9 ᠳ᠋ᠦ᠍ᠭᠡᠷ ᠰᠠᠷ᠎ᠠ ᠵᠢᠨ 24—26᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠳᠣᠤᠷ᠎ᠠ ᠠᠭ᠋ᠠᠷ᠎ᠤᠨ ᠠᠵᠤ ᠠᠬᠤᠶ ᠵᠢᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠪᠡ᠃

ᠲᠣᠰ ᠤᠳᠠᠭ᠋ᠠᠨ᠎ᠤ ᠪᠣᠯᠪᠠᠰᠤᠷᠠᠯ᠎ᠨᠢ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠳᠣᠤᠷ᠎ᠠ ᠠᠭ᠋ᠠᠷ᠎ᠤᠨ ᠠᠵᠤ ᠠᠬᠤᠶ ᠵᠡᠷᠭᠡ ᠭᠤᠷᠪᠠᠨ ᠭᠣᠤᠯ ᠬᠦᠷᠢᠶᠡᠨ᠎ᠤ ᠲᠣᠭᠣᠷᠢᠨ᠎ᠳᠤ ᠨᠠᠷᠢᠯᠢᠭ ᠣᠨᠣᠪᠴᠢᠲᠠᠶ ᠲᠣᠬᠢᠷᠠᠭᠤᠯᠵᠤ᠂ ᠣᠨᠴᠠ ᠤᠷᠢᠭᠰᠠᠨ ᠲᠤᠰᠬᠠᠶ ᠮᠡᠷᠭᠡᠵᠢᠯᠲᠡᠨ᠎ᠠᠴᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠡᠮᠦᠷ ᠵᠠᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠰᠡᠳᠬᠢᠮᠵᠢ ᠵᠢᠴᠢ ᠣᠳᠣᠬᠢ ᠪᠠᠢ᠌ᠳᠠᠯ; 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠡᠮᠦᠷ ᠵᠠᠮ᠎ᠤᠨ ᠲᠤᠰᠬᠠᠶ ᠱᠤᠭᠤᠮ᠎ᠤᠨ ᠲᠥᠯᠥᠪᠵᠢᠭᠦᠯᠭᠡ ᠵᠢᠨ ᠰᠡᠳᠬᠢᠮᠵᠢ᠂ ᠨᠠᠢ᠌ᠷᠠᠭᠤᠯᠤᠨ ᠵᠣᠬᠢᠶᠠᠭᠰᠠᠨ ᠪᠠᠢ᠌ᠳᠠᠯ ᠵᠢᠴᠢ ᠣᠳᠣᠬᠢ ᠪᠠᠢ᠌ᠳᠠᠯ; ᠠᠭ᠋ᠠᠷ᠎ᠤᠨ ᠣᠷᠣᠨ᠎ᠢ ᠬᠤᠪᠢᠶᠠᠭᠰᠠᠨ ᠪᠠᠢ᠌ᠳᠠᠯ᠂ ᠳᠣᠤᠷ᠎ᠠ ᠠᠭ᠋ᠠᠷ᠎ᠤᠨ ᠰᠠᠭᠤᠷᠢ ᠪᠡᠯᠡᠳᠬᠡᠮᠵᠢ ᠵᠢᠨ ᠲᠥᠯᠥᠪᠵᠢᠭᠦᠯᠭᠡ ᠵᠢᠨ ᠰᠡᠳᠬᠢᠮᠵᠢ ᠵᠢᠴᠢ ᠣᠳᠣᠬᠠᠨ᠎ᠤ ᠪᠦᠬᠦ ᠤᠯᠤᠰ᠎ᠤᠨ ᠳᠣᠤᠷ᠎ᠠ ᠠᠭ᠋ᠠᠷ᠎ᠤᠨ ᠠᠵᠤ ᠠᠬᠤᠶ ᠵᠢᠨ ᠬᠥᠭᠵᠢᠯᠲᠡ ᠵᠢᠨ ᠪᠠᠢ᠌ᠳᠠᠯ᠎ᠢ ᠰᠤᠳᠤᠯᠤᠨ ᠮᠠᠭ᠋ᠠᠳᠯᠠᠬᠤ ᠵᠡᠷᠭᠡ ᠠᠭᠤᠯᠭ᠎ᠠ ᠵᠢᠨ ᠲᠣᠭᠣᠷᠢᠨ᠎ᠳᠤ ᠬᠢᠴᠢᠶᠡᠯ ᠣᠷᠣᠵᠤ᠂ ᠬᠢᠴᠢᠶᠡᠯ᠎ᠤᠨ ᠰᠢᠰᠲ᠋ᠧᠮᠵᠢ᠎ᠨᠢ ᠠᠵᠢᠯ ᠲᠥᠷᠥᠯ᠎ᠤᠨ ᠬᠥᠭᠵᠢᠯᠲᠡ ᠵᠢᠨ ᠵᠠᠩᠭᠢᠯᠠᠭ᠎ᠠ ᠵᠢᠨ ᠭᠣᠭᠴᠣᠭ᠎ᠠ ᠵᠢ ᠪᠦᠬᠦ ᠲᠠᠯ᠎ᠠ᠎ᠪᠠᠷ ᠬᠠᠮᠤᠷᠬᠤ ᠵᠢᠨ ᠬᠠᠮᠲᠤ ᠲᠡᠮᠦᠷ ᠵᠠᠮ᠎ᠤᠨ ᠲᠣᠤᠷ᠎ᠤᠨ ᠲᠥᠯᠥᠪᠵᠢᠭᠦᠯᠭᠡ ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ᠂ ᠳᠣᠤᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠰᠢᠨ᠎ᠡ ᠵᠢ ᠡᠭᠦᠳᠬᠦ ᠬᠡᠷᠡᠭᠯᠡᠯᠲᠡ᠂ ᠠᠷᠠᠳ᠎ᠤᠨ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠨ ᠵᠥᠪᠰᠢᠶᠡᠷᠡᠬᠦ ᠪᠣᠳᠠᠲᠤ ᠶᠠᠪᠤᠳᠠᠯ ᠵᠡᠷᠭᠡ ᠲᠠᠯ᠎ᠠ᠎ᠪᠠᠷ ᠰᠣᠯᠢᠯᠴᠠᠭ᠎ᠠ ᠬᠢᠪᠡ᠃
ᠪᠣᠯᠪᠠᠰᠤᠷᠠᠯ᠎ᠳᠤ ᠣᠷᠣᠯᠴᠠᠭᠰᠠᠨ ᠰᠤᠷᠤᠯᠴᠠᠭᠰᠠᠳ᠂ ᠪᠣᠯᠪᠠᠰᠤᠷᠠᠯ ᠵᠶ᠋ᠠᠷ ᠳᠠᠮᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠴᠢ ᠳᠣᠣᠷ᠎ᠠ ᠠᠭ᠋ᠠᠷ᠎ᠤᠨ ᠠᠵᠤ ᠠᠬᠤᠢ ᠵᠢᠨ ᠬᠦᠷᠢᠶᠡᠨ᠎ᠤ ᠲᠥᠯᠥᠪᠵᠢᠭᠦᠯᠭᠡ ᠵᠢᠨ ᠰᠡᠳᠬᠢᠮᠵᠢ ᠪᠣᠯᠤᠨ ᠣᠳᠣᠬᠢ ᠪᠠᠢ᠌ᠳᠠᠯ᠎ᠢ ᠪᠦᠬᠦ ᠲᠠᠯ᠎ᠠ᠎ᠪᠠᠷ ᠡᠵᠡᠮᠰᠢᠭᠰᠡᠨ ᠪᠥᠭᠡᠳ ᠠᠵᠢᠯ ᠲᠦᠷᠦᠯ᠎ᠤᠨ ᠬᠣᠰᠢᠭᠤᠷᠠᠯ ᠬᠠᠨᠳᠤᠰᠢ ᠪᠣᠯᠤᠨ ᠦᠢ᠍ᠯᠡᠳᠦᠯᠭᠡ ᠵᠢᠨ ᠠᠷᠭ᠎ᠠ ᠵᠢ ᠣᠨᠣᠪᠴᠢᠲᠠᠢ ᠡᠵᠡᠮᠰᠢᠵᠦ᠂ ᠲᠤᠰ ᠤᠳᠠᠭ᠋ᠠᠨ᠎ᠤ ᠪᠣᠯᠪᠠᠰᠤᠷᠠᠯ ᠵᠶ᠋ᠠᠷ ᠰᠢᠨ᠎ᠡ ᠭᠠᠷᠤᠭ᠎ᠠ ᠪᠣᠯᠭ᠋ᠠᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠲᠤᠬᠠᠢ᠌ᠯᠠᠭᠰᠠᠨ ᠠᠵᠢᠯ᠎ᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭ᠋ᠠᠨ ᠬᠤᠪᠢᠷᠠᠭᠤᠯᠵᠤ᠂ ᠲᠤᠰᠬᠠᠢ ᠮᠡᠷᠭᠡᠵᠢᠯ᠎ᠤᠨ ᠴᠢᠳᠠᠪᠤᠷᠢ ᠪᠣᠯᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠵᠦ ᠢᠯᠡᠳᠬᠡᠵᠡᠭᠡᠪᠡ᠃
12 ᠠᠢ᠌ᠮᠠᠭ ᠬᠣᠲᠠ ᠵᠢᠨ ᠬᠠᠮᠢᠶ᠎ᠠ ᠪᠥᠬᠥᠶ ᠠᠵᠢᠯ ᠡᠷᠭᠢᠯᠡᠵᠦ ᠪᠠᠢ᠌ᠭ᠎ᠠ ᠬᠠᠮᠢᠶᠠᠷᠤᠯᠲᠠ ᠵᠢᠨ ᠺᠠᠳ᠋ᠷ ᠵᠢᠴᠢ ᠲᠤᠬᠠᠢ᠌ᠯᠠᠭᠰᠠᠨ ᠠᠵᠢᠯ᠎ᠤᠨ ᠭᠣᠤᠯᠯᠠᠭᠴᠢ ᠬᠦᠴᠦᠨ ᠬᠢᠭᠡᠳ ᠨᠢᠰᠬᠡᠯ᠎ᠤᠨ ᠪᠠᠭᠤᠳᠠᠯ᠎ᠤᠨ ᠪᠦᠯᠦᠭᠯᠡᠯ ᠪᠣᠯᠤᠨ ᠵᠠᠮ ᠬᠠᠷᠢᠯᠴᠠᠭ᠋ᠠᠨ᠎ᠤ ᠪᠡᠯᠡ ᠣᠷᠣᠭᠣᠯᠣᠯᠲᠠ ᠵᠢᠨ ᠪᠦᠯᠦᠭᠯᠡᠯ᠎ᠤᠨ ᠬᠠᠮᠢᠶ᠎ᠠ ᠪᠥᠬᠥᠶ ᠬᠥᠮᠦᠰ ᠵᠢᠴᠢ ᠲᠢᠩᠬᠢᠮ᠎ᠤᠨ ᠲᠥᠯᠥᠪᠵᠢᠭᠦᠯᠭᠡ ᠵᠢᠨ ᠭᠠᠵᠠᠷ᠂ ᠪᠥᠲᠥᠭᠡᠨ ᠪᠠᠢ᠌ᠭᠤᠯᠤᠯᠲᠠ ᠵᠢᠨ ᠭᠠᠵᠠᠷ᠂ ᠵᠠᠰᠠᠮᠠᠯ ᠵᠠᠮ᠎ᠤᠨ ᠭᠠᠵᠠᠷ᠂ ᠲᠡᠭᠡᠭᠡᠪᠦᠷᠢ ᠵᠢᠨ ᠭᠠᠵᠠᠷ᠂ ᠲᠡᠮᠦᠷ ᠵᠠᠮ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠭᠠᠵᠠᠷ ᠵᠢᠴᠢ ᠲᠡᠮᠦᠷ ᠵᠠᠮ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠬᠠᠮᠢᠶ᠎ᠠ ᠪᠥᠬᠥᠶ ᠬᠥᠮᠦᠰ ᠵᠡᠷᠭᠡ ᠨᠡᠢ᠌ᠲᠡ 60 ᠭᠠᠷᠤᠶ ᠬᠥᠮᠦᠨ ᠪᠣᠯᠪᠠᠰᠤᠷᠠᠯ᠎ᠳᠤ ᠣᠷᠣᠯᠴᠠᠪᠠ᠃