ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠠᠮ ᠬᠠᠷᠢᠯᠴᠠᠭᠠᠨ᠎ᠤ ᠴᠢᠬᠤᠯᠠ ᠮᠡᠳᠡᠭᠡ
ᠲᠢᠩᠬᠢᠮ᠎ᠤᠨ ᠡᠪᠯᠡᠯ᠎ᠤᠨ ᠬᠣᠷᠢᠶ᠎ᠠ 《ᠵᠠᠮ ᠬᠠᠷᠢᠯᠴᠠᠭ᠋ᠠᠨ᠎ᠤ ᠲᠤᠬᠠᠢ᠌ᠯᠠᠭᠰᠠᠨ ᠠᠵᠢᠯ᠎ᠤᠨ ᠲᠤᠬᠠᠶ ᠵᠠᠯᠠᠭᠤᠴᠤᠳ᠎ᠤᠨ ᠶᠠᠷᠢᠶ᠎ᠠ》 ᠭᠡᠬᠦ ᠭᠣᠤᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ ᠡᠷᠭᠢᠯᠡᠪᠡ
ᠨᠡᠶ᠋ᠢᠲᠡᠯᠡᠭᠰᠡᠨ ᠴᠠᠭ᠄ 2025-09-29

ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠡᠪᠯᠡᠯ᠎ᠤᠨ ᠬᠣᠷᠢᠶ᠎ᠠ 《ᠵᠠᠮ ᠬᠠᠷᠢᠯᠴᠠᠭ᠋ᠠᠨ᠎ᠤ ᠲᠤᠬᠠᠢ᠌ᠯᠠᠭᠰᠠᠨ ᠠᠵᠢᠯ᠎ᠤᠨ ᠲᠤᠬᠠᠶ ᠵᠠᠯᠠᠭᠤᠴᠤᠳ᠎ᠤᠨ ᠶᠠᠷᠢᠶ᠎ᠠ》 ᠭᠣᠤᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠡᠷᠭᠢᠯᠡᠪᠡ᠃

ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ᠂ ᠲᠢᠩᠬᠢᠮ᠎ᠤᠨ ᠰᠢᠭᠤᠳ ᠬᠠᠷᠢᠶ᠎ᠠ ᠡᠯ᠎ᠡ ᠨᠢᠭᠡᠴᠢ ᠵᠢᠨ 6 ᠬᠠᠷᠢᠭᠤ ᠮᠡᠳᠡᠭᠦᠯᠦᠭᠴᠢᠳ ᠠᠮᠢᠳᠤᠯᠢᠭ ᠦᠭᠡ ᠬᠡᠯᠡ᠎ᠪᠠᠷ ᠮᠡᠳᠡᠭᠡ ᠵᠠᠩᠭᠢᠵᠢᠯᠲᠠ ᠵᠢᠨ ᠮᠡᠷᠭᠡᠵᠢᠯ᠂ ᠵᠠᠰᠠᠮᠠᠯ ᠵᠠᠮ᠎ᠤᠨ ᠬᠠᠤᠯᠢ ᠬᠡᠷᠡᠭᠵᠢᠭᠦᠯᠦᠯᠲᠡ᠂ ᠪᠠᠲᠤᠯᠠᠭ᠎ᠠ ᠦᠢᠯᠡᠴᠢᠯᠡᠭᠡ᠂ ᠶᠡᠷᠦᠩᠬᠡᠢ᠌ᠯᠡᠭᠰᠡᠨ ᠦᠢᠯᠡᠴᠢᠯᠡᠭᠡᠨ᠎ᠤ ᠲᠠᠪᠴᠠᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢᠯ᠂ ᠶᠠᠰᠤ ᠴᠢᠨᠠᠷ᠎ᠤᠨ ᠠᠮᠤᠷ ᠲᠦᠪᠰᠢᠨ᠎ᠳᠤ ᠬᠢᠨᠠᠯᠲᠠ ᠲᠠᠯᠪᠢᠬᠤ ᠠᠵᠢᠯ᠎ᠢ ᠲᠣᠰ ᠲᠣᠰ ᠲᠠᠢ᠌ᠯᠪᠤᠷᠢᠯᠠᠵᠤ᠂ ᠰᠢᠨ᠎ᠡ ᠴᠠᠭ ᠦᠶ᠎ᠡ ᠵᠢᠨ ᠵᠠᠮ ᠬᠠᠷᠢᠯᠴᠠᠭ᠋ᠠᠨ᠎ᠤ ᠵᠠᠯᠠᠭᠤᠴᠤᠳ᠎ᠤᠨ ᠬᠠᠷᠢᠭᠤᠴᠠᠯᠭ᠎ᠠ ᠪᠠ ᠡᠭᠦᠷᠭᠡᠯᠡᠯ᠎ᠢ ᠢᠯᠡᠷᠡᠭᠦᠯᠪᠡ᠃

ᠠᠳᠠᠯᠢ ᠪᠤᠰᠤ ᠲᠤᠬᠠᠢ᠌ᠯᠠᠭᠰᠠᠨ ᠠᠵᠢᠯ᠎ᠤᠨ ᠬᠦᠷᠢᠶᠡᠨ᠎ᠤ ᠠᠵᠢᠯᠲᠠᠨ᠎ᠤ ᠲᠠᠢ᠌ᠯᠤᠮᠵᠢ᠎ᠪᠠᠷ ᠳᠡᠮᠵᠢᠨ᠂ ᠣᠯᠠᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠠᠴᠠ ᠣᠯᠭᠣᠭᠰᠠᠨ ᠵᠠᠮ ᠬᠠᠷᠢᠯᠴᠠᠭ᠋ᠠᠨ᠎ᠤ ᠠᠵᠢᠯ᠎ᠤᠨ ᠪᠣᠳᠠᠲᠠᠶ ᠬᠤᠪᠢᠷᠠᠯᠲᠠ ᠵᠢ ᠦᠵᠡᠭᠦᠯᠵᠦ᠂ ᠢᠷᠡᠭᠡᠳᠦᠶ ᠵᠢᠨ ᠠᠵᠢᠯ᠎ᠤᠨ ᠬᠥᠭᠵᠢᠯᠲᠡ᠎ᠳᠤ ᠰᠢᠨ᠎ᠡ ᠰᠡᠳᠬᠢᠮᠵᠢ᠂ ᠰᠢᠨ᠎ᠡ ᠴᠢᠭᠯᠡᠯ᠎ᠢ ᠡᠷᠢᠯᠬᠢᠯᠡᠪᠡ᠃

ᠲᠣᠰ ᠤᠳᠠᠭ᠋ᠠᠨ᠎ᠤ ᠭᠣᠤᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ᠎ᠨᠢ ᠵᠠᠯᠠᠭᠤᠴᠤᠳ᠎ᠤᠨ ᠰᠣᠯᠢᠯᠴᠠᠭ᠋ᠠᠨ᠎ᠤ ᠲᠠᠪᠴᠠᠩ᠎ᠢ ᠪᠠᠢ᠌ᠭᠤᠯᠵᠤ᠂ ᠲᠢᠩᠬᠢᠮ᠎ᠤᠨ ᠰᠢᠭᠤᠳ ᠬᠠᠷᠢᠶ᠎ᠠ ᠰᠢᠰᠲ᠋ᠧᠮ᠎ᠤᠨ ᠠᠵᠢᠯ᠎ᠤᠨ ᠰᠣᠯᠢᠯᠴᠠᠭ᠎ᠠ ᠵᠢ ᠨᠠᠩ ᠨᠢᠭᠲᠠᠷᠠᠭᠤᠯᠪᠠ᠃ ᠲᠢᠩᠬᠢᠮ᠎ᠤᠨ ᠡᠪᠯᠡᠯ᠎ᠤᠨ ᠬᠣᠷᠢᠶ᠎ᠠ ᠦᠷᠭᠦᠯᠵᠢᠯᠡᠨ 《ᠡᠪᠯᠡᠯ》᠎ᠤᠨ ᠬᠦᠴᠦᠨ᠎ᠢ ᠦᠷᠬᠦᠯᠵᠢᠯᠡᠨ ᠨᠢᠭᠲᠠᠷᠠᠭᠤᠯᠵᠤ᠂ 《ᠵᠠᠯᠠᠭᠤᠴᠤᠳ》᠎ᠤᠨ ᠣᠶᠤᠨ ᠤᠬᠠᠭ᠋ᠠᠨ᠎ᠢ ᠡᠷᠭᠦᠵᠦ᠂ ᠡᠪᠯᠡᠯ᠎ᠤᠨ ᠭᠡᠰᠢᠭᠦᠨ ᠵᠠᠯᠠᠭᠤᠴᠤᠳ᠎ᠢ ᠳᠠᠭ᠋ᠠᠭᠤᠯᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ᠎ᠤᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠬᠦ ᠪᠣᠯᠣᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            