ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠬᠥᠬᠡᠬᠣᠲᠠ ᠬᠣᠲᠠ ᠣᠯᠠᠨ ᠨᠡᠢ᠌ᠲᠡ ᠵᠢᠨ ᠵᠠᠮ ᠬᠠᠷᠢᠯᠴᠠᠭ᠎ᠠ ᠵᠢ ᠤᠷᠢᠳ ᠵᠶ᠋ᠠᠷ ᠬᠥᠭᠵᠢᠭᠦᠯᠬᠦ ᠪᠠ ᠪᠣᠬᠢᠷᠲᠤᠯ ᠥᠬᠡᠶ ᠶᠠᠪᠤᠵᠤ ᠰᠠᠭᠤᠬᠤ ᠨᠡᠢ᠌ᠲᠡᠯᠢᠭ ᠬᠡᠷᠡᠭ᠎ᠤᠨ ᠵᠢᠱ᠌ᠢᠶᠡᠨ᠎ᠳᠤ ᠰᠣᠩᠭᠣᠭᠳᠠᠪᠠ
ᠨᠡᠶ᠋ᠢᠲᠡᠯᠡᠭᠰᠡᠨ ᠴᠠᠭ᠄ 2025-09-16

ᠣᠢ᠌ᠷ᠎ᠠ᠎ᠳᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ 15 ᠬᠣᠲᠠ ᠵᠢᠨ ᠣᠯᠠᠨ ᠨᠡᠢ᠌ᠲᠡ ᠵᠢᠨ ᠵᠠᠮ ᠬᠠᠷᠢᠯᠴᠠᠭ᠎ᠠ ᠵᠢ ᠤᠷᠢᠳ ᠵᠶ᠋ᠠᠷ ᠬᠥᠭᠵᠢᠭᠦᠯᠬᠦ ᠪᠠ ᠪᠣᠬᠢᠷᠲᠤᠯ ᠥᠬᠡᠶ ᠶᠠᠪᠤᠵᠤ ᠰᠠᠭᠤᠬᠤ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠵᠦ᠂ ᠬᠥᠬᠡᠬᠣᠲᠠ ᠵᠢᠨ 《ᠪᠣᠬᠢᠷᠲᠤᠯ ᠥᠬᠡᠶ ᠶᠠᠪᠤᠵᠤ ᠰᠠᠭᠤᠬᠤ ᠵᠢ ᠰᠢᠨ᠎ᠡ ᠵᠢ ᠡᠭᠦᠳᠦᠨ ᠬᠥᠲᠥᠯᠦᠨ ᠳᠠᠭ᠋ᠠᠭᠤᠯᠵᠤ᠂ ᠣᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠣᠯᠠᠨ ᠡᠰᠢᠵᠢᠭᠰᠡᠨ ᠶᠠᠪᠤᠵᠤ ᠰᠠᠭᠤᠬᠤ ᠦᠢᠯᠡᠴᠢᠯᠡᠭᠡᠨ᠎ᠤ ᠰᠢᠰᠲ᠋ᠧᠮ᠎ᠢ ᠪᠠᠢ᠌ᠭᠤᠯᠬᠤ》 ᠨᠡᠢ᠌ᠲᠡᠯᠢᠭ ᠬᠡᠷᠡᠭ᠎ᠤᠨ ᠵᠢᠱ᠌ᠢᠶ᠎ᠡ ᠠᠮᠵᠢᠯᠲᠠ᠎ᠲᠠᠢ ᠰᠣᠩᠭᠣᠭᠳᠠᠪᠠ᠃

ᠣᠢ᠌ᠷ᠎ᠠ ᠵᠢᠨ ᠵᠢᠯ᠎ᠠᠴᠠ ᠨᠠᠭ᠋ᠠᠰᠢ᠂ ᠬᠥᠬᠡᠬᠣᠲᠠ ᠣᠯᠠᠨ ᠲᠦᠮᠡᠨ᠎ᠤ ᠶᠠᠪᠤᠵᠤ ᠰᠠᠭᠤᠬᠤ ᠬᠡᠷᠡᠭᠴᠡᠭᠡ ᠱᠠᠭ᠋ᠠᠷᠳᠠᠯᠭ᠎ᠠ᠎ᠳᠤ ᠰᠠᠭᠤᠷᠢᠯᠠᠨ᠂ ᠶᠠᠪᠤᠵᠤ ᠰᠠᠭᠤᠬᠤ ᠵᠠᠭᠪᠤᠷ᠎ᠢ ᠢᠳᠡᠪᠬᠢᠲᠡᠶ ᠰᠦᠪᠡᠭᠴᠢᠯᠡᠨ ᠰᠢᠨ᠎ᠡ ᠵᠢ ᠡᠭᠦᠳᠴᠦ᠂ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠣᠢ᠌ᠷᠠᠲᠤᠭᠤᠯᠤᠭᠰᠠᠨ ᠥᠪᠡᠷᠮᠢᠴᠡ ᠣᠨᠴᠠᠯᠢᠭ᠎ᠲᠠᠢ ᠨᠡᠢ᠌ᠲᠡ ᠵᠢᠨ ᠮᠠᠰᠢᠨ ᠲᠡᠷᠭᠡᠨ᠎ᠤ ᠦᠢᠯᠡᠴᠢᠯᠡᠭᠡ ᠵᠢ ᠯᠠᠪᠳᠠᠭᠤᠨ ᠪᠠᠲᠤᠲᠠᠶ ᠥᠷᠨᠢᠭᠦᠯᠵᠦ᠂ ᠳᠠᠭ᠋ᠠᠬᠤ ᠬᠡᠯᠪᠡᠷᠢ ᠵᠢᠨ ᠨᠡᠢ᠌ᠲᠡ ᠵᠢᠨ ᠮᠠᠰᠢᠨ ᠲᠡᠷᠭᠡ ᠵᠢ ᠭᠠᠷᠭ᠋ᠠᠵᠤ᠂ ᠵᠠᠬᠢᠶᠠᠯᠠᠭ᠎ᠠ ᠵᠢᠨ ᠨᠡᠢ᠌ᠲᠡ ᠵᠢᠨ ᠮᠠᠰᠢᠨ ᠲᠡᠷᠭᠡ ᠵᠢ ᠶᠡᠬᠡ᠎ᠪᠠᠷ ᠬᠥᠭᠵᠢᠭᠦᠯᠵᠦ᠂ ᠥᠪᠡᠷᠮᠢᠴᠡ ᠣᠨᠴᠠᠯᠢᠭ᠎ᠲᠠᠢ ᠵᠢᠭᠤᠯᠴᠢᠯᠠᠯ᠎ᠤᠨ ᠵᠠᠮ ᠱᠤᠭᠤᠮ᠎ᠢ ᠨᠡᠪᠲᠡᠷᠡᠭᠦᠯᠵᠦ᠂ ᠨᠡᠢ᠌ᠲᠡ ᠵᠢᠨ ᠮᠠᠰᠢᠨ ᠲᠡᠷᠭᠡᠨ᠎ᠤ ᠦᠢᠯᠡᠴᠢᠯᠡᠭᠡᠨ᠎ᠤ ᠪᠦᠷᠬᠦᠴᠡ ᠵᠢ ᠲᠠᠰᠤᠷᠠᠯᠲᠠ ᠥᠬᠡᠶ ᠥᠷᠭᠡᠳᠬᠡᠵᠦ᠂ ᠨᠡᠢ᠌ᠲᠡ ᠵᠢᠨ ᠮᠠᠰᠢᠨ ᠲᠡᠷᠭᠡᠨ᠎ᠤ ᠣᠯᠠᠨ ᠡᠰᠢᠵᠢᠭᠰᠡᠨ ᠶᠠᠪᠤᠵᠤ ᠰᠠᠭᠤᠬᠤ ᠦᠢᠯᠡᠴᠢᠯᠡᠭᠡᠨ᠎ᠤ ᠰᠢᠰᠲ᠋ᠧᠮ᠎ᠢ ᠪᠠᠢ᠌ᠭᠤᠯᠪᠠ᠃

ᠵᠠᠬᠢᠶᠠᠯᠠᠬᠤ ᠣᠯᠠᠨ ᠨᠡᠢ᠌ᠲᠡ ᠵᠢᠨ ᠵᠠᠮ ᠬᠠᠷᠢᠯᠴᠠᠭ᠎ᠠ ᠵᠢ ᠶᠡᠬᠡ᠎ᠪᠠᠷ ᠬᠥᠭᠵᠢᠭᠦᠯᠵᠦ᠂ 《ᠬᠡᠷᠡᠭᠴᠡᠭᠡ᠎ᠪᠠᠨ ᠦᠨᠳᠦᠰᠦᠯᠡᠨ ᠶᠠᠪᠤᠵᠤ ᠰᠠᠭᠤᠬᠤ᠂ ᠬᠡᠷᠡᠭᠴᠡᠭᠡ ᠵᠢ᠎ᠨᠢ ᠦᠨᠳᠦᠰᠦᠯᠡᠨ ᠦᠢ᠍ᠯᠡᠴᠢᠯᠡᠭᠡ ᠬᠠᠩᠭ᠋ᠠᠬᠤ》 ᠵᠢ ᠲᠤᠢ᠌ᠯ᠎ᠤᠨ ᠣᠨᠣᠪᠴᠢᠲᠠᠶ᠎ᠪᠠᠷ ᠪᠡᠶᠡᠯᠡᠭᠦᠯᠪᠡ᠃ ᠠᠶᠠᠨᠴᠢᠳ᠎ᠤᠨ ᠥᠪᠡᠷᠮᠢᠴᠡ ᠱᠠᠭ᠋ᠠᠷᠳᠠᠯᠭ᠎ᠠ ᠵᠢ ᠦᠨᠳᠦᠰᠦᠯᠡᠨ ᠵᠠᠬᠢᠶᠠᠯᠠᠭ᠎ᠠ ᠵᠢᠨ ᠨᠡᠢ᠌ᠲᠡ ᠵᠢᠨ ᠮᠠᠰᠢᠨ ᠲᠡᠷᠭᠡᠨ᠎ᠤ ᠵᠠᠮ ᠱᠤᠭᠤᠮ᠎ᠢ ᠨᠡᠪᠲᠡᠷᠡᠭᠦᠯᠵᠦ᠂ ᠬᠣᠲᠠ ᠵᠢᠨ ᠨᠡᠢ᠌ᠲᠡ ᠵᠢᠨ ᠮᠠᠰᠢᠨ ᠲᠡᠷᠭᠡᠨ᠎ᠤ ᠵᠠᠮ ᠱᠤᠭᠤᠮ᠎ᠤᠨ ᠣᠢ᠌ᠷ᠎ᠠ ᠬᠠᠪᠢ ᠵᠢᠨ ᠬᠣᠲᠠ ᠪᠠᠯᠭ᠋ᠠᠰᠤ᠂ ᠴᠢᠳᠠᠮᠵᠢ ᠵᠢᠨ ᠵᠠᠩᠭᠢᠶᠠᠰᠤ ᠲᠡᠢ᠌ᠰᠢ ᠤᠷᠲᠤᠳᠬᠠᠬᠤ ᠵᠢ ᠲᠦᠯᠬᠢᠨ ᠠᠬᠢᠭᠤᠯᠵᠤ᠂ ᠵᠢᠯᠣᠭᠣᠴᠢ ᠵᠢᠨ ᠰᠤᠷᠭ᠋ᠠᠭᠤᠯᠢ᠂ ᠰᠤᠷᠭ᠋ᠠᠭᠤᠯᠢ᠂ ᠠᠵᠤ ᠠᠬᠤᠢ᠌ᠯᠠᠯ᠂ ᠬᠣᠲᠠ ᠬᠥᠳᠡᠭᠡ ᠵᠢᠨ ᠠᠭᠤᠯᠵᠠᠷ ᠬᠡᠰᠡᠭ ᠵᠡᠷᠭᠡ ᠵᠢ ᠬᠠᠮᠤᠷᠴᠤ᠂ ᠠᠵᠢᠯᠲᠠᠨ᠎ᠤ ᠠᠵᠢᠯ᠎ᠳᠤ ᠭᠠᠷᠴᠤ ᠪᠠᠭᠤᠬᠤ᠂ ᠰᠤᠷᠤᠭᠴᠢᠳ᠎ᠤᠨ ᠰᠤᠷᠭ᠋ᠠᠭᠤᠯᠢ᠎ᠳᠤ ᠣᠴᠢᠵᠤ ᠲᠠᠷᠠᠬᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠶᠠᠪᠤᠵᠤ ᠰᠠᠭᠤᠬᠤ ᠵᠢ ᠦᠨᠳᠦᠰᠦᠯᠡᠨ ᠲᠤᠰᠬᠠᠶ ᠱᠤᠭᠤᠮ᠂ ᠠᠵᠢᠯᠯᠠᠬᠤ ᠴᠠᠭ ᠪᠠ ᠲᠡᠷᠭᠡ ᠶᠠᠪᠤᠭᠤᠯᠬᠤ ᠬᠦᠰᠦᠨᠦᠭᠲᠦ ᠵᠢ ᠵᠣᠬᠢᠶᠠᠵᠤ᠂ ᠨᠡᠢ᠌ᠲᠡ ᠵᠢᠨ ᠮᠠᠰᠢᠨ ᠲᠡᠷᠭᠡᠨ᠎ᠤ ᠲᠡᠭᠡᠭᠡᠪᠦᠷᠢ ᠵᠢᠨ ᠬᠦᠴᠦᠨ᠎ᠢ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠯᠤᠭ᠎ᠠ ᠲᠤᠢ᠌ᠯ᠎ᠤᠨ ᠣᠨᠣᠪᠴᠢᠲᠠᠶ᠎ᠪᠠᠷ ᠵᠣᠬᠢᠴᠠᠭᠤᠯᠬᠤ ᠵᠢ ᠪᠡᠶᠡᠯᠡᠭᠦᠯᠵᠦ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ 《ᠡᠴᠦᠰ᠎ᠤᠨ ᠨᠢᠭᠡ ᠺᠢᠯᠣᠮᠧᠲᠷ》᠎ᠤᠨ ᠶᠠᠪᠤᠵᠤ ᠰᠠᠭᠤᠬᠤ᠎ᠳᠤ ᠬᠦᠴᠢᠷᠲᠡᠢ ᠪᠠᠢ᠌ᠬᠤ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠭᠰᠡᠨ᠎ᠤ ᠬᠠᠮᠲᠤ ᠨᠡᠢ᠌ᠲᠡ ᠵᠢᠨ ᠮᠠᠰᠢᠨ ᠲᠡᠷᠭᠡᠨ᠎ᠤ ᠲᠦᠭᠦᠷᠡᠲᠡᠯ᠎ᠡ ᠰᠠᠭᠤᠯᠭ᠋ᠠᠬᠤ ᠨᠣᠷᠮ᠎ᠠ ᠨᠠᠩ ᠲᠣᠭᠲᠠᠭᠤᠨ ᠪᠣᠯᠵᠤ᠂ ᠲᠡᠭᠡᠭᠡᠪᠦᠷᠢ ᠵᠢᠨ ᠬᠦᠴᠦᠨ᠎ᠤ ᠡᠬᠢ ᠪᠠᠶᠠᠯᠢᠭ᠎ᠤᠨ ᠠᠰᠢᠭᠯᠠᠯᠲᠠ ᠵᠢ ᠨᠠᠩ ᠭᠦᠢᠴᠡᠳ ᠪᠣᠯᠭ᠋ᠠᠨ᠂ ᠨᠡᠢ᠌ᠲᠡ ᠵᠢᠨ ᠮᠠᠰᠢᠨ ᠲᠡᠷᠭᠡᠨ᠎ᠤ ᠬᠡᠪᠴᠢᠶᠡᠵᠢᠯ᠎ᠤᠨ ᠳᠠᠪᠠᠭᠤᠯᠢᠭ᠎ᠢ ᠬᠠᠮᠤᠭ ᠶᠡᠬᠡ ᠬᠡᠮᠵᠢᠶ᠎ᠡ᠎ᠪᠠᠷ ᠪᠠᠳᠠᠷᠠᠭᠤᠯᠪᠠ᠃

《ᠣᠶᠤᠨᠴᠢ ᠣᠯᠠᠨ ᠨᠡᠢ᠌ᠲᠡ ᠵᠢᠨ ᠵᠠᠮ ᠬᠠᠷᠢᠯᠴᠠᠭ᠎ᠠ》 ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠠᠢ᠌ᠭᠤᠯᠵᠤ᠂ 《ᠰᠦᠯᠵᠢᠶ᠎ᠡ᠎ᠪᠠᠷ ᠪᠣᠯᠵᠣᠬᠤ》 ᠣᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠦᠢ᠍ᠯᠡᠴᠢᠯᠡᠭᠡ ᠵᠢ ᠨᠡᠪᠲᠡᠷᠡᠭᠦᠯᠪᠡ᠃ 《ᠬᠥᠬᠡᠬᠣᠲᠠ ᠵᠢᠨ ᠣᠯᠠᠨ ᠨᠡᠢ᠌ᠲᠡ ᠵᠢᠨ ᠵᠠᠮ ᠬᠠᠷᠢᠯᠴᠠᠭ᠎ᠠ》 ᠵᠢᠨ ᠠᠯᠪᠠᠨ᠎ᠤ ᠸᠢᠴᠠᠲ᠎ᠤᠨ ᠵᠢᠵᠢᠭ ᠫᠷᠤᠭ᠌ᠷᠠᠮ᠎ᠤᠨ ᠲᠠᠪᠴᠠᠩ᠎ᠢ ᠨᠡᠭᠡᠭᠡᠭᠰᠡᠨ ᠪᠥᠭᠡᠳ ᠰᠦᠯᠵᠢᠶ᠎ᠡ᠎ᠪᠠᠷ ᠪᠣᠯᠵᠣᠬᠤ ᠣᠯᠠᠨ ᠨᠡᠢ᠌ᠲᠡ ᠵᠢᠨ ᠵᠠᠮ ᠬᠠᠷᠢᠯᠴᠠᠭ᠎ᠠ᠂ ᠰᠦᠯᠵᠢᠶ᠎ᠡ᠎ᠪᠠᠷ ᠪᠣᠯᠵᠣᠬᠤ ᠲᠦᠷᠭᠡᠨ ᠱᠤᠭᠤᠮ᠂ ᠶᠠᠪᠤᠵᠤ ᠰᠠᠭᠤᠬᠤ ᠬᠡᠷᠡᠭᠴᠡᠭᠡ ᠱᠠᠭ᠋ᠠᠷᠳᠠᠯᠭ᠎ᠠ ᠵᠢ ᠴᠤᠭᠯᠠᠭᠤᠯᠬᠤ ᠵᠡᠷᠭᠡ ᠴᠢᠳᠠᠮᠵᠢ ᠵᠢᠨ ᠬᠡᠰᠡᠭ᠎ᠢ ᠪᠠᠭᠲᠠᠭ᠋ᠠᠵᠤ᠂ ᠡᠭᠦᠨ᠎ᠳᠤ 《ᠴᠢᠩ ᠴᠧᠩ ᠠᠶᠠᠨᠴᠢᠨ᠎ᠤ ᠨᠡᠢ᠌ᠲᠡ ᠵᠢᠨ ᠮᠠᠰᠢᠨ ᠲᠡᠷᠭᠡ》 ᠵᠢᠨ ᠰᠦᠯᠵᠢᠶ᠎ᠡ᠎ᠪᠠᠷ ᠪᠣᠯᠵᠣᠬᠤ ᠣᠯᠠᠨ ᠨᠡᠢ᠌ᠲᠡ ᠵᠢᠨ ᠵᠠᠮ ᠬᠠᠷᠢᠯᠴᠠᠭ᠎ᠠ ᠪᠣᠯ ᠥᠪᠥᠷ ᠮᠣᠩᠭᠣᠯ ᠣᠷᠣᠨ᠎ᠤ ᠠᠩᠬᠠᠳᠠᠭᠴᠢ ᠵᠢᠱ᠌ᠢᠶ᠎ᠡ ᠪᠣᠯᠤᠨ᠎ᠠ᠃ ᠣᠯᠠᠨ ᠵᠶ᠋ᠡᠷ ᠵᠶ᠋ᠡᠨ 《ᠬᠥᠬᠡᠬᠣᠲᠠ ᠵᠢᠨ ᠣᠯᠠᠨ ᠨᠡᠢ᠌ᠲᠡ ᠵᠢᠨ ᠵᠠᠮ ᠬᠠᠷᠢᠯᠴᠠᠭ᠎ᠠ》 ᠵᠢᠨ ᠸᠢᠴᠠᠲ᠎ᠤᠨ ᠵᠢᠵᠢᠭ ᠫᠷᠤᠭ᠌ᠷᠠᠮ ᠵᠶ᠋ᠠᠷ ᠳᠠᠮᠵᠢᠭᠤᠯᠤᠨ ᠪᠢᠯᠧᠲ ᠬᠤᠳᠠᠯᠳᠤᠨ ᠠᠪᠴᠤ᠂ ᠶᠠᠪᠤᠵᠤ ᠰᠠᠭᠤᠬᠤ ᠴᠠᠭ᠂ ᠲᠡᠷᠭᠡᠨ᠎ᠳᠤ ᠭᠠᠷᠴᠤ ᠪᠠᠭᠤᠬᠤ ᠥᠷᠲᠡᠭᠡ ᠴᠡᠭ ᠵᠶ᠋ᠡᠨ ᠦᠪᠡᠰᠦᠪᠡᠨ ᠤᠷᠢᠳᠴᠢᠯᠠᠨ ᠪᠣᠯᠵᠣᠵᠤ᠂ ᠰᠢᠰᠲ᠋ᠧᠮ ᠬᠠᠮᠤᠭ᠎ᠤᠨ ᠰᠠᠢ᠌ᠨ ᠵᠠᠮ᠎ᠢ ᠴᠠᠭ ᠲᠤᠬᠠᠶ᠎ᠳᠤ᠎ᠨᠢ ᠪᠣᠳᠣᠨ ᠭᠠᠷᠭ᠋ᠠᠵᠤ᠂ ᠣᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠲᠡᠭᠡᠭᠡᠪᠦᠷᠢ ᠵᠢᠨ ᠬᠦᠴᠦᠨ᠎ᠤ ᠡᠬᠢ ᠪᠠᠶᠠᠯᠢᠭ᠎ᠤᠨ ᠬᠥᠳᠡᠯᠦᠩᠭᠦᠶ ᠲᠣᠬᠢᠷᠠᠭᠤᠯᠤᠯᠲᠠ ᠵᠢ ᠲᠦᠷᠭᠡᠨ ᠬᠢᠵᠦ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠬᠡᠷᠡᠭᠴᠡᠭᠡ ᠵᠢ ᠦᠨᠳᠦᠰᠦᠯᠡᠨ ᠲᠡᠷᠭᠡ ᠶᠠᠪᠤᠭᠤᠯᠬᠤ᠂ ᠣᠶᠤᠨᠴᠢ᠎ᠪᠠᠷ ᠠᠶᠠᠯᠠᠯ ᠵᠠᠯᠠᠬᠤ᠂ ᠳᠥᠭᠥᠮ ᠳᠥᠲᠡ᠎ᠪᠠᠷ ᠰᠢᠭᠤᠳ ᠬᠥᠷᠬᠥ ᠵᠢ ᠪᠡᠶᠡᠯᠡᠭᠦᠯᠪᠡ᠃ ᠡᠭᠦᠨ᠎ᠳᠤ᠂ 《ᠰᠦᠯᠵᠢᠶ᠎ᠡ᠎ᠪᠠᠷ ᠪᠣᠯᠵᠣᠬᠤ ᠲᠦᠷᠭᠡᠨ ᠱᠤᠭᠤᠮ》 ᠡᠳᠦᠷ ᠪᠦᠷᠢ ᠳᠤᠮᠳᠠᠴᠢ᠎ᠪᠠᠷ 12 ᠲᠡᠷᠭᠡ ᠶᠠᠪᠤᠭᠤᠯᠵᠤ᠂ ᠪᠠᠷᠤᠭ 1400 ᠭᠠᠷᠤᠶ ᠠᠶᠠᠨᠴᠢᠳ᠎ᠢ ᠬᠦᠷᠭᠡᠪᠡ᠃

ᠣᠨᠴᠠᠯᠢᠭᠲᠤ ᠵᠢᠭᠤᠯᠴᠢᠯᠠᠯ᠎ᠤᠨ ᠵᠠᠮ ᠱᠤᠭᠤᠮ᠎ᠢ ᠨᠡᠪᠲᠡᠷᠡᠭᠦᠯᠵᠦ᠂ ᠵᠢᠭᠤᠯᠴᠢᠯᠠᠯ᠎ᠤᠨ ᠦᠵᠡᠮᠵᠢ ᠵᠢᠨ ᠴᠡᠭ᠎ᠢ 《ᠬᠣᠯᠪᠣᠵᠤ ᠱᠤᠭᠤᠮ ᠪᠤᠯᠭ᠋ᠠᠪᠠ》᠃ ᠬᠥᠬᠡᠬᠣᠲᠠ ᠵᠢᠨ ᠵᠢᠭᠤᠯᠴᠢᠯᠠᠯ᠎ᠤᠨ ᠶᠠᠪᠤᠵᠤ ᠰᠠᠭᠤᠬᠤ ᠣᠨᠴᠠᠯᠢᠭ ᠪᠠ ᠬᠠᠯᠠᠮᠰᠢᠯ᠎ᠲᠠᠢ ᠵᠢᠭᠤᠯᠴᠢᠯᠠᠯ᠎ᠤᠨ ᠦᠵᠡᠮᠵᠢ ᠵᠢᠨ ᠣᠷᠣᠨ᠎ᠲᠠᠢ ᠤᠶᠠᠯᠳᠤᠭᠤᠯᠤᠨ᠂ 《ᠲᠠᠪᠤᠨ ᠰᠠᠷ᠎ᠠ ᠵᠢᠨ ᠨᠢᠭᠡᠨ》᠎ᠤ ᠬᠤᠭᠤᠴᠠᠭ᠋ᠠᠨ᠎ᠳᠤ᠂ ᠵᠢᠭᠤᠯᠴᠢᠯᠠᠯ᠎ᠤᠨ ᠨᠡᠢ᠌ᠲᠡ ᠵᠢᠨ ᠮᠠᠰᠢᠨ ᠲᠡᠷᠭᠡᠨ᠎ᠤ 6 ᠱᠤᠭᠤᠮ᠎ᠢ ᠵᠠᠯᠭ᠋ᠠᠭ᠎ᠠ᠎ᠪᠠᠷ ᠨᠡᠪᠲᠡᠷᠡᠭᠦᠯᠵᠦ᠂ ᠳᠠᠯᠠᠨ ᠬᠠᠷ᠎ᠠ ᠠᠭᠤᠯᠠ᠂ ᠶᠡᠬᠡ ᠲᠦᠷᠭᠡᠨ ᠭᠣᠤᠯ᠂ ᠪᠠᠭ᠎ᠠ ᠲᠦᠷᠭᠡᠨ ᠭᠣᠤᠯ ᠳᠠᠭ᠋ᠠᠤ ᠵᠢᠨ ᠣᠯᠠᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠬᠣᠯᠪᠣᠵᠤ᠂ ᠵᠤᠭ᠋ᠠᠴᠠᠭᠰᠠᠳ᠎ᠤᠨ ᠲᠣᠭᠣᠷᠢᠨ ᠦᠵᠡᠬᠦ᠎ᠳᠤ ᠲᠥᠬᠥᠮ ᠦᠵᠡᠭᠦᠯᠪᠡ; 《ᠴᠡᠯᠡᠭᠡᠷ ᠲᠠᠯ᠎ᠠ ᠵᠢᠨ ᠲᠠᠯ᠎ᠠ ᠨᠤᠲᠤᠭ᠎ᠤᠨ ᠦᠵᠡᠮᠵᠢ ᠵᠢ ᠲᠤᠭᠤᠷᠢᠨ ᠦᠵᠡᠬᠦ ᠱᠤᠭᠤᠮ》᠎ᠢ ᠨᠡᠪᠲᠡᠷᠡᠭᠦᠯᠦᠨ ᠠᠵᠢᠯᠯᠠᠭᠤᠯᠵᠤ᠂ ᠬᠥᠬᠡᠬᠣᠲᠠ ᠵᠢᠨ ᠲᠠᠯ᠎ᠠ ᠨᠤᠲᠤᠭ᠂ ᠰᠠᠭ᠋ᠠᠯᠢ ᠵᠢᠨ ᠦᠨᠢᠶ᠎ᠡ᠂ ᠮᠣᠷᠢᠨ ᠬᠤᠭᠤᠷ ᠵᠡᠷᠭᠡ ᠤᠮᠠᠷᠠᠲᠤ ᠬᠢᠯᠢ ᠵᠢᠨ ᠣᠨᠴᠠᠯᠢᠭᠲᠤ ᠡᠯᠧᠮᠧᠨ᠋ᠲ ᠵᠶ᠋ᠡᠷ ᠪᠠᠢ᠌ᠭ᠋ᠠᠯᠢ ᠵᠢᠨ ᠥᠩᠭᠡ ᠦᠵᠡᠮᠵᠢ᠂ ᠰᠡᠯᠡᠭᠦᠴᠡᠯ ᠪᠡᠶᠡᠴᠢᠯᠡᠨ ᠣᠢ᠌ᠯᠠᠭ᠋ᠠᠬᠤ ᠵᠢ ᠨᠢᠭᠡ ᠴᠣᠭᠴᠠᠵᠢᠭᠤᠯᠤᠭᠰᠠᠨ ᠠᠮᠢ ᠠᠬᠤᠶ ᠵᠢᠨ ᠵᠢᠭᠤᠯᠴᠢᠯᠠᠯ᠎ᠤᠨ ᠲᠤᠰᠬᠠᠶ ᠱᠤᠭᠤᠮ᠎ᠢ ᠪᠠᠢ᠌ᠭᠤᠯᠪᠠ; 《ᠭᠢᠯᠠᠯᠵᠠᠭᠰᠠᠨ ᠲᠣᠭᠣᠷᠢᠨ ᠦᠵᠡᠬᠦ ᠨᠡᠢ᠌ᠲᠡ ᠵᠢᠨ ᠮᠠᠰᠢᠨ ᠲᠡᠷᠭᠡ》 ᠵᠢ ᠨᠡᠪᠲᠡᠷᠡᠭᠦᠯᠦᠨ ᠡᠵᠡᠩᠨᠡᠵᠦ᠂ 《ᠨᠡᠢ᠌ᠲᠡ ᠵᠢᠨ ᠮᠠᠰᠢᠨ ᠲᠡᠷᠭᠡ᠎ᠪᠠᠷ ᠬᠥᠬᠡᠬᠣᠲᠠ ᠵᠢ ᠲᠤᠭᠤᠷᠢᠨ ᠦᠵᠡᠬᠦ》᠎ᠪᠠᠷ ᠭᠣᠤᠯ ᠰᠡᠳᠦᠪ ᠪᠣᠯᠭ᠋ᠠᠨ᠂ ᠨᠡᠢ᠌ᠲᠡ ᠵᠢᠨ ᠮᠠᠰᠢᠨ ᠲᠡᠷᠭᠡᠨ᠎ᠤ ᠬᠠᠷᠠᠭ᠋ᠠᠰᠤ᠎ᠠᠴᠠ ᠬᠣᠲᠠ ᠵᠢᠨ ᠲᠥᠬᠥᠮ᠎ᠢ ᠣᠢ᠌ᠯᠠᠭ᠋ᠠᠵᠤ᠂ ᠬᠣᠲᠠ ᠵᠢᠨ ᠬᠠᠯᠠᠭᠤᠨ ᠳᠤᠯᠠᠭ᠋ᠠᠨ᠎ᠢ ᠮᠡᠳᠡᠷᠡᠭᠦᠯᠪᠡ᠃ ᠤᠨᠴᠠᠯᠢᠬᠳᠤ ᠵᠢᠭᠤᠯᠴᠢᠯᠠᠯ᠎ᠤᠨ ᠱᠤᠭᠤᠮ ᠨᠡᠪᠲᠡᠷᠡᠭᠰᠡᠨ᠎ᠠᠴᠠ ᠨᠠᠭ᠋ᠠᠰᠢ᠂ ᠨᠢᠭᠡ ᠪᠦᠯᠦᠭ ᠵᠤᠭ᠋ᠠᠴᠠᠭᠰᠠᠳ᠎ᠤᠨ ᠠᠩᠬᠠᠷᠤᠯ᠎ᠢ ᠲᠠᠲᠠᠵᠤ᠂ 5 ᠳ᠋ᠤᠭ᠋ᠠᠷ ᠰᠠᠷ᠎ᠠ᠎ᠠᠴᠠ ᠣᠲᠣ ᠪᠣᠯᠲᠠᠯ᠎ᠠ ᠨᠡᠢ᠌ᠲᠡ 11 ᠲᠦᠮᠡᠨ ᠬᠥᠮᠦᠨ ᠤᠳᠠᠭ᠎ᠠ ᠵᠤᠭ᠋ᠠᠴᠠᠭᠰᠠᠳ᠎ᠲᠤ ᠦᠢᠯᠡᠴᠢᠯᠡᠵᠦ᠂ ᠣᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠣᠯᠠᠨ ᠶᠠᠩᠵᠤᠲᠤ ᠬᠡᠷᠡᠭᠴᠡᠭᠡ ᠱᠠᠭ᠋ᠠᠷᠳᠠᠯᠭ᠎ᠠ ᠵᠢ ᠲᠤᠢ᠌ᠯ᠎ᠤᠨ ᠶᠡᠬᠡ᠎ᠪᠠᠷ ᠬᠠᠩᠭ᠋ᠠᠪᠠ᠃

ᠣᠳᠣᠬᠠᠨ᠎ᠳᠤ᠂ ᠬᠥᠬᠡᠬᠣᠲᠠ ᠵᠢᠨ ᠨᠡᠢ᠌ᠲᠡ ᠵᠢᠨ ᠮᠠᠰᠢᠨ ᠲᠡᠷᠭᠡᠨ᠎ᠤ ᠡᠵᠡᠩᠨᠡᠯᠲᠡ ᠵᠢᠨ ᠵᠠᠮ ᠱᠤᠭᠤᠮ 187 ᠵᠤᠷᠪᠤᠰ ᠪᠠᠢ᠌ᠵᠤ᠂ ᠡᠭᠦᠨ᠎ᠳᠤ ᠵᠢᠭᠤᠯᠴᠢᠯᠠᠯ᠎ᠤᠨ ᠵᠠᠮ ᠱᠤᠭᠤᠮ 10 ᠵᠤᠷᠪᠤᠰ᠂ ᠵᠠᠬᠢᠶᠠᠯᠠᠭ᠎ᠠ ᠵᠢᠨ ᠵᠠᠮ ᠱᠤᠭᠤᠮ 34 ᠵᠤᠷᠪᠤᠰ᠂ ᠰᠦᠯᠵᠢᠶ᠎ᠡ᠎ᠪᠠᠷ ᠪᠣᠯᠵᠤᠬᠤ ᠲᠦᠷᠭᠡᠨ ᠱᠤᠭᠤᠮ 2 ᠵᠤᠷᠪᠤᠰ ᠪᠠᠢ᠌ᠵᠤ᠂ ᠶᠡᠬᠡ ᠰᠤᠷᠭ᠋ᠠᠭᠤᠯᠢ ᠵᠢᠨ ᠣᠷᠣᠨ ᠪᠦᠰᠡ ᠵᠢᠨ ᠳᠠᠭ᠋ᠠᠬᠤ ᠬᠡᠯᠪᠡᠷᠢ ᠵᠢᠨ ᠨᠡᠢ᠌ᠲᠡ ᠵᠢᠨ ᠮᠠᠰᠢᠨ ᠲᠡᠷᠭᠡᠨ᠎ᠤ ᠵᠠᠮ ᠱᠤᠭᠤᠮ᠎ᠤᠨ ᠵᠣᠭᠰᠣᠬᠤ ᠴᠠᠭ᠎ᠢ ᠳᠤᠮᠳᠠᠴᠢ᠎ᠪᠠᠷ 2᠎ᠠᠴᠠ 4 ᠮᠢᠨᠦ᠋ᠲ ᠪᠣᠭᠣᠨᠢᠰᠬᠠᠵᠤ᠂ 6 ᠶᠡᠬᠡ ᠳᠡᠭᠡᠳᠦ ᠰᠤᠷᠭ᠋ᠠᠭᠤᠯᠢ ᠵᠢ ᠬᠠᠮᠤᠷᠤᠨ᠂ 8 ᠲᠦᠮᠡᠨ ᠪᠠᠭᠰᠢ ᠰᠤᠷᠤᠭᠴᠢᠳ᠎ᠤᠨ ᠶᠠᠪᠤᠵᠤ ᠰᠠᠭᠤᠬᠤ᠎ᠳᠤ ᠠᠰᠢᠭ ᠬᠦᠷᠲᠡᠭᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            