ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠵᠢᠴᠢ ᠲᠢᠩᠬᠢᠮ᠎ᠤᠨ ᠰᠢᠭᠤᠳ ᠬᠠᠷᠢᠶ᠎ᠠ ᠰᠢᠰᠲ᠋ᠧᠮ᠎ᠤᠨ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-09-17

9 ᠳ᠋ᠦ᠍ᠭᠡᠷ ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠵᠢᠴᠢ ᠲᠢᠩᠬᠢᠮ᠎ᠤᠨ ᠰᠢᠭᠤᠳ ᠬᠠᠷᠢᠶ᠎ᠠ ᠰᠢᠰᠲ᠋ᠧᠮ᠎ᠤᠨ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ ᠵᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠲᠤᠬᠠᠢ ᠴᠢᠬᠤᠯᠠ ᠵᠢᠭ᠋ᠠᠪᠤᠷᠢ ᠪᠣᠯᠤᠨ ᠲᠥᠪ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ (ᠥᠷᠭᠡᠳᠬᠡᠭᠰᠡᠨ) ᠬᠤᠷᠠᠯ ᠵᠢᠴᠢ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ ᠵᠢᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠢᠩᠬᠢᠮ᠎ᠤᠨ ᠰᠢᠭᠤᠳ ᠬᠠᠷᠢᠶ᠎ᠠ ᠰᠢᠰᠲ᠋ᠧᠮ᠎ᠤᠨ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ ᠪᠠᠢ᠌ᠳᠠᠯ᠎ᠢ ᠳ᠋ᠦᠩᠨᠡᠵᠦ᠂ ᠰᠤᠷᠲᠠᠯ᠎ᠤᠨ ᠪᠠᠢ᠌ᠭᠤᠯᠤᠯᠲᠠ ᠵᠢ ᠪᠠᠢ᠌ᠩᠭᠤᠵᠢᠭᠤᠯᠬᠤ ᠤᠷᠲᠤ ᠬᠤᠭᠤᠴᠠᠭ᠎ᠠ ᠪᠦᠲᠦᠮᠵᠢᠲᠡᠶ ᠪᠠᠢ᠌ᠯᠭ᠋ᠠᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ

ᠭᠣᠤ ᠱ᠌ᠢ ᠴᠢᠨ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠬᠠᠶ ᠠᠩᠭᠢ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠤᠨ ᠬᠣᠷᠢᠶᠠᠨ᠎ᠤ ᠳᠡᠳ᠋ ᠱᠦᠵᠢ ᠰᠥᠩ ᠪᠤᠤ ᠭᠦᠸᠧ ᠨᠡᠷ ᠬᠤᠷᠠᠯ᠎ᠳᠤ ᠣᠷᠣᠯᠴᠠᠵᠤ ᠵᠢᠭ᠋ᠠᠨ ᠵᠢᠯᠣᠭᠣᠳᠪᠠ᠃

ᠬᠤᠷᠠᠯ᠎ᠠᠴᠠ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠬᠠᠶ ᠠᠩᠭᠢ ᠵᠢᠨ ᠨᠠᠷᠢᠨ ᠨᠢᠮᠪᠠᠶ ᠵᠢᠯᠣᠭᠣᠳᠣᠯᠭ᠎ᠠ ᠳᠣᠤᠷ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠭᠣᠤᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠦᠨ᠂ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠵᠤ᠂ ᠰᠤᠷᠤᠯᠴᠠᠬᠤ ᠪᠠᠢ᠌ᠴᠠᠭ᠋ᠠᠨ ᠵᠠᠯᠠᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠲᠢᠩᠬᠢᠮ᠎ᠤᠨ ᠰᠢᠭᠤᠳ ᠬᠠᠷᠢᠶ᠎ᠠ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ ᠨᠡᠢ᠌ᠳᠡᠮ᠎ᠳᠤ᠎ᠪᠠᠨ ᠨᠢᠭᠡ ᠤᠳᠠᠭ᠋ᠠᠨ᠎ᠤ ᠪᠥᠬᠥ ᠲᠠᠯ᠎ᠠ ᠵᠢᠨ ᠪᠥᠭᠡᠳ ᠭᠦᠨ ᠭᠦᠨᠵᠡᠭᠡᠶ ᠨᠠᠮᠴᠢ ᠴᠢᠨᠠᠷ᠎ᠤᠨ ᠪᠣᠯᠪᠠᠰᠤᠷᠠᠯ᠂ ᠦᠵᠡᠯ ᠰᠠᠨᠠᠭ᠋ᠠᠨ᠎ᠤ ᠳᠠᠪᠲᠠᠯᠲᠠ᠂ ᠰᠤᠷᠲᠠᠯ᠎ᠤᠨ ᠳᠠᠪᠲᠠᠯᠲᠠ ᠵᠢ ᠥᠩᠭᠡᠷᠡᠭᠡᠵᠦ᠂ ᠰᠤᠷᠤᠯᠴᠠᠯᠭ᠎ᠠ ᠬᠥᠮᠦᠵᠢᠯ᠎ᠨᠢ ᠰᠤᠷᠤᠯᠴᠠᠬᠤ᠎ᠳᠤ᠎ᠪᠠᠨ ᠶᠠᠰᠤ ᠴᠢᠨᠠᠷᠲᠠᠢ᠂ ᠪᠠᠢ᠌ᠴᠠᠭ᠋ᠠᠬᠤ᠎ᠳᠤ᠎ᠪᠠᠨ ᠡᠷᠴᠢᠮ᠎ᠲᠠᠢ᠂ ᠥᠭᠡᠷᠡᠴᠢᠯᠡᠬᠦ᠎ᠳᠤ᠎ᠪᠠᠨ ᠦᠷ᠎ᠡ ᠪᠦᠲᠦᠮᠵᠢᠲᠡᠶ ᠪᠠᠢ᠌ᠬᠤ ᠵᠢᠱ᠌ᠢᠭᠰᠡᠨ ᠬᠠᠷᠠᠯᠲᠠ᠎ᠳᠤ ᠬᠦᠷᠴᠡᠶ ᠭᠡᠵᠦ ᠵᠢᠭ᠋ᠠᠵᠤ ᠭᠠᠷᠭ᠋ᠠᠪᠠ᠃

ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠤᠨ 《ᠳᠥᠷᠪᠡᠨ ᠲᠠᠯ᠎ᠠ ᠵᠢᠨ ᠴᠢᠬᠤᠯᠠ ᠱᠠᠭ᠋ᠠᠷᠳᠠᠯᠭ᠎ᠠ》 ᠵᠢ ᠨᠠᠷᠢᠨ ᠬᠢᠨᠠᠮᠠᠭ᠋ᠠᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠪᠠᠢ᠌ᠷᠢᠯᠠᠭᠤᠯᠤᠯᠲᠠ ᠵᠢ ᠭᠦᠨᠵᠡᠭᠡᠶ ᠨᠠᠢ᠌ᠳᠠᠪᠤᠷᠢᠵᠢᠭᠤᠯᠤᠨ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠪᠡᠬᠢᠵᠢᠭᠦᠯᠵᠦ᠂ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠥᠷᠡᠰᠢ ᠥᠬᠡᠶ ᠨᠠᠢ᠌ᠳᠠᠪᠤᠷᠢᠵᠢᠭᠤᠯᠤᠨ᠂ ᠰᠤᠷᠲᠠᠯ᠎ᠤᠨ ᠪᠠᠢ᠌ᠭᠤᠯᠤᠯᠲᠠ ᠵᠢ ᠪᠠᠢ᠌ᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠠᠬᠢᠭᠤᠯᠬᠤ ᠵᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠰᠤᠷᠲᠠᠯ᠎ᠤᠨ ᠬᠥᠮᠦᠵᠢᠯ᠎ᠢ ᠴᠢᠩᠭ᠋ᠠᠳᠬᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠪᠠᠢ᠌ᠭᠤᠯᠤᠯᠲᠠ ᠵᠢᠨ ᠲᠤᠬᠠᠶ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ᠎ᠤᠨ ᠪᠡᠶ᠎ᠡ ᠵᠢᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ᠂ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ᠎ᠪᠠᠷ ᠲᠠᠷᠢᠬᠢ ᠲᠣᠯᠣᠭ᠋ᠠᠶ᠎ᠪᠠᠨ ᠵᠡᠪᠰᠡᠭᠯᠡᠬᠦ ᠵᠢ ᠬᠥᠲᠥᠯᠥᠨ ᠵᠢᠯᠣᠭᠣᠳᠬᠤ ᠬᠡᠷᠡᠭᠲᠡᠶ᠃ ᠳᠦᠷᠢᠮ ᠲᠣᠭᠲᠠᠴᠠ ᠵᠢ ᠲᠡᠭᠦᠯᠳᠡᠷᠵᠢᠭᠦᠯᠬᠦ ᠲᠠᠯ᠎ᠠ᠎ᠪᠠᠷ ᠦᠷᠭᠦᠯᠵᠢᠯᠡᠨ ᠬᠦᠴᠦᠯᠡᠬᠦ ᠬᠡᠷᠡᠭᠲᠡᠶ᠃ ᠲᠦᠷᠢᠮ᠎ᠤᠨ 《ᠲᠣᠭᠲᠠᠭ᠋ᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭ᠋ᠠᠬᠤ》 ᠵᠢ ᠠᠬᠢᠭᠤᠯᠵᠤ᠂ ᠣᠲᠣ ᠵᠢᠨ ᠪᠠᠢ᠌ᠭ᠎ᠠ ᠲᠦᠷᠢᠮ᠎ᠳᠤ ᠡᠮᠬᠢᠯᠡᠵᠦ ᠦᠨᠡᠯᠡᠨ ᠵᠢᠱ᠌ᠢᠯᠲᠡ ᠬᠢᠵᠦ᠂ ᠪᠠᠢ᠌ᠩᠭᠤ ᠵᠢᠨ ᠴᠢᠨᠠᠷᠲᠠᠶ᠎ᠪᠠᠷ ᠠᠰᠠᠭᠤᠳᠠᠯ᠎ᠢ ᠢᠯᠡᠷᠡᠭᠦᠯᠬᠦ᠂ ᠠᠰᠠᠭᠤᠳᠠᠯ᠎ᠢ ᠰᠢᠢᠳᠪᠦᠷᠢᠯᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ᠃ ᠲᠣᠪᠣᠢ᠌ᠮ᠎ᠠ ᠠᠰᠠᠭᠤᠳᠠᠯ᠎ᠢ ᠴᠡᠭᠴᠡᠯᠡᠨ ᠵᠠᠰᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠵᠠᠮ ᠬᠠᠷᠢᠯᠴᠠᠭ᠋ᠠᠨ᠎ᠤ ᠰᠠᠭᠤᠷᠢ ᠲᠥᠬᠥᠭᠡᠷᠦᠮᠵᠢ ᠵᠢᠨ ᠪᠥᠲᠥᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠣᠪᠣᠢ᠌ᠮ᠎ᠠ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠵᠢ ᠠᠬᠢᠭᠤᠯᠵᠤ᠂ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠵᠢ ᠠᠬᠢᠭᠤᠯᠵᠤ᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠭᠦᠨᠵᠡᠭᠡᠶ ᠠᠬᠢᠭᠤᠯᠤᠨ᠎ᠠ᠃ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠲᠢᠩᠬᠢᠮ᠎ᠤᠨ ᠰᠢᠭᠤᠳ ᠬᠠᠷᠢᠶ᠎ᠠ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠰᠤᠷᠲᠠᠯ᠎ᠤᠨ ᠪᠠᠢ᠌ᠭᠤᠯᠤᠯᠲᠠ ᠪᠣᠯᠤᠨ ᠨᠠᠮ᠎ᠢ ᠬᠠᠮᠢᠶᠠᠷᠴᠤ ᠨᠠᠮ᠎ᠢ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠂ ᠭᠣᠣᠯ ᠬᠠᠷᠢᠭᠤᠴᠠᠯᠭ᠋ᠠᠲᠠᠨ ᠨᠥᠬᠥᠳ 《ᠨᠢᠭᠡᠳᠦᠭᠡᠷ ᠬᠠᠷᠢᠭᠤᠴᠠᠯᠭ᠋ᠠᠲᠠᠨ》᠎ᠤ ᠬᠠᠷᠢᠭᠤᠴᠠᠯᠭ᠎ᠠ ᠵᠢ ᠡᠭᠦᠷᠭᠡᠯᠡᠵᠦ᠂ ᠤᠳᠤᠷᠢᠳᠬᠤ ᠪᠠᠭ᠎ᠤᠨ ᠭᠡᠰᠢᠭᠦᠨ 《ᠨᠢᠭᠡ ᠠᠵᠢᠯ᠎ᠤᠨ ᠪᠠᠢ᠌ᠷᠢ ᠵᠢᠨ ᠬᠣᠣᠰ ᠬᠠᠷᠢᠭᠤᠴᠠᠯᠭ᠎ᠠ》 ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠪᠡᠶ᠎ᠡ᠎ᠪᠠᠨ ᠴᠢᠩᠭ᠎ᠠ ᠱᠠᠭ᠋ᠠᠷᠳᠠᠵᠤ᠂ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ᠂ ᠬᠠᠷᠢᠶᠠᠯᠠᠯ ᠵᠶ᠋ᠠᠨ ᠴᠢᠩᠭ᠎ᠠ ᠬᠠᠮᠢᠶᠠᠷᠬᠤ ᠬᠡᠷᠡᠭᠲᠡᠢ ᠭᠡᠵᠦ ᠴᠢᠬᠤᠯᠠᠴᠢᠯᠠᠪᠠ᠃

ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠳᠤᠷᠢᠳᠬᠤ ᠪᠠᠭ᠎ᠤᠨ ᠭᠡᠰᠢᠭᠦᠨ᠂ ᠶᠡᠷᠦᠩᠬᠡᠶ ᠢᠨᠵᠧᠨᠧᠷ᠂ ᠲᠢᠩᠬᠢᠮ᠎ᠤᠨ ᠰᠢᠭᠤᠳ ᠬᠠᠷᠢᠶ᠎ᠠ ᠡᠯ᠎ᠡ ᠨᠢᠭᠡᠴᠢ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            