ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
S43 ᠬᠥᠬᠡᠬᠤᠲᠠ᠎ᠶ᠋ᠢᠨ ᠨᠢᠰᠭᠡᠯ᠎ᠤᠨ ᠪᠠᠭᠤᠳᠠᠯ᠎ᠤᠨ ᠲᠦᠷᠭᠡᠨ᠎ᠤ ᠵᠠᠰᠠᠮᠠᠯ ᠵᠠᠮ ᠲᠡᠷᠭᠡ ᠨᠡᠪᠲᠡᠷᠡᠪᠡ
ᠨᠡᠶ᠋ᠢᠲᠡᠯᠡᠭᠰᠡᠨ ᠴᠠᠭ᠄ 2025-12-31

2025 ᠣᠨ᠎ᠤ᠋ 12 ᠳ᠋ᠤᠭ᠋ᠠᠷ ᠰᠠᠷ᠎ᠠ᠎ᠶᠢᠨ 30 ᠎ᠤ᠋ ᠡᠳᠦᠷ᠂ S43 ᠬᠥᠬᠡᠬᠣᠲᠠ᠎ᠶᠢᠨ ᠨᠢᠰᠭᠡᠯ᠎ᠦ᠋ᠨ ᠪᠠᠭᠤᠳᠠᠯ᠎ᠤ᠋ᠨ ᠲᠦᠷᠭᠡᠨ᠎ᠤ ᠵᠠᠰᠠᠮᠠᠯ ᠵᠠᠮ ᠲᠡᠷᠭᠡ ᠨᠡᠪᠲᠡᠷᠡᠪᠡ᠃

ᠲᠥᠷᠥᠯ ᠵᠦᠢᠯ᠎ᠤᠨ ᠪᠥᠬᠦ᠌ ᠣᠷᠳᠣ᠎ᠨᠢ 29.435 ᠺᠢᠯᠣᠮᠧᠲᠷ᠂ ᠵᠠᠮ᠎ᠤᠨ ᠡᠬᠢᠯᠡᠯᠲᠡ᠎ᠶᠢᠨ ᠴᠡᠭ ᠨᠢ ᠨᠠᠨ ᠬᠤ᠌ ᠨᠠᠭᠤᠷ᠎ᠤᠨ ᠨᠤᠭᠤ ᠭᠠᠵᠠᠷ᠎ᠤᠨ ᠴᠡᠴᠡᠷᠯᠢᠭ᠎ᠤᠨ ᠪᠠᠷᠠᠭᠤᠨ ᠵᠠᠮ ᠪᠠ ᠦᠬᠠᠶ᠎ᠶ᠋ᠢᠨ ᠶᠡᠭᠡ ᠵᠡᠭᠡᠯᠢ᠎ᠶ᠋ᠢᠨ ᠠᠭᠤᠯᠵᠠᠷ᠎ᠤᠨ ᠭᠠᠵᠠᠷ᠎ᠤᠨ ᠦᠬᠠᠶ᠎ᠶ᠋ᠢᠨ ᠶᠡᠭᠡ ᠵᠡᠭᠡᠯᠢ᠎ᠶ᠋ᠢᠨ ᠡᠮᠦᠨ᠎ᠡ ᠲᠠᠯ᠎ᠠ᠎ᠳᠤ ᠪᠠᠢᠷᠢᠯᠠᠵᠤ᠂ ᠭᠤᠷᠪᠠᠳᠤᠭᠠᠷ ᠲᠣᠭᠤᠷᠢᠯ ᠲᠦᠷᠭᠡᠨ᠎ᠤ ᠵᠠᠮ᠂ ᠶᠡᠭᠡ ᠲᠦᠷᠭᠡᠨ ᠭᠣᠣᠯ᠂ ᠬᠤᠲᠠ᠎ᠶ᠋ᠢ ᠲᠣᠭᠤᠷᠢᠭ᠍ᠰᠠᠨ ᠲᠦᠷᠭᠡᠨ᠎ᠦ ᠵᠠᠮ᠂ ᠪᠡᠭᠡᠵᠢᠩ᠎ᠡᠴᠡ ᠪᠤᠭᠤᠲᠤ ᠬᠦᠷᠬᠦ ᠲᠡᠮᠦᠷ ᠵᠠᠮ᠂  ᠰᠢᠷᠬᠤᠰᠤ ᠭᠤᠤᠯ᠂ ᠬᠤᠷᠢᠨᠭᠡᠷ ᠱᠢᠨ᠎ᠡ ᠲᠣᠭᠤᠷᠢᠭ᠂ ᠰᠠᠷᠠᠴᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠂ ᠱᠢᠨ᠎ᠡ ᠨᠢᠰᠭᠡᠯ᠎ᠤᠨ ᠪᠠᠭᠤᠳᠠᠯ᠎ᠢᠶᠠᠷ ᠦᠩᠭᠡᠷᠡᠵᠦ᠂ ᠡᠴᠦᠰ᠎ᠤᠨ ᠴᠡᠭ᠎ᠨᠢ ᠨᠢᠰᠭᠡᠯ᠎ᠤᠨ ᠪᠠᠭᠤᠳᠠᠯ᠎ᠤᠨ ᠬᠠᠷᠢᠯᠴᠠᠨ ᠨᠡᠪᠲᠡᠷᠡᠬᠦ  ᠵᠠᠮ ᠎ᠤᠨ ᠡᠮᠦᠨ᠎ᠡ ᠲᠠᠯ᠎ᠠ᠎ᠳᠤ ᠪᠠᠢ᠌ᠷᠢᠯᠠᠵᠤ ᠪᠤᠢ᠃ ᠲᠥᠷᠥᠯ ᠵᠦᠢᠯ᠎ᠤᠨ ᠭᠤᠤᠯ ᠱᠤᠭᠤᠮ᠎ᠢ ᠬᠤᠤᠰ ᠴᠢᠭ᠌ᠯᠡᠯᠲᠦ ᠨᠠᠢ᠍ᠮᠠᠨ ᠲᠡᠷᠭᠡᠨ ᠵᠠᠮ᠎ᠤᠨ ᠲᠦᠷᠭᠡᠨ᠎ᠦ ᠵᠠᠰᠠᠮᠠᠯ ᠵᠠᠮ᠎ᠤᠨ ᠪᠠᠷᠢᠮᠵᠢᠶ᠎ᠠ᠎ᠪᠠᠷ ᠲᠥᠯᠥᠪᠯᠡᠵᠦ᠍᠂ ᠴᠠᠭ᠎ᠤᠨ ᠬᠤᠷᠳᠤᠴᠠ᠎ᠨᠢ 120km/h ᠪᠠᠢᠵᠤ᠂ ᠪᠥᠬᠦ᠌ ᠱᠤᠭᠤᠮ᠎ᠳᠤ ᠭᠤᠷᠪᠠᠳᠤᠭᠠᠷ ᠲᠣᠭᠤᠷᠢᠯ ᠵᠠᠮ᠂ ᠰᠢᠪᠡᠭᠡ᠂ ᠰᠠᠷᠠᠴᠢᠨ᠂ ᠨᠢᠰᠭᠡᠯ᠎ᠤᠨ ᠪᠠᠭᠤᠳᠠᠯ ᠵᠡᠷᠭᠡ ᠨᠡᠢᠲᠡ 4 ᠭᠠᠵᠠᠷ᠎ᠤᠨ ᠬᠠᠷᠢᠯᠴᠠᠨ ᠨᠡᠪᠲᠡᠷᠡᠬᠦ ᠪᠤᠰᠤᠭ᠎ᠠ ᠴᠣᠭᠴᠠᠲᠤ ᠵᠠᠮ ᠬᠠᠷᠢᠯᠴᠠᠭ᠎ᠠ ᠪᠤᠢ᠃

S43 ᠬᠥᠬᠡᠬᠤᠲᠠ᠎ᠶ᠋ᠢᠨ ᠨᠢᠰᠭᠡᠯ᠎ᠤᠨ ᠪᠠᠭᠤᠳᠠᠯ᠎ᠤᠨ ᠲᠦᠷᠭᠡᠨ᠎ᠦ ᠵᠠᠰᠠᠮᠠᠯ ᠵᠠᠮ ᠪᠣᠯ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠂ ᠲᠡᠷᠡ ᠨᠢ ᠬᠥᠬᠡᠬᠤᠲᠠ᠎ᠶ᠋ᠢᠨ ᠬᠤᠲᠠ᠎ᠶᠢᠨ ᠲᠤᠭᠤᠷᠢᠭ᠎ᠠᠴᠠ ᠬᠦᠬᠡᠬᠤᠲᠠ᠎ᠶᠢᠨ ᠱᠧᠩ ᠯᠧ ᠣᠯᠠᠨ ᠤᠯᠤᠰ᠎ᠤᠨ ᠨᠢᠰᠭᠡᠯ᠎ᠤᠨ ᠪᠠᠭᠤᠳᠠᠯ᠂ ᠬᠤᠷᠢᠨᠭᠡᠷ ᠱᠢᠨ᠎ᠡ ᠲᠣᠭᠤᠷᠢᠭ᠎ᠲᠤ ᠨᠡᠪᠲᠡᠷᠡᠬᠦ᠌ ᠲᠦᠷᠭᠡᠨ᠎ᠦ ᠵᠠᠰᠠᠮᠠᠯ ᠵᠠᠮ ᠪᠠᠢ᠌ᠵᠦ᠂ ᠣᠷᠣᠨ᠎ᠤ ᠲᠥᠪ᠎ᠤᠨ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠬᠦᠢ᠍ᠰᠦ ᠬᠤᠲᠠ᠎ᠶ᠋ᠢ ᠪᠠᠢᠭᠤᠯᠬᠤ᠂ ᠣᠷᠣᠨ ᠪᠦᠰᠡ᠎ᠶ᠋ᠢᠨ ᠨᠡᠢᠭᠡᠮ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠳᠠᠢᠴᠢᠯᠠᠬᠤ᠂ ᠪᠥᠬᠦ᠌ ᠣᠷᠣᠨ᠎ᠤ ᠲᠦᠷᠭᠡᠨ᠎ᠦ ᠵᠠᠰᠠᠮᠠᠯ ᠵᠠᠮ᠎ᠤᠨ ᠲᠣᠤᠷ᠎ᠤᠨ ᠪᠦᠲᠦᠴᠡ᠎ᠶ᠋ᠢ ᠲᠡᠭᠦᠯᠳᠡᠷᠵᠢᠭᠦᠯᠬᠦ᠂ ᠣᠷᠣᠨ ᠪᠦᠰᠡ᠎ᠶ᠋ᠢᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠄ ᠭᠤᠷᠪᠠᠨ ᠵᠦᠶ᠋ᠯ᠎ᠤᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠠᠵᠢᠯ᠎ᠤᠨ ᠵᠦᠭ᠌ᠯᠡᠭᠦᠷ᠎ᠢ ᠨᠡᠢᠲᠡᠯᠡᠵᠦ᠍ ᠬᠤᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠱᠢᠰᠲ᠋ᠧᠮ᠎ᠲᠠᠢ᠎ᠪᠠᠷ ᠠᠬᠢᠭᠤᠯᠵᠤ ᠪᠤᠢ
ᠪᠤᠭᠤᠲᠤ᠎ᠡᠴᠡ ᠢᠷᠭᠠᠢ ᠬᠦᠷᠬᠦ᠌ ᠲᠦᠷᠭᠡᠨ᠎ᠤ ᠲᠡᠮᠦᠷ ᠵᠠᠮ ᠨᠡᠪᠲᠡᠷᠡᠪᠡ! ᠬᠡᠳᠦᠨ ᠪᠦᠯᠦᠭ ᠳ᠋ᠡᠢ᠌ᠲ᠋ᠠ ᠎ᠠᠴᠠ ᠲᠠᠨ᠎ᠢ ᠳᠠᠭ᠋ᠠᠭᠤᠯᠤᠨ ᠣᠢ᠌ᠯᠠᠭ᠋ᠠᠭᠤᠯᠤᠶ᠎ᠠ
ᠥᠪᠥᠷ ᠮᠣᠩᠭᠤᠯ᠎ᠤᠨ ᠨᠢᠭᠡ ᠤᠳᠠᠭ᠎ᠠ᠎ᠶ᠋ᠢᠨ ᠴᠢᠨᠠᠷᠲᠠᠢ᠎ᠪᠠᠷ ᠬᠠᠮᠤᠭ᠎ᠤᠨ ᠤᠷᠲᠤ ᠲᠦᠷᠭᠡᠨ᠎ᠦ ᠲᠡᠮᠦᠷ ᠵᠠᠮ ᠠᠰᠢᠭᠯᠠᠯᠲᠠ᠎ᠳᠤ ᠣᠷᠣᠵᠦ ᠲᠡᠷᠭᠡ ᠨᠡᠪᠲᠡᠷᠡᠪᠡ
ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠭᠠᠳᠠᠭᠠᠳᠤ ᠨᠡᠭᠡᠭᠡᠯᠲᠡ ᠬᠢᠬᠦ᠌ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠤᠨ ᠡᠭᠦᠷᠭᠡ ᠤᠯᠤᠰ᠎ᠤᠨ ᠱᠢᠯᠭᠠᠨ ᠪᠠᠢᠴᠠᠭᠠᠯᠲᠠ᠎ᠳᠤ ᠪᠠᠲᠤᠯᠠᠭᠳᠠᠪᠠ
ᠪᠦᠬᠦ᠌ ᠤᠷᠤᠨ᠎ᠤ ᠬᠦᠳᠡᠭᠡ ᠲᠤᠰᠬᠤᠨ ᠮᠠᠯᠵᠢᠬᠤ ᠤᠷᠤᠨ᠎ᠤ ᠵᠠᠰᠠᠮᠠᠯ ᠵᠠᠮ᠎ᠤᠨ ᠪᠠᠷᠢᠯᠭ᠎ᠠ ᠡᠬᠢᠯᠡᠭ᠌ᠰᠡᠨ ᠤᠷᠳᠤ᠎ᠨᠢ 6603 ᠺᠢᠯᠤᠮᠧᠲᠷ᠎ᠲᠤ ᠬᠦᠷᠪᠡ
 
            