠪᠤᠵᠤ ᠰᠠᠭᠤᠬᠤ ᠬᠠᠨᠤᠮᠵᠢ᠎ᠶ᠋ᠢᠨ ᠬᠡᠮᠵᠢᠶ᠎ᠡ᠎ᠶ᠋ᠢ ᠳᠡᠭᠡᠭᠰᠢᠯᠡᠭᠦᠯᠦᠨ᠎ᠡ᠃

ᠭᠤᠷᠪᠠᠨ ᠵᠦᠭᠯᠡᠭᠦᠷ ᠨᠢ ᠬᠠᠷᠢᠯᠴᠠᠨ ᠬᠣᠯᠪᠤᠯᠳᠤᠬᠤ᠂ ᠬᠠᠮᠵᠢᠯᠴᠠᠬᠤ ᠦᠢᠯᠡᠳᠦᠯ᠎ᠲᠠᠢ ᠪᠠᠢᠵᠤ᠂ ᠪᠥᠬᠥ ᠣᠷᠣᠨ᠎ᠤ ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠪᠦᠬᠦᠯᠢ ᠴᠣᠭᠴᠠ᠎ᠶᠢᠨ ᠬᠥᠭᠵᠢᠯᠲᠡ᠎ᠶᠢᠨ ᠬᠢᠷᠢ ᠬᠡᠮᠵᠢᠶ᠎ᠡ᠎ᠶᠢ ᠳᠡᠭᠡᠭᠰᠢᠯᠡᠭᠦᠯᠬᠦ ᠶᠡᠷᠦᠩᠬᠡᠢ ᠬᠠᠷᠠᠯᠲᠠ᠎ᠳᠤ ᠬᠠᠮᠲᠤᠪᠠᠷ ᠦᠢᠯᠡᠴᠢᠯᠡᠨ᠎ᠡ ᠃ ᠡᠨᠡ ᠬᠦ᠌ ᠱᠢᠷᠢᠰ ᠳᠦᠷᠢᠮ ᠎ᠢ ᠪᠠᠢᠭᠤᠯᠬᠤ ᠪᠠ ᠲᠡᠭᠦᠯᠳᠡᠷᠵᠢᠭᠦᠯᠬᠦ᠌ ᠨᠢ ᠥᠪᠥᠷ ᠮᠣᠩᠭᠣᠯ᠎ᠤᠨ ᠬᠣᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠦᠢ᠍ᠯᠡᠴᠢᠯᠡᠭᠡ᠎ᠶᠢ ᠤᠯᠠᠮ ᠨᠢᠭᠡ ᠠᠯᠬᠤᠮ ᠵᠢᠷᠤᠮᠵᠢᠭᠤᠯᠬᠤ᠂ ᠨᠠᠷᠢᠯᠢᠭ᠍ᠵᠢᠭᠤᠯᠬᠤ ᠪᠠ ᠦᠷᠭᠦᠯᠵᠢᠯᠡᠨ ᠬᠥᠭ᠌ᠵᠢᠭᠦᠯᠬᠦ᠌ ᠲᠡᠢ᠌ᠰᠢ ᠲᠦᠯᠬᠢᠨ ᠠᠬᠢᠭᠤᠯᠬᠤ ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠤᠭᠤᠲᠤ᠎ᠡᠴᠡ ᠢᠷᠭᠠᠢ ᠬᠦᠷᠬᠦ᠌ ᠲᠦᠷᠭᠡᠨ᠎ᠤ ᠲᠡᠮᠦᠷ ᠵᠠᠮ ᠨᠡᠪᠲᠡᠷᠡᠪᠡ! ᠬᠡᠳᠦᠨ ᠪᠦᠯᠦᠭ ᠳ᠋ᠡᠢ᠌ᠲ᠋ᠠ ᠎ᠠᠴᠠ ᠲᠠᠨ᠎ᠢ ᠳᠠᠭ᠋ᠠᠭᠤᠯᠤᠨ ᠣᠢ᠌ᠯᠠᠭ᠋ᠠᠭᠤᠯᠤᠶ᠎ᠠ
ᠥᠪᠥᠷ ᠮᠣᠩᠭᠤᠯ᠎ᠤᠨ ᠨᠢᠭᠡ ᠤᠳᠠᠭ᠎ᠠ᠎ᠶ᠋ᠢᠨ ᠴᠢᠨᠠᠷᠲᠠᠢ᠎ᠪᠠᠷ ᠬᠠᠮᠤᠭ᠎ᠤᠨ ᠤᠷᠲᠤ ᠲᠦᠷᠭᠡᠨ᠎ᠦ ᠲᠡᠮᠦᠷ ᠵᠠᠮ ᠠᠰᠢᠭᠯᠠᠯᠲᠠ᠎ᠳᠤ ᠣᠷᠣᠵᠦ ᠲᠡᠷᠭᠡ ᠨᠡᠪᠲᠡᠷᠡᠪᠡ
ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠠᠳᠠᠭᠠᠳᠤ ᠨᠡᠭᠡᠭᠡᠯᠲᠡ ᠬᠢᠬᠦ᠌ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠤᠨ ᠡᠭᠦᠷᠭᠡ ᠤᠯᠤᠰ᠎ᠤᠨ ᠱᠢᠯᠭᠠᠨ ᠪᠠᠢᠴᠠᠭᠠᠯᠲᠠ᠎ᠳᠤ ᠪᠠᠲᠤᠯᠠᠭᠳᠠᠪᠠ
ᠪᠦᠬᠦ᠌ ᠤᠷᠤᠨ᠎ᠤ ᠬᠦᠳᠡᠭᠡ ᠲᠤᠰᠬᠤᠨ ᠮᠠᠯᠵᠢᠬᠤ ᠤᠷᠤᠨ᠎ᠤ ᠵᠠᠰᠠᠮᠠᠯ ᠵᠠᠮ᠎ᠤᠨ ᠪᠠᠷᠢᠯᠭ᠎ᠠ ᠡᠬᠢᠯᠡᠭ᠌ᠰᠡᠨ ᠤᠷᠳᠤ᠎ᠨᠢ 6603 ᠺᠢᠯᠤᠮᠧᠲᠷ᠎ᠲᠤ ᠬᠦᠷᠪᠡ
ᠮᠠᠨ᠎ᠤ ᠣᠷᠣᠨ᠎ᠤ ᠠᠩᠬᠠᠳᠠᠭ᠍ᠴᠢ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠤᠷᠰᠢᠯᠲᠠ᠎ᠶᠢᠨ ᠡᠭᠦᠷᠭᠡ ᠰᠢᠯᠭᠠᠨ ᠪᠠᠢᠴᠠᠭᠠᠯᠲᠠ᠎ᠳᠤ ᠬᠢᠷᠢ ᠲᠡᠩᠴᠡᠪᠡ
 
            