ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠲᠢᠩᠬᠢᠮ ᠨᠠᠮ᠎ᠤᠨ ᠭᠡᠰᠢᠭᠦᠳ᠎ᠢ ᠵᠣᠬᠢᠶᠠᠨ ᠪᠠᠶ᠋ᠢᠭᠤᠯᠤᠨ ᠥᠪᠥᠷ ᠮᠣᠩᠭᠤᠯ᠎ᠤᠨ ᠮᠦᠽᠧᠶ ᠵᠢᠨ ᠬᠦᠷᠢᠶᠡᠯᠡᠩ᠎ᠳᠤ ᠬᠦᠷᠴᠦ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-09-22

9 ᠳ᠋ᠦ᠍ᠭᠡᠷ ᠰᠠᠷ᠎ᠠ ᠵᠢᠨ 19᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠲᠢᠩᠬᠢᠮ᠎ᠤᠨ ᠰᠢᠭᠤᠳ ᠬᠠᠷᠢᠶ᠎ᠠ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠥᠪᠥᠷ ᠮᠣᠩᠭᠤᠯ᠎ᠤᠨ ᠮᠦᠽᠧᠶ ᠵᠢᠨ ᠬᠦᠷᠢᠶᠡᠯᠡᠩ᠎ᠳᠤ ᠬᠦᠷᠴᠦ 《ᠠᠭᠤᠰᠤᠯᠴᠠᠨ ᠨᠢᠭᠲᠠᠷᠠᠨ ᠤᠮᠠᠷᠠᠲᠤ ᠬᠢᠯᠢ ᠵᠢ ᠴᠣᠭᠴᠠᠯᠠᠵᠤ᠂ ᠰᠡᠳᠬᠢᠯ ᠨᠢᠭᠡᠳᠦᠨ ᠨᠠᠮ ᠵᠶ᠋ᠠᠨ ᠳᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃

ᠲᠢᠩᠬᠢᠮ᠎ᠤᠨ ᠰᠢᠭᠤᠳ ᠬᠠᠷᠢᠶ᠎ᠠ ᠰᠢᠰᠲ᠋ᠧᠮ᠎ᠤᠨ ᠨᠡᠶ᠋ᠢᠲᠡ 30 ᠬᠥᠮᠦᠨ ᠣᠷᠣᠯᠴᠠᠵᠠᠶ᠃ ᠰᠦᠷ ᠳᠠᠯᠠᠶ᠋ᠢᠴᠠᠲᠠᠢ 《ᠠᠭᠤᠰᠤᠯᠴᠠᠨ ᠨᠢᠭᠲᠠᠷᠠᠨ ᠤᠮᠠᠷᠠᠲᠤ ᠬᠢᠯᠢ ᠵᠢ ᠴᠣᠭᠴᠠᠯᠠᠬᠤ》 ᠦᠵᠡᠭᠦᠯᠭᠡ ᠵᠢᠨ ᠲᠢᠩᠬᠢᠮ᠎ᠳᠤ᠂ ᠪᠤᠢ ᠪᠦᠬᠦᠢ ᠬᠥᠮᠦᠰ ᠲᠠᠶ᠋ᠢᠯᠪᠤᠷᠢᠯᠠᠭᠴᠢ ᠵᠢᠨ ᠵᠢᠯᠤᠭᠤᠳᠤᠯᠭ᠎ᠠ᠎ᠪᠠᠷ ᠵᠣᠭᠰᠤᠵᠤ ᠰᠣᠨᠤᠰᠤᠨ᠎ᠠ᠃ ᠶᠡᠭᠡ ᠬᠡᠮᠵᠢᠶᠡᠨ᠎ᠤ ᠬᠤᠪᠣᠷ ᠨᠠᠨᠳᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠪᠣᠳᠠᠲᠤ ᠪᠣᠳᠠᠰ᠂ ᠠᠮᠢᠳᠤᠯᠢᠭ ᠰᠠᠶ᠋ᠢᠬᠠᠨ ᠭᠡᠷᠡᠯ ᠵᠢᠷᠤᠭ ᠬᠦᠰᠦᠨᠦᠭᠲᠦ᠂ ᠦᠨᠡᠨ ᠪᠣᠳᠠᠲᠠᠢ ᠰᠡᠷᠭᠦᠭᠡᠯᠲᠡ ᠵᠢᠨ ᠠᠬᠤᠢ ᠪᠠᠶ᠋ᠢᠳᠠᠯ ᠵᠢᠴᠢ ᠣᠳᠣᠬᠢᠴᠢᠯᠠᠭᠰᠠᠨ ᠤᠯᠠᠨ ᠵᠠᠭᠤᠴᠢᠯᠠᠭᠤᠷ᠎ᠤᠨ ᠦᠵᠡᠭᠦᠯᠦᠯᠭᠡ᠎ᠨᠢ᠂ ᠥᠪᠥᠷ ᠮᠣᠩᠭᠤᠯ ᠣᠷᠣᠨ᠎ᠤ ᠡᠷᠲᠡᠨ᠎ᠠᠴᠠ ᠨᠠᠭ᠋ᠠᠰᠢᠬᠢ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠵᠢᠨ ᠡᠪᠬᠡᠮᠡᠯ ᠵᠢᠷᠤᠭ᠎ᠢ ᠰᠢᠰᠲ᠋ᠧᠮ᠎ᠲᠠᠢ ᠢᠯᠡᠷᠡᠭᠦᠯᠵᠦ᠂ ᠤᠮᠠᠷᠠᠲᠤ ᠵᠢᠨ ᠡᠬᠡ ᠭᠠᠵᠠᠷ᠎ᠤᠨ ᠭᠦᠨ ᠵᠤᠵᠠᠭ᠋ᠠᠨ ᠲᠡᠦᠬᠡ ᠰᠣᠶᠣᠯ᠎ᠤᠨ ᠰᠠᠭᠤᠷᠢ ᠪᠣᠯᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠬᠦ ᠢᠷᠠᠭᠤ ᠠᠯᠳᠠᠷᠲᠤ ᠤᠯᠠᠮᠵᠢᠯᠠᠯ᠎ᠢ ᠠᠮᠢᠳᠤᠯᠢᠭ ᠵᠶ᠋ᠠᠷ ᠢᠯᠡᠷᠡᠭᠦᠯᠵᠦ᠂ ᠤᠯᠤᠰ ᠵᠶ᠋ᠠᠨ ᠬᠠᠶ᠋ᠢᠷᠠᠯᠠᠵᠤ ᠬᠤᠪᠢ ᠨᠡᠮᠡᠷᠢ ᠦᠵᠡᠭᠦᠯᠬᠦ᠂ ᠡᠷᠡᠰ ᠪᠠᠲᠤ ᠴᠦᠬᠦᠷᠡᠰᠢ ᠦᠭᠡᠢ ᠪᠠᠶ᠋ᠢᠬᠤ᠂ ᠨᠡᠭᠡᠭᠡᠯᠲᠡᠲᠡᠢ ᠪᠠᠭᠲᠠᠭ᠋ᠠᠮᠵᠢᠲᠠᠢ᠂ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠤᠮᠠᠷᠠᠲᠤ ᠬᠢᠯᠢ ᠵᠢᠨ ᠰᠣᠶᠣᠯ᠎ᠤᠨ ᠤᠶᠤᠨ ᠰᠠᠨᠠᠭ᠋ᠠᠨ᠎ᠤ ᠴᠥᠮ᠎ᠡ ᠵᠢ ᠭᠦᠨᠵᠡᠭᠡᠢ ᠲᠠᠶ᠋ᠢᠯᠪᠤᠷᠢᠯᠠᠵᠠᠢ᠃

ᠲᠣᠭᠤᠷᠢᠨ ᠦᠵᠡᠵᠦ ᠳᠠᠭᠤᠰᠤᠭᠰᠠᠨ᠎ᠤ ᠲᠠᠷᠠᠭ᠎ᠠ᠂ ᠤᠯᠠᠨ ᠵᠶ᠋ᠠᠷ ᠵᠶ᠋ᠠᠨ᠂ ᠲᠤᠰ ᠤᠳᠠᠭ᠎ᠠ ᠵᠢᠨ ᠲᠣᠭᠤᠷᠢᠨ ᠦᠵᠡᠬᠦ ᠠᠵᠢᠯᠯᠠᠭ᠎ᠠ ᠪᠣᠯ ᠠᠮᠢᠳᠤᠯᠢᠭ ᠲᠡᠦᠬᠡ ᠵᠢᠨ ᠬᠢᠴᠢᠶᠡᠯ᠂ ᠰᠣᠶᠣᠯ᠎ᠤᠨ ᠬᠢᠴᠢᠶᠡᠯ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ ᠪᠣᠯᠤᠨ᠎ᠠ᠂ ᠭᠦᠨᠵᠡᠭᠡᠢ ᠬᠥᠮᠦᠵᠢᠯ ᠵᠣᠷᠢᠭᠵᠢᠭᠤᠯᠤᠯ ᠣᠯᠵᠠᠢ᠃ ᠬᠤᠶ᠋ᠢᠰᠢᠳᠠ ᠲᠤᠬᠠᠶ᠋ᠢᠯᠠᠭᠰᠠᠨ ᠠᠵᠢᠯ᠎ᠳᠤ᠎ᠪᠠᠨ ᠰᠠᠭᠤᠷᠢᠯᠠᠵᠤ᠂ ᠤᠮᠠᠷᠠᠲᠤ ᠬᠢᠯᠢ ᠵᠢᠨ ᠰᠣᠶᠣᠯ᠎ᠳᠤ ᠠᠭᠤᠯᠤᠭᠳᠠᠵᠤ ᠪᠠᠶ᠋ᠢᠭ᠎ᠠ ᠲᠡᠮᠡᠴᠡᠯ᠎ᠤᠨ ᠵᠣᠷᠢᠭ ᠰᠠᠨᠠᠭ᠎ᠠ ᠪᠣᠯᠤᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ ᠨᠡᠩ ᠴᠤᠭ ᠪᠠᠳᠠᠷᠠᠩᠭᠤᠢ ᠲᠡᠮᠡᠴᠡᠯ᠎ᠤᠨ ᠵᠣᠷᠢᠭ᠂ ᠨᠡᠩ ᠪᠣᠳᠠᠲᠠᠢ ᠵᠢ ᠡᠷᠬᠢᠮᠯᠡᠬᠦ ᠰᠤᠷᠲᠠᠯ ᠵᠶ᠋ᠠᠷ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠭᠡᠵᠡᠭᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            