ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠲᠥᠷᠥᠯ ᠵᠦᠶ᠋ᠯ᠎ᠤᠨ ᠬᠢᠨᠠᠨ ᠵᠥᠪᠱᠢᠶᠡᠷᠡᠬᠦ᠌ ᠬᠣᠷᠢᠭ᠎ᠠ ᠴᠡᠭ᠎ᠤᠨ ᠲᠤᠰᠭᠠᠶ ᠠᠵᠢᠯᠯᠠᠭ᠎ᠠ᠎ᠶ᠋ᠢᠨ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢᠨ ᠲᠣᠭᠤᠷᠢᠨ᠎ᠳᠤ᠂ ᠲᠡᠷᠡ ᠳᠠᠷᠤᠶᠳᠤᠨᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠨᠠᠷᠢᠨ ᠨᠢᠮᠪᠠᠶ ᠪᠠᠢᠷᠢᠯᠠᠭᠤᠯᠤᠨ᠂ ᠲᠤᠰᠭᠠᠶ ᠠᠵᠢᠯᠯᠠᠭ᠎ᠠ᠎ᠶ᠋ᠢ ᠦᠳᠲᠡᠷ ᠲᠦᠷᠭᠡᠨ ᠡᠬᠢᠯᠡᠭᠦᠯᠵᠦ᠍᠂ 《ᠲᠦᠷᠭᠡᠨ ᠨᠠᠢᠳᠠᠪᠤᠷᠢᠵᠢᠭᠤᠯᠬᠤ᠂ ᠱᠢᠯᠢᠳᠡᠭ ᠦᠢᠯᠡᠴᠢᠯᠡᠭᠡ᠂ ᠬᠠᠷᠰᠢ ᠰᠠᠭ᠋ᠠᠳ᠎ᠢ ᠠᠷᠢᠯᠭ᠋ᠠᠬᠤ》 ᠪᠡᠷ ᠤᠳᠤᠷᠢᠳᠤᠮᠵᠢ ᠪᠣᠯᠭᠠᠨ᠂ ᠪᠥᠬᠦ᠌ ᠬᠡᠯᠬᠢᠶ᠎ᠡ᠎ᠪᠠᠷ ᠲᠤᠰᠭᠠᠶ ᠠᠵᠢᠯᠯᠠᠭ᠎ᠠ᠎ᠶ᠋ᠢ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠶ᠋ᠢ ᠠᠬᠢᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠲᠥᠰᠦᠯ᠎ᠳᠤ ᠲᠣᠳᠣᠷᠬᠠᠢᠯᠠᠭ᠍ᠰᠠᠨ 6 ᠵᠦᠢᠯ᠎ᠤᠨ ᠭᠤᠤᠯᠳᠠᠯᠭ᠎ᠠ᠎ᠲᠠᠢ ᠡᠭᠦᠷᠭᠡ᠎ᠲᠠᠢ ᠨᠢᠭ᠍ᠲᠠ ᠤᠶᠠᠯᠳᠤᠭᠤᠯᠤᠨ᠂ 42 ᠵᠦᠢᠯ᠎ᠤᠨ ᠲᠢᠩᠬᠢᠮ᠎ᠤᠨ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠦᠢᠯᠡᠰ᠎ᠢ ᠪᠥᠬᠦ᠌ ᠲᠠᠯ᠎ᠠ᠎ᠪᠠᠷ ᠡᠮᠬᠢᠯᠡᠵᠦ᠍᠂ ᠠᠵᠢᠯ᠎ᠤᠨ ᠲᠥᠰᠦᠯ᠎ᠢ ᠳᠠᠷᠤᠮᠠᠯᠯᠠᠨ ᠲᠠᠷᠬᠠᠭᠠᠪᠠ᠃ 《ᠪᠠᠭᠤᠯᠭᠠᠵᠤ ᠪᠣᠯᠬᠤ᠎ᠶ᠋ᠢ᠎ᠨᠢ ᠴᠥᠮ ᠪᠠᠭᠤᠯᠭᠠᠵᠤ᠂ ᠬᠠᠰᠤᠬᠤ ᠶᠣᠰᠣᠲᠠᠢ᠎ᠶ᠋ᠢ᠎ᠨᠢ ᠴᠥᠮ ᠬᠠᠰᠤᠬᠤ》 ᠵᠠᠷᠴᠢᠮ ᠶᠣᠰᠣᠭᠠᠷ᠂ ᠵᠠᠮ ᠬᠠᠮᠠᠭ᠋ᠠᠯᠠᠬᠤ ᠣᠢ᠎ᠶ᠋ᠢ ᠣᠭ᠍ᠲᠣᠯᠬᠤ᠎ᠶᠢ ᠬᠢᠨᠠᠨ ᠵᠥᠪᠱᠢᠶᠡᠷᠡᠬᠦ᠌ ᠵᠡᠷᠭᠡ ᠬᠠᠤᠯᠢ᠎ᠪᠠᠷ ᠲᠣᠭ᠍ᠲᠠᠭᠠᠭ᠍ᠰᠠᠨ ᠪᠤᠰᠤ ᠮᠤᠵᠢ᠎ᠶ᠋ᠢᠨ ᠱᠠᠲᠤᠨ᠎ᠤ ᠬᠡᠷᠡᠭ᠌ᠵᠢᠭᠦᠯᠬᠦ᠌ ᠵᠠᠰᠠᠭ ᠵᠠᠬᠢᠷᠭᠠᠨ᠎ᠤ ᠡᠷᠬᠡ᠎ᠶ᠋ᠢᠨ ᠵᠦᠢᠯᠡᠰ᠎ᠢ ᠬᠠᠤᠯᠢ ᠲᠣᠭ᠍ᠲᠠᠭᠠᠯ ᠶᠣᠰᠣᠭᠠᠷ ᠳᠣᠷᠣᠭ᠍ᠰᠢ ᠪᠠᠭᠤᠯᠭᠠᠬᠤ᠎ᠶ᠋ᠢ ᠲᠦᠯᠬᠢᠨ ᠠᠬᠢᠭᠤᠯᠤᠨ ᠰᠢᠨᠡᠳᠭᠡᠵᠦ᠂ ᠵᠠᠯᠭᠠᠭᠠᠳ ᠠᠢᠮᠠᠭ ᠬᠤᠲᠠ᠎ᠶ᠋ᠢᠨ ᠳᠠᠭᠠᠭᠠᠨ ᠠᠪᠬᠤ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠭᠠᠵᠤ᠂ ᠡᠷᠬᠡ᠎ᠶ᠋ᠢᠨ ᠵᠣᠯᠭᠠᠯᠲᠠ᠎ᠶ᠋ᠢᠨ ᠰᠠᠭᠠᠳ ᠦᠭᠡᠢ ᠨᠡᠪᠲᠡᠷᠡᠬᠦ᠌᠎ᠶ᠋ᠢ ᠦᠨᠡᠨ ᠬᠦ᠌ ᠪᠠᠲᠤᠯᠠᠨ᠎ᠠ᠃ 《ᠮᠠᠲ᠋ᠧᠷᠢᠶᠠᠯ᠎ᠢ ᠪᠠᠭᠠᠰᠭᠠᠬᠤ᠂ ᠭᠤᠭ᠍ᠴᠤᠭ᠎ᠠ᠎ᠶ᠋ᠢ ᠪᠠᠭᠠᠰᠭᠠᠬᠤ᠂ ᠴᠠᠭ᠎ᠤᠨ ᠬᠢᠵᠠᠭᠠᠷ᠎ᠢ ᠪᠠᠭᠠᠰᠭᠠᠬᠤ》 ᠥᠭᠡᠷᠡᠴᠢᠯᠡᠯᠲᠡ᠎ᠶ᠋ᠢ ᠶᠡᠬᠡᠪᠡᠷ ᠭᠦᠨᠵᠡᠭᠡᠢᠷᠡᠭᠦᠯᠵᠦ᠍᠂ ᠥᠪᠡᠰᠦᠪᠡᠨ ᠪᠠᠢᠭᠤᠯᠬᠤ ᠱᠢᠰᠲ᠋ᠧᠮ᠎ᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠨᠢᠭᠡ ᠴᠣᠭ᠍ᠴᠠᠵᠢᠭ᠍ᠰᠠᠨ ᠲᠠᠪᠴᠠᠩ᠎ᠯᠤᠭ᠎ᠠ ᠭᠦᠨᠵᠡᠭᠡᠶ ᠵᠣᠯᠭᠠᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠳ᠋ᠡᠢ᠌ᠲ᠋ᠠ᠎ᠶ᠋ᠢᠨ ᠪᠠᠬᠢᠯᠡᠯᠲᠡ᠎ᠶ᠋ᠢ ᠨᠡᠪᠲᠡᠷᠡᠭᠦᠯᠵᠦ᠍᠂ ᠬᠢᠨᠠᠨ ᠵᠥᠪᠱᠢᠶᠡᠷᠡᠬᠦ᠌ ᠪᠥᠬᠦ᠌ ᠶᠠᠪᠤᠴᠠ᠎ᠶ᠋ᠢ 《ᠨᠢᠭᠡ ᠰᠦᠯᠵᠢᠶ᠎ᠡ᠎ᠪᠠᠷ ᠨᠡᠢᠳᠡᠮ ᠭᠦᠢᠴᠡᠳᠭᠡᠬᠦ᠌》 ᠶ᠋ᠢ ᠪᠡᠶᠡᠯᠡᠭᠦᠯᠦᠨ᠎ᠡ᠃ ᠳᠡᠭᠡᠳᠦ ᠳᠣᠤᠷᠠᠳᠤ ᠱᠠᠲᠤ᠌᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠬᠤ ᠬᠠᠮᠲᠤᠷᠠᠨ ᠵᠥᠪᠱᠢᠶᠡᠷᠡᠬᠦ᠌ ᠨᠠᠷᠢᠨ ᠬᠠᠭᠤᠳᠠᠰᠤ ᠵᠢᠴᠢ ᠠᠵᠢᠯᠯᠠᠬᠤ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠵᠠᠮ᠎ᠳᠤ ᠬᠤᠯᠪᠣᠭ᠍ᠳᠠᠭ᠍ᠰᠠᠨ ᠪᠠᠷᠢᠯᠭ᠎ᠠ᠎ᠶ᠋ᠢᠨ ᠠᠵᠢᠯ᠎ᠤᠨ ᠵᠥᠪᠱᠢᠶᠡᠷᠡᠯ᠂ ᠵᠠᠰᠠᠮᠠᠯ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠤᠨ ᠪᠠᠷᠢᠯᠭ᠎ᠠ᠎ᠶ᠋ᠢᠨ ᠠᠵᠢᠯ᠎ᠤᠨ ᠵᠥᠪᠱᠢᠶᠡᠷᠡᠯ ᠵᠡᠷᠭᠡ ᠭᠤᠤᠯᠳᠠᠯᠭ᠎ᠠ᠎ᠲᠠᠢ ᠵᠦᠶ᠋ᠯᠡᠰ᠎ᠢ ᠪᠤᠰᠤᠳ ᠰᠠᠯᠠᠭ᠎ᠠ ᠮᠥᠴᠢᠷ᠎ᠯᠦᠭᠡ ᠬᠠᠮᠲᠤᠷᠠᠨ ᠬᠢᠨᠠᠵᠤ ᠬᠠᠮᠲᠤᠷᠠᠨ ᠬᠥᠳᠡᠯᠦᠯᠴᠡᠬᠦ᠌ ᠲᠣᠭ᠍ᠲᠠᠴᠠ᠎ᠶ᠋ᠢ ᠱᠢᠯᠢᠳᠡᠭ᠌ᠵᠢᠭᠦᠯᠦᠨ᠂ ᠬᠠᠮᠲᠤᠷᠠᠨ ᠭᠦᠶ᠋ᠴᠡᠳᠭᠡᠬᠦ᠌ ᠲᠠᠰ ᠳᠠᠷᠠᠭᠠᠯᠠᠯ᠎ᠢ ᠴᠣᠮᠬᠠᠳᠭᠠᠵᠤ᠂ ᠬᠢᠨᠠᠨ ᠵᠥᠪᠱᠢᠶᠡᠷᠡᠬᠦ᠌ ᠦᠶ᠋ᠯᠡᠴᠢᠯᠡᠭᠡᠨ᠎ᠤ ᠦᠷ᠎ᠡ ᠪᠦᠲᠦᠮᠵᠢ᠎ᠶ᠋ᠢ ᠬᠦᠴᠦᠯᠡᠨ ᠳᠡᠭᠡᠭᠰᠢᠯᠡᠭᠦᠯᠦᠨ᠎ᠡ᠃ 《ᠮᠡᠳᠡᠭ᠌ᠳᠡᠬᠦ᠌ ᠠᠮᠠᠯᠠᠯᠲᠠ + ᠳᠤᠲᠠᠭᠤ᠎ᠶ᠋ᠢ ᠠᠭᠤᠴᠢᠯᠠᠨ ᠬᠦᠯᠢᠶᠡᠨ ᠠᠪᠴᠤ᠌ ᠱᠢᠢᠳᠪᠦᠷᠢᠯᠡᠬᠦ᠌》 ᠬᠡᠷᠡᠭ᠌ᠯᠡᠬᠦ᠌ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠵᠦ᠍᠂ ᠳᠤᠲᠠᠭᠤ᠎ᠶ᠋ᠢ ᠠᠭᠤᠴᠢᠯᠠᠨ ᠭᠦᠢᠴᠡᠳᠭᠡᠬᠦ᠌ ᠴᠠᠭ᠎ᠤᠨ ᠬᠢᠵᠠᠭᠠᠷ ᠪᠣᠯᠤᠨ ᠪᠦᠬᠦ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠨ᠎ᠠ᠃ ᠬᠢᠨᠠᠨ ᠵᠥᠪᠱᠢᠶᠡᠷᠡᠬᠦ᠌ ᠵᠠᠭᠤᠴᠢ ᠦᠢᠯᠡᠴᠢᠯᠡᠭᠡᠨ᠎ᠤ ᠦᠢᠯᠡ ᠠᠵᠢᠯᠯᠠᠭ᠎ᠠ᠎ᠶ᠋ᠢ ᠵᠢᠷᠤᠮᠵᠢᠭᠤᠯᠵᠤ᠂ ᠢᠲᠡᠭᠡᠮᠵᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠡᠷᠴᠢᠮ᠎ᠢ ᠴᠢᠩᠭᠠᠷᠠᠭᠤᠯᠤᠨ᠂ ᠦᠷ᠎ᠡ ᠪᠦᠲᠦᠮᠵᠢ᠎ᠪᠠᠷ ᠳᠣᠣᠷ᠎ᠠ ᠵᠠᠭᠤᠴᠢ ᠪᠠᠢᠭᠤᠯᠤᠮᠵᠢ᠎ᠶ᠋ᠢᠨ ᠣᠷᠣᠯᠴᠠᠬᠤ᠎ᠶ᠋ᠢ ᠬᠢᠵᠠᠭᠠᠷᠯᠠᠵᠤ᠂ ᠵᠠᠭᠤᠴᠢ ᠦᠢᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃
ᠣᠳᠣᠬᠠᠨ᠎ᠳᠤ᠂ ᠡᠷᠬᠡ᠎ᠶ᠋ᠢ ᠳᠣᠷᠣᠭ᠍ᠰᠢ ᠪᠠᠭᠤᠯᠭᠠᠬᠤ ᠵᠦᠶ᠋ᠯᠡᠰ᠂ ᠳᠡᠭᠡᠳᠦ ᠳᠣᠤᠷᠠᠳᠤ ᠱᠠᠲᠤᠨ᠎ᠤ ᠬᠠᠮᠲᠤᠷᠠᠨ ᠬᠢᠨᠠᠬᠤ ᠬᠠᠮᠲᠤᠷᠠᠨ ᠵᠥᠪᠱᠢᠶᠡᠷᠡᠬᠦ᠌ ᠵᠦᠶ᠋ᠯᠡᠰ᠂ ᠰᠠᠯᠠᠭ᠎ᠠ ᠮᠥᠴᠢᠷ᠎ᠤᠨ ᠬᠤᠭᠤᠷᠣᠨᠳᠣᠬᠢ ᠬᠠᠮᠲᠤᠷᠠᠨ ᠬᠢᠨᠠᠬᠤ ᠬᠠᠮᠲᠤᠷᠠᠨ ᠵᠥᠪᠱᠢᠶᠡᠷᠡᠬᠦ᠌ ᠵᠦᠶ᠋ᠯᠡᠰ᠂ 《ᠮᠡᠳᠡᠭ᠌ᠳᠡᠬᠦ᠌ ᠠᠮᠠᠯᠠᠯᠲᠠ + ᠳᠤᠲᠠᠭᠤ᠎ᠶ᠋ᠢ ᠠᠭᠤᠴᠢᠯᠠᠨ ᠬᠦᠯᠢᠶᠡᠨ ᠠᠪᠴᠤ᠌ ᠱᠢᠢᠳᠪᠦᠷᠢᠯᠡᠬᠦ᠌》 ᠵᠦᠶ᠋ᠯᠡᠰ᠎ᠤᠨ 《ᠳᠥᠷᠪᠡᠨ ᠨᠠᠷᠢᠨ ᠲᠠᠩᠰᠠ》 ᠶ᠋ᠢ ᠨᠢᠭᠡᠨᠲᠡ ᠠᠩᠬ᠎ᠠ ᠠᠯᠬᠤᠮ ᠪᠦᠷᠢᠯᠳᠦᠭᠦᠯᠵᠦ᠍᠂ ᠡᠯ᠎ᠡ ᠵᠦᠶ᠋ᠯ᠎ᠤᠨ ᠠᠵᠢᠯ᠎ᠢ ᠡᠮᠬᠢ ᠵᠢᠷᠤᠮ᠎ᠲᠠᠢ ᠠᠬᠢᠭᠤᠯᠪᠠ᠃ ᠲᠣᠰ ᠤᠳᠠᠭᠠᠨ᠎ᠤ ᠲᠤᠰᠭᠠᠶ ᠠᠵᠢᠯᠯᠠᠭ᠎ᠠ᠎ᠶ᠋ᠢᠨ ᠵᠣᠷᠢᠯᠭ᠎ᠠ᠎ᠨᠢ ᠨᠠᠷᠢᠨ ᠣᠨᠣᠴᠠᠲᠠᠶ ᠠᠷᠭ᠎ᠠ ᠪᠣᠳᠣᠯᠭ᠎ᠠ᠎ᠪᠠᠷ ᠲᠥᠷᠥᠯ ᠵᠦᠢᠯ᠎ᠤᠨ ᠬᠢᠨᠠᠨ ᠵᠦᠪᠰᠢᠶᠡᠷᠡᠯ᠎ᠦᠨ ᠬᠣᠷᠢᠭ᠎ᠠ ᠴᠡᠭ᠎ᠦᠨ ᠲᠦᠪᠡᠭᠳᠡᠢ ᠠᠰᠠᠭᠤᠳᠠᠯ᠎ᠢ ᠱᠢᠢᠳᠪᠦᠷᠢᠯᠡᠵᠦ᠍᠂ ᠬᠢᠨᠠᠨ ᠵᠥᠪᠱᠢᠶᠡᠷᠡᠬᠦ᠌ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠥᠨᠳᠥᠷ ᠪᠦᠲᠦᠮᠵᠢᠲᠡᠶ᠎ᠪᠠᠷ ᠨᠠᠢᠳᠠᠪᠤᠷᠢᠵᠢᠭᠤᠯᠤᠨ᠂ ᠠᠵᠤ ᠠᠬᠤᠢᠯᠠᠯ᠎ᠤᠨ ᠠᠵᠢᠯ ᠶᠠᠪᠤᠳᠠᠯ ᠭᠦᠢᠴᠡᠳᠭᠡᠬᠦ᠌ ᠥᠪᠡᠷ᠎ᠤᠨ ᠥᠷᠲᠡᠭ᠎ᠢ ᠦᠨᠡᠨ ᠬᠦ᠌ ᠪᠠᠭᠤᠷᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠤ ᠠᠬᠤᠢᠯᠠᠯ ᠣᠯᠠᠨ ᠲᠦᠮᠡᠨ᠎ᠤ ᠬᠦᠷᠲᠡᠮᠵᠢ᠎ᠶ᠋ᠢᠨ ᠲᠥᠷᠥᠭ᠌ᠳᠡᠯ ᠪᠠ ᠬᠠᠨᠤᠮᠵᠢ᠎ᠶ᠋ᠢᠨ ᠬᠡᠮᠵᠢᠶ᠎ᠡ᠎ᠶ᠋ᠢ ᠲᠠᠰᠤᠷᠠᠯᠲᠠ ᠥᠬᠡᠶ ᠨᠡᠮᠡᠭ᠌ᠳᠡᠭᠦᠯᠬᠦ᠌᠎ᠶ᠋ᠢᠨ ᠲᠥᠯᠥᠭᠡ ᠶᠤᠮ᠃