ᠣᠢ᠌ᠷ᠎ᠠ᠎ᠳᠤ᠂ 《2024 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ》᠎ᠢ ᠨᠡᠢ᠌ᠲᠡᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠠᠴᠠ ᠲᠠᠨᠢᠯᠴᠠᠭᠤᠯᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ᠎ᠠᠴᠠ ᠡᠷᠭᠢᠯᠡᠨ ᠪᠡᠶᠡᠯᠡᠭᠦᠯᠦᠭᠰᠡᠨ 《ᠵᠠᠰᠠᠮᠠᠯ ᠵᠠᠮ᠎ᠤᠨ ᠭᠠᠳᠠᠷᠭᠤ ᠵᠢᠨ ᠮᠥᠰᠥ ᠬᠦᠯᠳᠡᠬᠦ ᠵᠢ ᠬᠢᠨᠠᠨ ᠬᠡᠮᠵᠢᠵᠦ ᠰᠡᠷᠡᠮᠵᠢᠯᠡᠭᠦᠯᠬᠦ ᠵᠢᠴᠢ ᠮᠥᠰᠥ ᠴᠠᠰᠤ ᠵᠢ ᠰᠠᠨᠠᠭ᠋ᠠᠴᠢᠯᠠᠭ᠎ᠠ᠎ᠠᠴᠠ᠎ᠪᠠᠨ ᠬᠠᠢ᠌ᠯᠤᠭᠤᠯᠬᠤ ᠵᠠᠩᠭᠢᠯᠠᠭ᠎ᠠ ᠵᠢᠨ ᠮᠡᠷᠭᠡᠵᠢᠯ᠎ᠢ ᠰᠤᠳᠤᠯᠤᠨ ᠨᠡᠭᠡᠭᠡᠬᠦ ᠪᠠ ᠬᠡᠷᠡᠭᠯᠡᠬᠦ》 ᠲᠥᠷᠥᠯ ᠵᠦᠢᠯ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠪᠡ᠃ ᠲᠣᠰ ᠲᠥᠷᠥᠯ ᠵᠦᠢᠯ᠎ᠨᠢ ᠡᠪᠦᠯ᠎ᠤᠨ ᠤᠯᠠᠷᠢᠯ᠎ᠤᠨ ᠵᠠᠰᠠᠮᠠᠯ ᠵᠠᠮ᠎ᠤᠨ ᠲᠡᠷᠭᠡ ᠶᠠᠪᠤᠬᠤ ᠠᠮᠤᠷ ᠲᠦᠪᠰᠢᠨ᠎ᠤ ᠬᠦᠷᠢᠶᠡᠨ᠎ᠳᠤ ᠴᠢᠬᠤᠯᠠ ᠶᠡᠬᠡ ᠰᠢᠪᠲᠤᠯᠤᠯᠲᠠ᠎ᠲᠠᠢ ᠪᠣᠯᠵᠣ᠂ ᠬᠦᠢᠲᠡᠨ ᠣᠷᠣᠨ᠎ᠤ ᠵᠠᠰᠠᠮᠠᠯ ᠵᠠᠮ᠎ᠤᠨ ᠨᠡᠪᠲᠡᠷᠡᠬᠦ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠳᠤ ᠵᠠᠩᠭᠢᠯᠠᠭ᠎ᠠ ᠵᠢᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠪᠠ᠃
ᠡᠪᠦᠯ᠎ᠤᠨ ᠤᠯᠠᠷᠢᠯ᠎ᠳᠤ ᠵᠠᠰᠠᠮᠠᠯ ᠵᠠᠮ ᠳᠡᠭᠡᠷ᠎ᠡ ᠪᠠᠢ᠌ᠨ ᠪᠠᠢ᠌ᠨ ᠡᠭᠦᠰᠴᠦ ᠪᠠᠢ᠌ᠭ᠎ᠠ ᠮᠥᠰᠥ ᠬᠥᠯᠳᠡᠬᠦ ᠭᠠᠮᠰᠢᠭ᠎ᠠᠴᠠ ᠪᠣᠯᠤᠭᠰᠠᠨ ᠵᠠᠮ ᠬᠠᠷᠢᠯᠴᠠᠭ᠋ᠠᠨ᠎ᠤ ᠲᠠᠰᠤᠯᠳᠠᠭᠰᠠᠨ ᠴᠠᠭ᠎ᠨᠢ ᠣᠷᠳᠣ᠂ ᠮᠥᠷᠭᠥᠯᠳᠦᠭᠰᠡᠨ ᠡᠨᠳᠡᠯ ᠣᠯᠠᠨ᠂ ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠰᠡᠷᠭᠡᠢ᠌ᠯᠡᠬᠦ᠎ᠳᠤ ᠬᠦᠴᠢᠷᠲᠡᠶ ᠪᠠᠢ᠌ᠬᠤ ᠵᠡᠷᠭᠡ ᠠᠰᠠᠭᠤᠳᠠᠯ᠎ᠤᠨ ᠡᠮᠦᠨ᠎ᠡ᠂ ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ᠎ᠤᠨ᠎ᠬᠢᠨ ᠤᠷᠢᠳᠴᠢᠯᠠᠨ ᠰᠡᠷᠭᠡᠢ᠌ᠯᠡᠬᠦ ᠵᠢ ᠲᠡᠷᠢᠭᠦᠨ᠎ᠳᠤ ᠲᠠᠯᠪᠢᠬᠤ᠂ ᠪᠣᠳᠠᠲᠠᠶ ᠵᠢ ᠡᠷᠬᠢᠮᠯᠡᠨ ᠲᠤᠰᠠᠲᠠᠢ ᠪᠠᠢ᠌ᠬᠤ ᠲᠤᠯᠭ᠋ᠠᠮ᠎ᠠ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠠᠪᠴᠠᠩ ᠪᠠᠢ᠌ᠭᠤᠯᠤᠨ᠂ ᠪᠣᠭᠣᠮᠲᠠ ᠰᠢᠪᠲᠤᠯᠬᠤ ᠪᠦᠯᠬᠦᠮ ᠨᠡᠢ᠌ᠲᠡ ᠵᠢ ᠵᠣᠬᠢᠶᠠᠨ ᠪᠠᠢ᠌ᠭᠤᠯᠵᠤ᠂ ᠠᠷᠪᠠ ᠭᠠᠷᠤᠶ ᠵᠢᠯ᠎ᠤᠨ ᠲᠤᠷᠰᠢ᠂ ᠬᠡᠳᠦᠨ ᠦᠶ᠎ᠡ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠦᠷᠭᠦᠯᠵᠢᠯᠡᠨ ᠲᠡᠮᠡᠴᠡᠬᠦ᠎ᠪᠠᠷ ᠳᠡᠮᠵᠢᠨ᠂ ᠤᠮᠠᠷᠠᠲᠤ ᠬᠢᠯᠢ ᠵᠢᠨ ᠵᠠᠰᠠᠮᠠᠯ ᠵᠠᠮ᠎ᠤᠨ ᠠᠮᠤᠷ ᠲᠦᠪᠰᠢᠨ᠎ᠢ ᠬᠠᠮᠠᠭ᠋ᠠᠯᠠᠬᠤ 《ᠮᠥᠰᠥ ᠬᠠᠭ᠋ᠠᠯᠬᠤ ᠬᠤᠷᠴᠠ ᠰᠡᠯᠡᠮ᠎ᠡ》 ᠵᠢ ᠡᠭᠦᠳᠦᠨ ᠭᠠᠷᠭ᠋ᠠᠪᠠ᠃
ᠲᠥᠷᠥᠯ ᠵᠦᠢᠯ᠎ᠨᠢ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠬᠤᠯ᠎ᠤᠨ ᠣᠨᠴᠠᠯᠢᠭᠲᠤ ᠰᠠᠭᠤᠷᠢᠯᠠᠨ᠂ ᠣᠯᠠᠨ ᠢᠷᠡᠯᠲᠡ᠎ᠲᠠᠢ ᠲᠣᠭ᠎ᠠ ᠪᠠᠷᠢᠮᠲᠠ ᠵᠢ ᠠᠭᠤᠰᠤᠯᠴᠠᠭᠤᠯᠤᠭᠰᠠᠨ ᠮᠥᠰᠥ ᠬᠦᠯᠳᠡᠬᠦ ᠵᠢ ᠤᠷᠢᠳᠴᠢᠯᠠᠨ ᠰᠡᠷᠡᠮᠵᠢᠯᠡᠭᠦᠯᠬᠦ ᠠᠷᠭ᠎ᠠ ᠵᠢ ᠳᠤᠷᠠᠳᠴᠤ᠂ ᠵᠠᠮ ᠳᠡᠭᠡᠷ᠎ᠡ ᠮᠥᠰᠥ ᠬᠥᠯᠳᠡᠬᠦ ᠠᠶᠤᠯᠲᠤ ᠴᠢᠨᠠᠷ᠎ᠤᠨ ᠳᠡᠰ᠎ᠢ ᠦᠨᠡᠯᠡᠬᠦ ᠭᠦᠢᠴᠡᠳᠬᠡᠯ ᠲᠣᠭ᠎ᠠ ᠵᠢᠨ ᠰᠢᠰᠲ᠋ᠧᠮ᠎ᠢ ᠪᠠᠢ᠌ᠭᠤᠯᠪᠠ; ᠬᠠᠲᠠᠭᠤ - ᠰᠢᠩᠭᠡᠨ᠎ᠤ ᠲᠥᠯᠥᠪ᠎ᠤᠨ ᠬᠤᠪᠢᠷᠠᠯ᠎ᠤᠨ ᠮᠠᠲ᠋ᠧᠷᠢᠶᠠᠯ᠎ᠤᠨ ᠰᠠᠨᠠᠭ᠋ᠠᠴᠢᠯᠠᠭ᠋ᠠᠲᠤ ᠮᠠᠶᠢᠭ᠎ᠤᠨ ᠮᠥᠰᠥ ᠬᠦᠯᠳᠡᠬᠦ ᠵᠢ ᠬᠢᠨᠠᠨ ᠬᠡᠮᠵᠢᠵᠦ ᠰᠡᠷᠡᠮᠵᠢᠯᠡᠭᠦᠯᠬᠦ ᠨᠥᠯᠥᠭᠡᠯᠡᠭᠦᠷ ᠪᠣᠯᠤᠨ ᠵᠠᠮ᠎ᠤᠨ ᠭᠠᠳᠠᠷᠭᠤ ᠵᠢᠨ ᠮᠥᠰᠥ ᠬᠦᠯᠳᠡᠬᠦ ᠵᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠎ᠢ ᠠᠮᠵᠢᠯᠲᠠ᠎ᠲᠠᠢ᠎ᠪᠠᠷ ᠰᠤᠳᠤᠯᠤᠨ ᠨᠡᠭᠡᠭᠡᠵᠦ᠂ ᠵᠠᠮ᠎ᠤᠨ ᠭᠠᠳᠠᠷᠭᠤ ᠵᠢᠨ ᠮᠥᠰᠦ ᠬᠦᠯᠳᠡᠬᠦ ᠴᠠᠭ ᠲᠣᠬᠢᠶᠠᠯ᠎ᠢ ᠣᠯᠬᠤᠶ᠎ᠠ ᠪᠡᠷᠬᠡ ᠪᠠ ᠤᠷᠢᠳᠴᠢᠯᠠᠨ ᠰᠠᠨᠠᠭ᠋ᠠᠴᠢᠯᠠᠭ᠎ᠠ᠎ᠠᠴᠠ᠎ᠪᠠᠨ ᠮᠥᠰᠥ ᠬᠠᠢ᠌ᠯᠠᠭᠤᠯᠬᠤ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠢ ᠵᠢ ᠰᠢᠪᠲᠤᠯᠪᠠ; ᠪᠠᠷᠠᠭ᠋ᠠᠨ᠎ᠤ ᠰᠦᠯᠵᠢᠶ᠎ᠡ ᠵᠢᠨ ᠮᠡᠷᠭᠡᠵᠢᠯ᠎ᠢ ᠬᠤᠷᠠᠮᠳᠤᠭᠤᠯᠵᠤ᠂ 《ᠮᠢᠨᠦ᠋ᠲ᠎ᠤᠨ ᠲᠠᠰ᠎ᠤᠨ ᠤᠷᠢᠳᠴᠢᠯᠠᠨ ᠮᠡᠳᠡᠭᠡᠯᠡᠬᠦ᠂ ᠺᠢᠯᠣᠮᠧᠲᠷ᠎ᠤᠨ ᠲᠠᠰ᠎ᠤᠨ ᠤᠷᠢᠳᠴᠢᠯᠠᠨ ᠰᠡᠷᠡᠮᠵᠢᠯᠡᠭᠦᠯᠬᠦ》 ᠰᠠᠨᠠᠭ᠋ᠠᠴᠢᠯᠠᠭ᠎ᠠ᠎ᠠᠴᠠ᠎ᠪᠠᠨ ᠮᠥᠰᠥ ᠬᠠᠢ᠌ᠯᠠᠭᠤᠯᠬᠤ ᠶᠡᠷᠦᠩᠬᠡᠢ᠌ᠯᠡᠭᠰᠡᠨ ᠬᠡᠷᠡᠭᠯᠡᠭᠡᠨ᠎ᠤ ᠰᠢᠰᠲ᠋ᠧᠮ᠎ᠢ ᠪᠠᠢ᠌ᠭᠤᠯᠵᠤ᠂ ᠴᠠᠭ ᠲᠤᠬᠠᠶ᠎ᠳᠤᠨᠢ ᠤᠷᠢᠳᠴᠢᠯᠠᠨ ᠰᠡᠷᠡᠮᠵᠢᠯᠡᠭᠦᠯᠬᠦ ᠵᠢ ᠪᠡᠶᠡᠯᠡᠭᠦᠯᠵᠦ᠂ ᠰᠢᠢᠳᠪᠦᠷᠢᠯᠡᠬᠦ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠵᠦ᠂ ᠡᠪᠦᠯ᠎ᠤᠨ ᠤᠯᠠᠷᠢᠯ᠎ᠳᠤ ᠵᠠᠮ ᠬᠠᠷᠢᠯᠴᠠᠭ᠋ᠠᠨ᠎ᠤ ᠡᠨᠳᠡᠯ ᠭᠠᠷᠬᠤ ᠨᠣᠷᠮ᠎ᠠ ᠵᠢ ᠢᠯᠡᠳᠲᠡ ᠪᠠᠭᠤᠷᠠᠭᠤᠯᠵᠤ᠂ ᠮᠥᠰᠥ ᠬᠠᠢ᠌ᠯᠠᠭᠤᠯᠬᠤ ᠡᠳ᠋᠎ᠤᠨ ᠵᠠᠮ᠎ᠤᠨ ᠪᠦᠲᠦᠴᠡ ᠪᠠ ᠵᠠᠮ᠎ᠤᠨ ᠣᠷᠴᠢᠨ ᠲᠣᠭᠣᠷᠢᠨ᠎ᠢ ᠪᠣᠬᠢᠷᠲᠤᠭᠤᠯᠤᠨ ᠬᠣᠬᠢᠷᠠᠭᠤᠯᠬᠤ ᠵᠢ ᠪᠠᠭ᠋ᠠᠰᠬᠠᠪᠠ᠃ ᠲᠥᠷᠥᠯ ᠵᠦᠢᠯ᠎ᠨᠢ ᠤᠯᠤᠰ᠎ᠤᠨ ᠲᠤᠰᠬᠠᠶ ᠠᠰᠢᠭ ᠵᠢᠴᠢ ᠵᠥᠭᠡᠯᠡᠨ ᠲᠣᠨᠤᠭ᠎ᠤᠨ ᠵᠣᠬᠢᠶᠠᠯ ᠪᠦᠲᠦᠭᠡᠯ᠎ᠢ ᠨᠡᠢ᠌ᠲᠡ 23 ᠲᠥᠷᠥᠯ ᠭᠥᠷᠳᠡᠵᠦ᠂ 3 ᠲᠤᠰᠬᠠᠶ ᠪᠦᠲᠦᠭᠡᠯ ᠬᠡᠪᠯᠡᠭᠦᠯᠵᠦ᠂ 3 ᠲᠥᠷᠥᠯ᠎ᠤᠨ ᠪᠠᠷᠢᠮᠵᠢᠶ᠎ᠠ ᠵᠢ ᠭᠣᠤᠯᠯᠠᠨ ᠨᠠᠢ᠌ᠷᠠᠭᠤᠯᠵᠤ᠂ 32 ᠥᠨᠳᠥᠷ ᠲᠦᠪᠰᠢᠨ᠎ᠤ ᠥᠭᠦᠯᠡᠯ ᠨᠡᠢ᠌ᠲᠡᠯᠡᠭᠦᠯᠪᠡ᠃ ᠰᠤᠳᠤᠯᠭ᠋ᠠᠨ᠎ᠤ ᠦᠷ᠎ᠡ ᠪᠦᠲᠦᠭᠡᠯ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠷᠡᠭᠦᠯᠬᠦ ᠭᠠᠷᠴᠠᠭ᠎ᠲᠤ ᠰᠣᠩᠭᠣᠭᠳᠠᠵᠤ᠂ ᠤᠷᠢᠳ ᠬᠣᠵᠢᠳ G6 ᠪᠡᠭᠡᠵᠢᠩ᠎ᠠᠴᠠ ᠲᠥᠪᠡᠳ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠵᠢᠨᠢᠩ᠎ᠠᠴᠠ ᠬᠥᠬᠡᠬᠣᠲᠠ ᠬᠦᠷᠬᠦ ᠬᠡᠰᠡᠭ᠂ G18 ᠷᠦᠩᠴᠸᠩᠠᠴᠠ ᠦᠬᠠᠢ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠦᠬᠠᠢ ᠵᠢᠨ ᠬᠡᠰᠡᠭ ᠵᠡᠷᠭᠡ ᠵᠠᠰᠠᠮᠠᠯ ᠵᠠᠮ᠎ᠤᠨ ᠲᠦᠷᠦᠯ ᠵᠦᠢ᠍ᠯ᠎ᠳᠤ ᠠᠮᠵᠢᠯᠲᠠ᠎ᠲᠠᠢ ᠳᠡᠯᠭᠡᠷᠡᠭᠦᠯᠦᠨ ᠬᠡᠷᠡᠭᠯᠡᠵᠦ᠂ ᠵᠠᠰᠠᠮᠠᠯ ᠵᠠᠮ᠎ᠤᠨ ᠬᠠᠮᠢᠶᠠᠷᠤᠯᠲᠠ᠂ ᠡᠵᠡᠩᠨᠡᠯᠲᠡ ᠪᠠ ᠠᠷᠠᠴᠢᠯᠠᠯᠲᠠ ᠬᠠᠮᠠᠭ᠋ᠠᠯᠠᠯᠲᠠ ᠵᠡᠷᠭᠡ ᠨᠢᠭᠡᠴᠢ ᠵᠢᠨ ᠰᠠᠢ᠍ᠢ᠍ᠨ ᠦᠨᠡᠯᠡᠯᠲᠡ ᠵᠢ ᠣᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠪᠡᠶᠡᠯᠡᠭᠦᠯᠪᠡ᠃