9 ᠳ᠋ᠤᠭ᠋ᠠᠷ ᠰᠠᠷ᠎ᠠ ᠵᠢᠨ 27᠎ᠤ ᠡᠳᠦᠷ᠎ᠤᠨ 19 ᠴᠠᠭ 39 ᠮᠢᠨᠦ᠋ᠲ᠎ᠲᠤ᠂ 55601 ᠤᠳᠠᠭ᠎ᠠ ᠵᠢᠨ ᠲᠤᠷᠰᠢᠯᠲᠠ ᠵᠢᠨ ᠭᠠᠯᠲᠤ ᠲᠡᠷᠭᠡ ᠪᠤᠭᠤᠲᠤ ᠥᠷᠲᠡᠭᠡ᠎ᠠᠴᠠ ᠭᠠᠷᠬᠤ ᠵᠢ ᠳᠠᠭ᠋ᠠᠯᠳᠤᠨ᠂ ᠪᠤᠭᠤᠲᠤ᠎ᠠᠴᠠ ᠢᠷᠭ᠋ᠠᠶ ᠬᠥᠷᠬᠥ ᠲᠦᠷᠭᠡᠨ᠎ᠤ ᠲᠡᠮᠦᠷ ᠵᠠᠮ᠎ᠤᠨ ᠪᠤᠭᠤᠲᠤ᠎ᠠᠴᠠ ᠬᠣᠶ ᠨᠦᠩ ᠬᠥᠷᠬᠥ ᠬᠡᠰᠡᠭ ᠵᠢᠩᠬᠢᠨᠢ᠎ᠪᠠᠷ ᠠᠵᠢᠯᠯᠠᠭᠤᠯᠬᠤ ᠲᠤᠷᠰᠢᠯᠲᠠ ᠵᠢᠨ ᠱᠠᠲᠤᠨ᠎ᠳᠤ ᠣᠷᠣᠵᠤ᠂ ᠪᠥᠬᠥ ᠱᠤᠭᠤᠮ᠎ᠢ ᠨᠡᠪᠲᠡᠷᠡᠭᠦᠯᠦᠨ ᠡᠵᠡᠩᠨᠡᠬᠦ᠎ᠨᠢ ᠣᠢ᠌ᠷᠠᠲᠤᠭᠰᠠᠨᠢ ᠬᠠᠷᠠᠭᠤᠯᠵᠤ ᠪᠠᠢ᠌ᠨ᠎ᠠ᠃
ᠠᠵᠢᠯᠯᠠᠭᠤᠯᠬᠤ ᠲᠤᠷᠰᠢᠯᠲᠠ ᠭᠡᠳᠡᠭ᠎ᠨᠢ ᠲᠤᠷᠰᠢᠯᠲᠠ ᠵᠢᠨ ᠬᠥᠲᠥᠯᠪᠦᠷᠢ ᠵᠢᠨ ᠱᠠᠭ᠋ᠠᠷᠳᠠᠯᠭ᠎ᠠ ᠶᠣᠰᠣᠭ᠋ᠠᠷ᠂ ᠲᠦᠷᠭᠡᠨ᠎ᠤ ᠲᠡᠮᠦᠷ ᠵᠠᠮ᠎ᠤᠨ ᠭᠠᠯᠲᠤ ᠲᠡᠷᠭᠡ ᠠᠵᠢᠯᠯᠠᠭᠤᠯᠬᠤ ᠵᠢᠷᠤᠭ᠎ᠤᠨ ᠫᠠᠷᠠᠮᠧᠲᠷ᠎ᠤᠨ ᠰᠢᠯᠭ᠋ᠠᠯᠲᠠ᠂ ᠰᠠᠭ᠋ᠠᠳ᠎ᠢ ᠳᠠᠭᠤᠷᠢᠶᠠᠬᠤ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠪᠤᠷᠠᠨ ᠲᠤᠰᠠᠯᠠᠬᠤ ᠰᠣᠷᠢᠯᠲᠠ ᠵᠢᠴᠢ ᠵᠢᠷᠤᠭ ᠵᠶ᠋ᠠᠷ ᠲᠡᠷᠭᠡ ᠶᠠᠪᠤᠭᠤᠯᠬᠤ ᠵᠡᠷᠭᠡ ᠲᠤᠷᠰᠢᠯᠲᠠ ᠵᠢ ᠬᠢᠵᠦ᠂ ᠵᠠᠮ ᠱᠤᠭᠤᠮ᠎ᠤᠨ ᠵᠢᠩᠬᠢᠨᠢ ᠡᠵᠡᠩᠨᠡᠯᠲᠡ ᠵᠢᠨ ᠪᠠᠢ᠌ᠳᠠᠯ᠎ᠢ ᠳᠠᠭᠤᠷᠢᠶᠠᠬᠤ᠎ᠪᠠᠷ ᠳᠠᠮᠵᠢᠭᠤᠯᠤᠨ᠂ ᠲᠦᠷᠭᠡᠨ᠎ᠤ ᠲᠡᠮᠦᠷ ᠵᠠᠮ᠎ᠤᠨ ᠲᠡᠭᠡᠭᠡᠪᠦᠷᠢ ᠵᠢ ᠵᠣᠬᠢᠶᠠᠨ ᠪᠠᠢ᠌ᠭᠤᠯᠬᠤ᠂ ᠭᠠᠯᠲᠤ ᠲᠡᠷᠭᠡ ᠵᠢ ᠲᠤᠰᠴᠤ ᠶᠠᠪᠤᠭᠤᠯᠬᠤ᠂ ᠲᠡᠷᠭᠡ ᠶᠠᠪᠤᠭᠤᠯᠬᠤ ᠨᠢᠭᠲᠠᠴᠠ᠂ ᠲᠥᠬᠥᠭᠡᠷᠦᠮᠵᠢ ᠵᠢᠨ ᠪᠠᠢ᠌ᠳᠠᠯ ᠵᠡᠷᠭᠡ ᠲᠠᠯ᠎ᠠ᠎ᠳᠤ ᠨᠢᠭᠡ ᠤᠳᠠᠭ᠋ᠠᠨ᠎ᠤ ᠪᠥᠬᠥ ᠲᠠᠯ᠎ᠠ ᠵᠢᠨ 《ᠪᠣᠳᠠᠲᠤ ᠪᠠᠢ᠌ᠯᠳᠤᠭ᠋ᠠᠨ》᠎ᠤ ᠰᠢᠯᠭ᠋ᠠᠨ ᠪᠠᠢ᠌ᠴᠠᠭ᠋ᠠᠯᠲᠠ ᠬᠢᠵᠦ᠂ ᠵᠢᠩᠬᠢᠨᠢ᠎ᠪᠠᠷ ᠨᠡᠪᠲᠡᠷᠡᠭᠦᠯᠦᠨ ᠡᠵᠡᠩᠨᠡᠯᠲᠡ᠎ᠳᠤ ᠣᠷᠣᠭᠤᠯᠬᠤ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠬᠤ ᠵᠢ ᠵᠢᠭ᠋ᠠᠵᠤ ᠪᠣᠶ᠃
ᠪᠤᠭᠤᠲᠤ᠎ᠠᠴᠠ ᠢᠷᠭ᠋ᠠᠶ ᠬᠦᠷᠬᠦ ᠲᠦᠷᠭᠡᠨ᠎ᠤ ᠲᠡᠮᠦᠷ ᠵᠠᠮ᠎ᠤᠨ ᠪᠤᠭᠤᠲᠤ᠎ᠠᠴᠠ ᠬᠤᠢ ᠨᠦᠩ ᠬᠦᠷᠬᠦ ᠬᠡᠰᠡᠭ᠎ᠨᠢ ᠡᠨᠡ ᠵᠢᠯ᠎ᠤᠨ 8 ᠳ᠋ᠤᠭ᠋ᠠᠷ ᠰᠠᠷ᠎ᠠ ᠵᠢᠨ 2᠎ᠤᠨ ᠡᠳᠦᠷ᠎ᠠᠴᠠ ᠡᠬᠢᠯᠡᠨ ᠬᠣᠯᠪᠣᠭ᠋ᠠᠯᠠᠨ ᠲᠣᠬᠢᠷᠠᠭᠤᠯᠵᠤ ᠬᠣᠯᠪᠣᠭ᠋ᠠᠯᠠᠨ ᠲᠤᠷᠰᠢᠭᠰᠠᠨ᠎ᠠᠴᠠ ᠨᠠᠭ᠋ᠠᠰᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠵᠢᠨ ᠲᠣᠪᠴᠢᠶ᠎ᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠪᠠᠢ᠌ᠴᠠᠭ᠋ᠠᠨ ᠰᠢᠯᠭ᠋ᠠᠬᠤ ᠭᠠᠯᠲᠤ ᠲᠡᠷᠭᠡ᠂ ᠶᠡᠷᠦᠩᠬᠡᠢ᠌ᠯᠡᠭᠰᠡᠨ ᠪᠠᠢ᠌ᠴᠠᠭ᠋ᠠᠨ ᠰᠢᠯᠭ᠋ᠠᠬᠤ ᠭᠠᠯᠲᠤ ᠲᠡᠷᠭᠡ᠂ ᠬᠥᠳᠡᠯᠭᠡᠭᠦᠷᠲᠦ ᠴᠤᠪᠤᠭ᠎ᠠ ᠲᠡᠷᠭᠡ᠂ ᠳᠠᠪᠬᠤᠷᠠᠭᠤᠯᠤᠨ ᠬᠣᠯᠪᠣᠭᠰᠠᠨ ᠬᠥᠳᠡᠯᠭᠡᠭᠦᠷᠲᠦ ᠴᠤᠪᠤᠭ᠎ᠠ ᠲᠡᠷᠭᠡ ᠵᠡᠷᠭᠡ ᠡᠯ᠎ᠡ ᠲᠥᠷᠥᠯ᠎ᠤᠨ ᠲᠤᠷᠰᠢᠯᠲᠠ ᠵᠢᠨ ᠭᠠᠯᠲᠤ ᠲᠡᠷᠭᠡ ᠵᠢ ᠵᠣᠬᠢᠶᠠᠨ ᠪᠠᠢ᠌ᠭᠤᠯᠤᠨ ᠶᠠᠪᠤᠭᠤᠯᠵᠤ᠂ ᠱᠠᠲᠤ ᠳᠠᠷᠠᠭ᠋ᠠᠯᠠᠨ ᠬᠤᠷᠳᠤᠴᠠ᠎ᠪᠠᠨ ᠳᠡᠭᠡᠭᠰᠢᠯᠡᠭᠦᠯᠬᠦ ᠰᠣᠷᠢᠯᠲᠠ᠂ ᠳᠣᠬᠢᠶᠠᠨ᠎ᠤ ᠰᠢᠰᠲ᠋ᠧᠮ᠎ᠤᠨ ᠰᠣᠷᠢᠯᠲᠠ᠂ ᠭᠠᠵᠠᠷ ᠬᠥᠳᠡᠯᠦᠯᠲᠡ ᠵᠢᠨ ᠭᠠᠮᠰᠢᠭ᠎ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠰᠢᠰᠲ᠋ᠧᠮ᠎ᠤᠨ ᠰᠣᠷᠢᠯᠲᠠ᠂ ᠪᠠᠢ᠌ᠭ᠋ᠠᠯᠢ ᠵᠢᠨ ᠭᠠᠮᠰᠢᠭ᠎ᠤᠨ ᠣᠨᠳᠣᠣ ᠪᠣᠳᠠᠰ ᠬᠢᠵᠠᠭ᠋ᠠᠷᠯᠠᠯ᠎ᠢ ᠳᠠᠪᠠᠬᠤ ᠵᠢ ᠬᠢᠨᠠᠨ ᠬᠡᠮᠵᠢᠬᠦ ᠰᠢᠰᠲ᠋ᠧᠮ᠎ᠤᠨ ᠰᠣᠷᠢᠯᠲᠠ ᠪᠠ ᠪᠥᠬᠥ ᠱᠤᠭᠤᠮ ᠵᠶ᠋ᠠᠷ ᠨᠡᠪᠲᠡᠷᠡᠭᠦᠯᠬᠦ ᠲᠤᠷᠰᠢᠯᠲᠠ ᠵᠢ ᠪᠡᠶᠡᠯᠡᠭᠦᠯᠪᠡ᠃ ᠣᠳᠣᠬᠠᠨ᠎ᠳᠤ᠂ ᠪᠥᠬᠥ ᠱᠤᠭᠤᠮ᠎ᠤᠨ ᠠᠶᠠᠨᠴᠢᠳ᠎ᠤᠨ ᠰᠠᠭᠤᠵᠤ ᠪᠠᠭᠤᠬᠤ᠂ ᠮᠡᠳᠡᠭᠡ ᠵᠠᠩᠭᠢ ᠵᠢᠨ ᠦᠢᠯᠡᠴᠢᠯᠡᠭᠡ᠂ ᠭᠠᠮᠰᠢᠭ᠎ᠢ ᠰᠡᠷᠭᠡᠢ᠌ᠯᠡᠬᠦ᠂ ᠶᠡᠷᠦᠩᠬᠡᠢ᠌ᠯᠡᠭᠰᠡᠨ ᠬᠠᠷᠠᠭ᠋ᠠᠨ ᠳᠠᠪᠲᠠᠮᠵᠢ ᠵᠡᠷᠭᠡ ᠬᠣᠯᠪᠣᠭ᠋ᠠᠯᠠᠨ ᠲᠣᠬᠢᠷᠠᠭᠤᠯᠵᠤ ᠬᠣᠯᠪᠣᠭ᠋ᠠᠯᠠᠨ ᠲᠤᠷᠰᠢᠬᠤ ᠱᠠᠲᠤᠨ᠎ᠤ ᠡᠯ᠎ᠡ ᠵᠦᠢᠯ᠎ᠤᠨ ᠲᠤᠷᠰᠢᠯᠲᠠ ᠵᠢᠨ ᠠᠭᠤᠯᠭ᠎ᠠ ᠵᠢ ᠨᠢᠭᠡᠨᠲᠡ ᠪᠦᠬᠦᠨ᠎ᠢ ᠪᠡᠶᠡᠯᠡᠭᠦᠯᠵᠦ᠂ ᠠᠵᠢᠯᠯᠠᠭᠤᠯᠬᠤ ᠲᠤᠷᠰᠢᠯᠲᠠ ᠵᠢᠨ ᠱᠠᠲᠤᠨ᠎ᠳᠤ ᠣᠷᠣᠬᠤ ᠨᠥᠬᠥᠴᠡᠯ᠎ᠢ ᠪᠦᠷᠢᠯᠳᠦᠭᠦᠯᠪᠡ᠃
ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠎ᠤᠨ ᠪᠤᠭᠤᠲᠤ᠎ᠠᠴᠠ ᠬᠤᠢ ᠨᠦᠩ ᠬᠦᠷᠬᠦ ᠬᠡᠰᠡᠭ ᠪᠣᠯ ᠮᠠᠨ᠎ᠤ ᠤᠯᠤᠰ᠎ᠤᠨ 《ᠨᠠᠢ᠍ᠮᠠᠨ ᠭᠤᠯᠳᠤ ᠨᠠᠢ᠍ᠮᠠᠨ ᠬᠥᠨᠳᠡᠯᠡᠨ》 ᠲᠦᠷᠭᠡᠨ᠎ᠤ ᠲᠡᠮᠦᠷ ᠵᠠᠮ᠎ᠤᠨ ᠲᠣᠣᠷ᠎ᠤᠨ ᠪᠡᠭᠡᠵᠢᠩ᠎ᠠᠴᠠ ᠯᠠᠨᠵᠧᠦ ᠬᠦᠷᠬᠦ ᠵᠠᠮ᠎ᠤᠨ ᠴᠢᠬᠤᠯᠠ ᠪᠦᠷᠢᠯᠳᠦᠬᠦᠨ ᠬᠡᠰᠡᠭ ᠪᠠᠢ᠌ᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠣᠲᠠ ᠵᠢᠨ ᠪᠤᠭᠤᠲᠤ ᠥᠷᠲᠡᠭᠡ᠎ᠠᠴᠠ ᠡᠬᠢᠯᠡᠵᠦ᠂ ᠪᠠᠶᠠᠨᠨᠠᠭᠤᠷ ᠬᠣᠲᠠ᠂ ᠣᠷᠳᠣᠰ ᠬᠣᠲᠠ᠂ ᠦᠬᠠᠶ ᠬᠣᠲᠠ᠎ᠪᠠᠷ ᠦᠩᠭᠡᠷᠡᠨ᠂ ᠡᠴᠦᠰ᠎ᠲᠤ᠎ᠪᠠᠨ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠱ᠌ᠢ ᠽᠦᠶ ᠱᠠᠨ ᠬᠣᠲᠠ ᠵᠢᠨ ᠬᠣᠶ ᠨᠦᠩ ᠡᠮᠦᠨ᠎ᠡ ᠥᠷᠲᠡᠭᠡ᠎ᠳᠤ ᠬᠦᠷᠦᠨ᠎ᠡ᠂ ᠲᠥᠯᠥᠪᠯᠡᠭᠰᠡᠨ ᠴᠠᠭ᠎ᠤᠨ ᠬᠤᠷᠳᠤᠴᠠ᠎ᠨᠢ 250 ᠺᠢᠯᠣᠮᠧᠲᠷ᠂ ᠱᠤᠭᠤᠮ᠎ᠤᠨ ᠪᠦᠬᠦ ᠤᠷᠲᠤ᠎ᠨᠢ ᠪᠠᠷᠤᠭ 420 ᠺᠢᠯᠣᠮᠧᠲᠷ ᠪᠠᠢ᠌ᠵᠤ᠂ ᠡᠭᠦᠨ᠎ᠳᠤ ᠥᠪᠥᠷ ᠮᠣᠩᠭᠣᠯ᠎ᠤᠨ ᠬᠡᠰᠡᠭ᠎ᠨᠢ ᠪᠠᠷᠤᠭ 402 ᠺᠢᠯᠣᠮᠧᠲᠷ᠂ ᠨᠢᠩᠰᠢᠶᠠ ᠵᠢᠨ ᠬᠡᠰᠡᠭ᠎ᠨᠢ ᠪᠠᠷᠤᠭ 18 ᠺᠢᠯᠣᠮᠧᠲᠷ ᠪᠠᠢ᠌ᠳᠠᠭ᠂ ᠪᠤᠭᠤᠲᠤ ᠥᠷᠲᠡᠭᠡ᠂ ᠪᠠᠶᠠᠨᠬᠤᠸᠠ ᠪᠠᠷᠠᠭᠤᠨ ᠥᠷᠲᠡᠭᠡ᠂ ᠤᠷᠠᠳ᠎ᠤᠨ ᠡᠮᠦᠨᠡᠲᠦ ᠬᠤᠰᠢᠭᠤ ᠥᠷᠲᠡᠭᠡ᠂ ᠦᠶᠤᠸᠠᠨ ᠥᠷᠲᠡᠭᠡ᠂ ᠪᠠᠶᠠᠨᠨᠠᠭᠤᠷ ᠥᠷᠲᠡᠭᠡ᠂ ᠳ᠋ᠸᠩᠺᠸᠦ ᠥᠷᠲᠡᠭᠡ᠂ ᠵᠢᠶᠠᠨ ᠬᠦᠶ ᠥᠷᠲᠡᠭᠡ᠂ ᠦᠬᠠᠶ ᠥᠷᠲᠡᠭᠡ᠂ ᠦᠬᠠᠢ ᠡᠮᠦᠨ᠎ᠡ ᠥᠷᠲᠡᠭᠡ᠂ ᠬᠣᠶ ᠨᠦᠩ ᠡᠮᠦᠨ᠎ᠡ ᠥᠷᠲᠡᠭᠡ ᠨᠡᠢ᠌ᠲᠡ 10 ᠲᠡᠷᠭᠡᠨ ᠥᠷᠲᠡᠭᠡ ᠲᠣᠬᠢᠷᠠᠭᠤᠯᠵᠤ᠂ ᠲᠡᠭᠦᠨ᠎ᠤ ᠳᠣᠲᠣᠷ᠎ᠠ ᠪᠤᠭᠤᠲᠤ᠂ ᠬᠣᠶ ᠨᠦᠩ ᠡᠮᠦᠨ᠎ᠡ ᠥᠷᠲᠡᠭᠡ ᠪᠣᠯ ᠤᠤᠯ᠎ᠤᠨ ᠪᠠᠢ᠌ᠭᠰᠠᠨ ᠲᠡᠷᠭᠡᠨ ᠥᠷᠲᠡᠭᠡ ᠪᠠᠢ᠌ᠵᠤ᠂ ᠪᠤᠰᠤᠳ ᠲᠡᠷᠭᠡᠨ ᠥᠷᠲᠡᠭᠡ᠎ᠨᠢ ᠰᠢᠨ᠎ᠡ᠎ᠪᠠᠷ ᠪᠠᠢ᠌ᠭᠤᠯᠤᠭᠰᠠᠨ ᠲᠡᠷᠭᠡᠨ ᠥᠷᠲᠡᠭᠡ ᠪᠣᠯᠤᠨ᠎ᠠ᠃
ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ᠎ᠤᠨ ᠪᠤᠭᠤᠲᠤ᠎ᠠᠴᠠ ᠬᠤᠢ ᠨᠦᠩ ᠬᠦᠷᠬᠦ ᠬᠡᠰᠡᠭ᠎ᠢ ᠡᠨᠡ ᠵᠢᠯ᠎ᠳᠤ ᠨᠡᠪᠲᠡᠷᠡᠭᠦᠯᠦᠨ ᠡᠵᠡᠩᠨᠡᠬᠦ᠎ᠪᠠᠷ ᠲᠥᠯᠥᠪᠯᠡᠵᠦ᠂ ᠪᠠᠷᠠᠭᠤᠨ ᠬᠣᠢ᠌ᠲᠤ ᠣᠷᠣᠨ᠎ᠤ ᠲᠦᠷᠭᠡᠨ᠎ᠤ ᠲᠡᠮᠦᠷ ᠵᠠᠮ᠎ᠤᠨ ᠲᠣᠣᠷ᠎ᠤᠨ 《ᠬᠣᠭᠣᠰᠣᠨ ᠦᠯᠡᠳᠡᠭᠡᠬᠦ》 ᠵᠢ ᠨᠥᠬᠥᠪᠥᠷᠢᠯᠡᠵᠦ᠂ ᠤᠯᠤᠰ᠎ᠤᠨ ᠲᠦᠷᠭᠡᠨ᠎ᠤ ᠲᠡᠮᠦᠷ ᠵᠠᠮ᠎ᠤᠨ ᠲᠣᠣᠷ᠎ᠤᠨ ᠪᠠᠢ᠌ᠷᠢᠰᠢᠭᠤᠯᠤᠯᠲᠠ ᠵᠢ ᠤᠯᠠᠮ ᠴᠢᠨᠠᠭᠰᠢᠲᠠ ᠲᠡᠭᠦᠯᠳᠡᠷᠵᠢᠭᠦᠯᠬᠦ ᠪᠣᠯᠣᠨ᠎ᠠ᠃ ᠲᠤᠬᠠᠢ ᠵᠢᠨ ᠦᠶ᠎ᠡ᠎ᠳᠤ᠂ ᠮᠠᠨ᠎ᠤ ᠤᠯᠤᠰ᠎ᠤᠨ 《ᠨᠠᠢ᠍ᠮᠠᠨ ᠭᠤᠯᠳᠤ ᠨᠠᠢ᠍ᠮᠠᠨ ᠬᠥᠨᠳᠡᠯᠡᠨ》 ᠲᠦᠷᠭᠡᠨ᠎ᠤ ᠲᠡᠮᠦᠷ ᠵᠠᠮ᠎ᠤᠨ ᠲᠣᠣᠷ᠎ᠤᠨ ᠪᠡᠭᠡᠵᠢᠩ᠎ᠠᠴᠠ ᠯᠠᠨᠵᠧᠦ ᠬᠦᠷᠬᠦ ᠵᠠᠮ ᠪᠦᠬᠦ ᠱᠤᠭᠤᠮ ᠵᠶ᠋ᠠᠷ ᠨᠡᠪᠲᠡᠷᠡᠵᠦ᠂ ᠪᠤᠭᠤᠲᠤ᠎ᠠᠴᠠ ᠢᠷᠭ᠋ᠠᠢ ᠬᠦᠷᠬᠦ ᠭᠠᠯᠲᠤ ᠲᠡᠷᠭᠡᠨ᠎ᠤ ᠠᠶᠠᠯᠠᠬᠤ ᠴᠠᠭ᠎ᠨᠢ ᠬᠠᠮᠤᠭ᠎ᠤᠨ ᠬᠤᠷᠳᠤᠨᠳᠤᠪᠠᠨ 6 ᠴᠠᠭ ᠪᠠᠢ᠌ᠭᠰᠠᠨ᠎ᠠᠴᠠ 3 ᠴᠠᠭ᠎ᠤᠨ ᠳᠣᠲᠣᠷ᠎ᠠ ᠪᠣᠭᠣᠨᠢᠰᠴᠤ᠂ ᠪᠠᠷᠠᠭᠤᠨ ᠬᠣᠢ᠌ᠲᠤ ᠣᠷᠣᠨ᠎ᠤ ᠬᠠᠮᠤᠭ᠎ᠤᠨ ᠳᠥᠭᠥᠮ ᠳᠥᠲᠡ ᠪᠡᠭᠡᠵᠢᠩ᠎ᠳᠤ ᠣᠷᠣᠬᠤ ᠵᠠᠮ ᠪᠣᠯᠬᠤ ᠪᠣᠯᠤᠨ᠎ᠠ᠃ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ ᠪᠦᠬᠦ ᠱᠤᠭᠤᠮ ᠵᠶ᠋ᠠᠷ ᠪᠠᠢ᠌ᠭᠤᠯᠤᠭᠳᠠᠭᠰᠠᠨ᠎ᠤ ᠳᠠᠷᠠᠭ᠎ᠠ᠂ ᠠᠶᠠᠨᠴᠢᠳ᠎ᠤᠨ ᠲᠦᠷᠭᠡᠨ ᠠᠶᠠᠯᠠᠬᠤ ᠬᠡᠷᠡᠭᠴᠡᠭᠡ ᠵᠢ ᠬᠠᠩᠭ᠋ᠠᠵᠤ᠂ ᠪᠠᠷᠠᠭᠤᠨ ᠬᠣᠢ᠌ᠲᠤ ᠣᠷᠣᠨ ᠪᠣᠯᠤᠨ ᠤᠮᠠᠷᠠᠲᠤ ᠣᠷᠣᠨ᠎ᠤ ᠠᠵᠤ ᠠᠬᠤᠢ ᠵᠢᠨ ᠬᠠᠷᠢᠯᠴᠠᠭ᠎ᠠ ᠪᠠ ᠬᠥᠮᠦᠰ᠎ᠤᠨ ᠶᠠᠪᠤᠯᠴᠠᠭ᠎ᠠ ᠵᠢ ᠴᠢᠩᠭ᠋ᠠᠳᠬᠠᠵᠤ᠂ ᠪᠠᠷᠠᠭᠤᠨ ᠬᠣᠢ᠌ᠲᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃