9 ᠳ᠋ᠦ᠍ᠭᠡᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ 2025 ᠣᠨ᠎ᠤ 9 ᠳ᠋ᠦ᠍ᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠬᠢᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠭᠣᠤ ᠱ᠌ᠢ ᠴᠢᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
ᠬᠤᠷᠠᠯ ᠳᠡᠭᠡᠷ᠎ᠡ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠱᠠᠰᠢᠨ ᠰᠤᠷᠲᠠᠬᠤᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠪᠠ 《ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ ᠵᠢᠨ ᠮᠡᠳᠡᠭᠦᠯᠦᠯᠲᠡ》 ᠵᠢ ᠲᠥᠪᠯᠡᠷᠡᠭᠦᠯᠦᠨ ᠤᠯᠠᠮᠵᠢᠯᠠᠨ ᠰᠤᠷᠤᠯᠴᠠᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃
ᠭᠤᠤ ᠱ᠌ᠢ ᠴᠢᠨ᠂ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ ᠵᠢ ᠨᠠᠷᠢᠨ ᠬᠢᠨᠠᠮᠠᠭ᠋ᠠᠢ ᠰᠠᠢ᠌ᠲᠤᠷ ᠬᠢᠵᠦ᠂ ᠥᠪᠡᠷ ᠵᠶ᠋ᠡᠨ ᠪᠠᠢ᠌ᠴᠠᠭ᠋ᠠᠵᠤ ᠦᠨᠡᠯᠡᠬᠦ᠎ᠲᠠᠢ ᠤᠶᠠᠯᠳᠤᠭᠤᠯᠤᠨ᠂ ᠲᠤᠰ ᠨᠢᠭᠡᠴᠢ ᠲᠤᠰ ᠰᠠᠯᠠᠭ᠎ᠠ ᠮᠥᠴᠢᠷ᠎ᠤᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ ᠠᠷᠭ᠎ᠠ ᠬᠢᠳᠡᠯ᠂ ᠦᠷ᠎ᠡ ᠪᠦᠲᠦᠮᠵᠢ᠂ ᠲᠤᠷᠰᠢᠯᠭ᠎ᠠ ᠪᠣᠯᠤᠨ ᠣᠷᠣᠰᠢᠵᠤ ᠪᠠᠢ᠌ᠭ᠎ᠠ ᠠᠰᠠᠭᠤᠳᠠᠯ᠎ᠢ ᠪᠦᠬᠦ ᠲᠠᠯ᠎ᠠ᠎ᠪᠠᠷ ᠳ᠋ᠦᠩᠨᠡᠨ ᠵᠠᠳᠠᠯᠬᠤ ᠬᠡᠷᠡᠭᠲᠡᠢ᠃ 《ᠰᠢ ᠵᠢᠨ ᠫᠢᠩ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠲᠤᠬᠠᠢ ᠶᠠᠷᠢᠭᠰᠠᠨ᠎ᠨᠢ》 ᠭᠡᠬᠦ ᠨᠣᠮ᠎ᠤᠨ ᠲᠠᠪᠤᠳᠤᠭ᠋ᠠᠷ ᠪᠤᠲᠢ ᠵᠢ ᠨᠠᠷᠢᠨ ᠬᠢᠨᠠᠮᠠᠭ᠋ᠠᠢ ᠵᠣᠬᠢᠶᠠᠨ ᠪᠠᠢ᠌ᠭᠤᠯᠤᠨ ᠰᠤᠷᠤᠯᠴᠠᠵᠦ᠂ ᠤᠨᠤᠯ ᠰᠤᠷᠤᠯᠴᠠᠬᠤ ᠭᠣᠣᠯ ᠳᠤᠭᠤᠢ᠌ᠯᠠᠩ᠂ 《ᠭᠤᠷᠪᠠᠨ ᠬᠤᠷᠠᠯ ᠨᠢᠭᠡ ᠬᠢᠴᠢᠶᠡᠯ》᠎ᠤᠨ ᠰᠤᠷᠤᠯᠴᠠᠬᠤ ᠠᠭᠤᠯᠭ᠎ᠠ᠎ᠳᠤ ᠣᠷᠣᠭᠤᠯᠵᠤ᠂ ᠦᠵᠡᠯ ᠰᠠᠨᠠᠭ᠎ᠠ ᠵᠢ ᠰᠤᠷᠤᠯᠴᠠᠬᠤ᠂ ᠦᠵᠡᠯ ᠰᠠᠨᠠᠭ᠎ᠠ ᠵᠢ ᠣᠢ᠌ᠯᠠᠭ᠋ᠠᠬᠤ᠂ ᠦᠵᠡᠯ ᠰᠠᠨᠠᠭ᠎ᠠ ᠵᠢ ᠬᠡᠷᠡᠭᠯᠡᠬᠦ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠵᠶ᠋ᠠᠨ ᠦᠷᠭᠦᠯᠵᠢᠯᠡᠨ ᠴᠢᠩᠭ᠋ᠠᠳᠬᠠᠬᠤ ᠬᠡᠷᠡᠭᠲᠡᠶ᠃ ᠤᠶᠠᠯᠳᠤᠭᠤᠯᠬᠤ ᠠᠭᠤᠰᠤᠯᠴᠠᠭᠤᠯᠬᠤ ᠠᠵᠢᠯ᠎ᠢ ᠨᠠᠷᠢᠨ ᠬᠢᠨᠠᠮᠠᠭ᠋ᠠᠢ ᠰᠠᠢ᠌ᠲᠤᠷ ᠬᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠴᠢᠯᠡᠭᠡᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠡᠯ᠎ᠡ ᠵᠦᠢ᠍ᠯ᠎ᠤᠨ ᠠᠵᠢᠯ᠎ᠢ ᠲᠤᠯᠭ᠋ᠠᠭᠤᠷᠢᠯᠠᠬᠤ᠎ᠳᠤ ᠭᠦᠨᠵᠡᠭᠡᠢ ᠪᠣᠳᠠᠲᠠᠢ ᠲᠤᠭᠤᠰᠢᠯᠠᠭᠤᠯᠵᠤ᠂ ᠪᠠᠢ᠌ᠳᠠᠯ᠎ᠢ ᠵᠠᠳᠠᠯᠬᠤ᠂ ᠠᠵᠢᠯ᠎ᠢ ᠲᠥᠯᠥᠪᠵᠢᠭᠦᠯᠬᠦ᠂ ᠰᠢᠢ᠍ᠳᠪᠦᠷᠢᠲᠦ ᠪᠤᠳᠤᠯᠭ᠎ᠠ ᠵᠢᠨ ᠪᠠᠢ᠌ᠷᠢᠯᠠᠭᠤᠯᠤᠯᠲᠠ ᠬᠢᠬᠦ ᠪᠦᠬᠦ ᠶᠠᠪᠤᠴᠠ ᠡᠯ᠎ᠡ ᠭᠣᠭᠴᠣᠭ᠎ᠠ᠎ᠳᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠥᠷᠭᠡᠨ ᠪᠦᠷᠬᠦᠴᠡ᠎ᠲᠠᠢ᠂ ᠳᠦᠷᠪᠡᠨ ᠵᠦᠭ ᠨᠠᠢ᠍ᠮᠠᠨ ᠵᠣᠷᠪᠤᠰ᠎ᠲᠤ ᠨᠡᠪᠲᠡᠷᠡᠬᠦ᠂ ᠬᠥᠮᠦᠰ ᠲᠥᠪᠯᠡᠷᠡᠭᠰᠡᠨ ᠠᠵᠢᠯ ᠲᠥᠷᠥᠯ᠎ᠤᠨ ᠳᠠᠪᠠᠭᠤᠯᠢᠭ᠎ᠢ ᠰᠠᠢ᠌ᠲᠤᠷ ᠪᠠᠳᠠᠷᠠᠭᠤᠯᠵᠤ᠂ ᠢᠯᠠᠩᠭᠤᠶ᠎ᠠ ᠤᠳᠠᠯ ᠦᠭᠡᠢ ᠬᠦᠷᠴᠦ ᠢᠷᠡᠬᠦ 《ᠠᠷᠪᠠᠨ ᠰᠠᠷ᠎ᠠ ᠵᠢᠨ ᠨᠢᠭᠡᠨ》᠎ᠤ ᠠᠮᠠᠷᠠᠯᠲᠠ ᠵᠢᠨ ᠬᠤᠭᠤᠴᠠᠭ᠎ᠠ ᠵᠢ ᠰᠠᠢ᠌ᠲᠤᠷ ᠠᠳᠬᠤᠵᠤ᠂ 23.43 ᠲᠦᠮᠡᠨ ᠺᠢᠯᠣᠮᠧᠲᠷ ᠵᠠᠰᠠᠮᠠᠯ ᠵᠠᠮ᠎ᠤᠨ ᠲᠣᠣᠷ᠂ 1.5 ᠲᠦᠮᠡᠨ ᠺᠢᠯᠣᠮᠧᠲᠷ᠎ᠤᠨ ᠲᠡᠮᠦᠷ ᠵᠠᠮ᠎ᠤᠨ ᠲᠣᠣᠷ ᠵᠢᠴᠢ ᠠᠭ᠋ᠠᠷ᠎ᠤᠨ ᠠᠶᠠᠯᠠᠯ᠎ᠤᠨ ᠲᠣᠣᠷ᠎ᠤᠨ ᠬᠠᠷᠠᠭ᠋ᠠᠨ ᠰᠡᠷᠡᠯ᠎ᠳᠤ ᠦᠵᠡᠭᠳᠡᠬᠦ ᠡᠷᠭᠢᠨ ᠲᠣᠭᠣᠷᠢᠨ᠎ᠤ ᠣᠷᠣᠨ ᠵᠠᠶ ᠵᠢᠨ ᠡᠬᠢ ᠪᠠᠶᠠᠯᠢᠭ᠎ᠢ ᠰᠠᠢ᠌ᠲᠤᠷ ᠠᠰᠢᠭᠯᠠᠵᠤ᠂ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠦᠷᠢ ᠲᠥᠷᠬᠦ ᠵᠢ ᠲᠡᠮᠳᠡᠭ ᠫᠠᠢ᠌ᠰᠠ᠂ ᠵᠠᠮ ᠳᠠᠭ᠋ᠠᠤ ᠵᠢᠨ ᠵᠠᠷ ᠮᠡᠳᠡᠭᠡᠨ᠎ᠤ ᠫᠠᠢ᠌ᠰᠠ᠂ ᠡᠵᠡᠩᠨᠡᠯᠲᠡ ᠵᠢᠨ ᠲᠡᠷᠭᠡᠨ᠎ᠤ LED ᠳᠡᠯᠭᠡᠴᠡ ᠵᠡᠷᠭᠡ ᠬᠠᠮᠢᠶ᠎ᠠ ᠪᠦᠬᠦᠢ ᠲᠠᠯ᠎ᠠ᠎ᠳᠤ ᠦᠷᠭᠡᠨ ᠢᠯᠡᠷᠡᠭᠦᠯᠵᠦ᠂ ᠲᠡᠭᠡᠭᠡᠪᠦᠷᠢ ᠵᠢᠨ ᠲᠠᠯᠠᠪᠤᠷ ᠦᠷᠲᠡᠭᠡ᠂ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠣᠷᠢᠭ᠂ ᠰᠦᠢᠳᠬᠡᠯ ᠬᠤᠷᠢᠶᠠᠬᠤ ᠥᠷᠲᠡᠭᠡ ᠵᠡᠷᠭᠡ ᠲᠠᠯᠠᠪᠤᠷ᠎ᠢ ᠠᠰᠢᠭᠯᠠᠵᠤ᠂ ᠭᠣᠣᠯ ᠰᠡᠳᠦᠪ᠎ᠤᠨ ᠬᠡᠯᠪᠡᠷᠢ᠂ 《ᠳᠤᠰᠤᠯᠭ᠋ᠠᠨ ᠤᠰᠤᠯᠠᠬᠤ ᠮᠠᠶᠢᠭ》 ᠵᠶ᠋ᠡᠷ ᠳᠤᠮᠳᠠᠳᠤ ᠵᠢᠨ ᠰᠣᠶᠣᠯ᠎ᠢ ᠤᠬᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠯᠢᠭᠡᠷ᠎ᠢ ᠰᠠᠢ᠌ᠲᠤᠷ ᠶᠠᠷᠢᠵᠤ᠂ 《ᠭᠤᠷᠪᠠᠨ ᠰᠠᠯᠵᠤ ᠴᠢᠳᠠᠬᠤ ᠥᠬᠡᠶ》᠂ 《ᠳᠥᠷᠪᠡᠨ ᠬᠠᠮᠲᠤ᠎ᠪᠠᠷ》᠂ 《ᠲᠠᠪᠤᠨ ᠬᠠᠮᠲᠤ ᠵᠢᠨ ᠲᠠᠨᠢᠯᠲᠠ》᠂ 《ᠲᠤᠯᠤᠭ᠋ᠠᠨ ᠵᠢᠱ᠌ᠢᠶᠡᠴᠢ ᠪᠣᠯᠬᠤ》 ᠵᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃