ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
110 ᠤᠯᠤᠰ᠎ᠤᠨ ᠵᠠᠮ᠎ᠤᠨ ᠳ᠋ᠸᠩᠺᠸᠤ ᠵᠢᠨ ᠬᠠᠲᠤᠨ ᠭᠣᠤᠯ᠎ᠤᠨ ᠶᠡᠬᠡ ᠬᠥᠭᠥᠷᠭᠡ ᠵᠢᠨ ᠲᠥᠷᠥᠯ ᠵᠦᠢᠯ᠎ᠢ ᠲᠦᠷᠭᠡᠳᠬᠡᠨ ᠪᠥᠲᠥᠭᠡᠨ ᠪᠠᠢ᠌ᠭᠤᠯᠵᠤ ᠪᠠᠢ᠌ᠨ᠎ᠠ
ᠨᠡᠶ᠋ᠢᠲᠡᠯᠡᠭᠰᠡᠨ ᠴᠠᠭ᠄ 2025-10-11

ᠬᠦᠢ᠍ᠲᠡᠨ ᠰᠢᠭᠦᠳᠡᠷᠢ ᠨᠢᠭᠡᠨᠲᠡ ᠥᠩᠭᠡᠷᠡᠵᠦ᠂ ᠲᠡᠭᠷᠢ ᠡᠬᠢᠯᠡᠨ ᠬᠦᠢ᠍ᠲᠡᠷᠡᠪᠡ᠃ 110 ᠤᠯᠤᠰ᠎ᠤᠨ ᠵᠠᠮ᠎ᠤᠨ ᠳ᠋ᠸᠩᠺᠸᠤ ᠵᠢᠨ ᠬᠠᠲᠤᠨ ᠭᠣᠣᠯ᠎ᠤᠨ ᠶᠡᠬᠡ ᠬᠥᠭᠥᠷᠭᠡ ᠵᠢᠨ ᠪᠦᠲᠦᠭᠡᠨ ᠪᠠᠢ᠌ᠭᠤᠯᠤᠯᠲᠠ ᠵᠢᠨ ᠲᠤᠬᠠᠶ ᠵᠢᠨ ᠲᠠᠯᠠᠪᠠᠶ᠎ᠳᠤ ᠮᠥᠨ ᠯᠠ ᠶᠠᠭ᠋ᠠᠷᠠᠯ᠎ᠲᠠᠢ ᠠᠵᠢᠯᠯᠠᠵᠤ ᠪᠠᠢ᠌ᠨ᠎ᠠ᠃ ᠣᠳᠣᠬᠠᠨ ᠪᠣᠯᠲᠠᠯ᠎ᠠ᠂ ᠲᠥᠷᠥᠯ ᠵᠦᠢᠯ᠎ᠤᠨ ᠪᠦᠬᠦᠯᠢ ᠴᠣᠭᠴᠠ ᠵᠢᠨ ᠪᠥᠲᠥᠭᠡᠨ ᠪᠠᠢ᠌ᠭᠤᠯᠤᠯᠲᠠ ᠵᠢᠨ ᠠᠬᠢᠴᠠ ᠨᠢᠭᠡᠨᠲᠡ 65% ᠵᠢ ᠪᠡᠶᠡᠯᠡᠭᠦᠯᠵᠦ᠂ ᠪᠠᠷᠢᠯᠭ᠎ᠠ ᠵᠢᠨ ᠠᠬᠢᠴᠠ᠎ᠳᠤ ᠣᠯᠠᠨ ᠠᠵᠢᠯ᠎ᠤᠨ ᠬᠠᠮᠵᠢᠯᠴᠠᠨ ᠠᠬᠢᠭᠤᠯᠬᠤ ᠪᠠᠢ᠌ᠳᠠᠯ ᠢᠯᠡᠷᠡᠪᠡ᠃

ᠬᠥᠭᠥᠷᠭᠡ ᠵᠢᠨ ᠭᠣᠤᠯ ᠴᠣᠭᠴᠠ ᠵᠢᠨ ᠪᠠᠷᠢᠯᠭ᠎ᠠ ᠵᠢᠨ ᠲᠠᠯ᠎ᠠ᠎ᠪᠠᠷ᠂ ᠭᠣᠤᠯ᠎ᠤᠨ ᠲᠠᠩ᠎ᠤᠨ ᠬᠥᠭᠥᠷᠭᠡ ᠵᠢᠴᠢ ᠳᠠᠯᠠᠩ ᠰᠤᠨᠳᠠᠯᠠᠭᠰᠠᠨ ᠬᠥᠭᠥᠷᠭᠡ᠎ᠨᠢ ᠨᠢᠭᠡᠨᠲᠡ ᠭᠣᠤᠯ ᠴᠣᠭᠴᠠ ᠵᠢᠨ ᠪᠦᠲᠦᠴᠡ ᠵᠢᠨ ᠪᠠᠷᠢᠯᠭ᠎ᠠ ᠵᠢᠨ ᠠᠵᠢᠯ᠎ᠢ ᠪᠥᠬᠥ ᠲᠠᠯ᠎ᠠ᠎ᠪᠠᠷ ᠪᠡᠶᠡᠯᠡᠭᠦᠯᠵᠦ᠂ ᠣᠳᠣᠬᠠᠨ᠎ᠳᠤ ᠶᠠᠭ ᠮᠥᠷᠭᠥᠯᠳᠦᠬᠦ ᠵᠢ ᠰᠡᠷᠭᠡᠢ᠌ᠯᠡᠬᠦ ᠬᠠᠯᠬᠠᠪᠴᠢ ᠬᠡᠷᠡᠰᠬᠡ᠂ ᠬᠥᠭᠥᠷᠭᠡᠨ᠎ᠤ ᠭᠠᠳᠠᠷᠭᠤ ᠵᠢ ᠳᠡᠪᠢᠰᠬᠦ ᠵᠡᠷᠭᠡ ᠳᠠᠭ᠋ᠠᠯᠲᠠ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢ ᠡᠮᠬᠢ ᠵᠢᠷᠤᠮ᠎ᠲᠠᠢ᠎ᠪᠠᠷ ᠠᠬᠢᠭᠤᠯᠵᠤ ᠪᠠᠢ᠌ᠨ᠎ᠠ; ᠭᠣᠤᠯ ᠬᠥᠭᠥᠷᠭᠡ ᠵᠢᠨ ᠪᠠᠷᠢᠯᠭ᠎ᠠ ᠵᠢᠨ ᠠᠵᠢᠯ᠎ᠨᠢ ᠵᠠᠩᠭᠢᠯᠠᠭ᠎ᠠ ᠵᠢᠨ ᠰᠢᠪᠲᠤᠯᠤᠯᠲᠠ᠎ᠲᠠᠢ ᠪᠣᠯᠵᠣ᠂ ᠰᠠᠭᠤᠷᠢ ᠵᠢᠴᠢ ᠳᠣᠤᠷᠠᠳᠤ ᠬᠡᠰᠡᠭ᠎ᠤᠨ ᠪᠦᠲᠦᠴᠡ ᠵᠢᠨ ᠪᠠᠷᠢᠯᠭ᠎ᠠ ᠵᠢᠨ ᠠᠵᠢᠯ᠎ᠢ ᠨᠢᠭᠡᠨᠲᠡ ᠪᠦᠬᠦᠨ᠎ᠢ ᠪᠡᠶᠡᠯᠡᠭᠦᠯᠦᠭᠰᠡᠨ ᠪᠥᠭᠡᠳ ᠣᠢ᠌ᠷ᠎ᠠ᠎ᠳᠤ ᠭᠣᠤᠯ ᠬᠥᠭᠥᠷᠭᠡ (0# ᠬᠡᠰᠡᠭ) ᠵᠢᠨ ᠨᠢᠷᠤᠭᠤ ᠵᠢᠨ ᠬᠡᠰᠡᠭ᠎ᠤᠨ ᠪᠧᠲ᠋ᠤᠨ ᠴᠢᠳᠬᠤᠬᠤ ᠡᠭᠦᠷᠭᠡ ᠵᠢ ᠤᠷᠤᠭᠰᠢᠲᠠᠶ ᠪᠡᠶᠡᠯᠡᠭᠦᠯᠵᠦ᠂ ᠲᠥᠷᠥᠯ ᠵᠦᠢᠯ᠎ᠨᠢ ᠬᠥᠭᠥᠷᠭᠡ ᠵᠢᠨ ᠳᠡᠭᠡᠳᠦ ᠬᠡᠰᠡᠭ᠎ᠤᠨ ᠪᠦᠲᠦᠴᠡ ᠵᠢ ᠴᠢᠳᠬᠤᠬᠤ ᠪᠠᠷᠢᠯᠭ᠎ᠠ ᠵᠢᠨ ᠱᠠᠲᠤᠨ᠎ᠳᠤ ᠪᠥᠬᠥ ᠲᠠᠯ᠎ᠠ᠎ᠪᠠᠷ ᠣᠷᠣᠭᠰᠠᠨ᠎ᠢ ᠬᠠᠷᠠᠭᠤᠯᠵᠤ ᠪᠠᠢ᠌ᠨ᠎ᠠ᠃

ᠪᠠᠷᠢᠯᠭ᠎ᠠ ᠵᠢᠨ ᠠᠵᠢᠯ᠎ᠤᠨ ᠲᠥᠯᠥᠪᠯᠡᠭᠡ ᠵᠢ ᠦᠨᠳᠦᠰᠦᠯᠡᠪᠡᠯ᠂ ᠡᠯ᠎ᠡ ᠪᠠᠷᠢᠯᠭ᠎ᠠ ᠵᠢᠨ ᠠᠵᠢᠯ᠎ᠳᠤ ᠣᠷᠣᠯᠴᠠᠭᠰᠠᠨ ᠨᠢᠭᠡᠴᠢ ᠶᠠᠭ ᠵᠢᠷᠤᠭ ᠲᠥᠯᠥᠪᠯᠡᠭᠡ ᠵᠢ ᠴᠢᠩᠭ᠎ᠠ ᠵᠢᠷᠤᠮᠯᠠᠨ ᠪᠠᠷᠢᠯᠭ᠎ᠠ ᠵᠢᠨ ᠠᠵᠢᠯ᠎ᠢ ᠠᠬᠢᠭᠤᠯᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠠᠵᠢᠯ᠎ᠤᠨ ᠲᠠᠰ ᠳᠠᠷᠠᠭ᠋ᠠᠯᠠᠯ᠎ᠢ ᠵᠣᠯᠭ᠋ᠠᠭᠤᠯᠬᠤ ᠵᠢ ᠴᠢᠩᠭ᠋ᠠᠳᠬᠠᠵᠤ᠂ ᠲᠥᠷᠥᠯ ᠵᠦᠢᠯ᠎ᠤᠨ 2026 ᠣᠨ᠎ᠤ ᠡᠴᠦᠰ᠎ᠲᠤ ᠪᠠᠢ᠌ᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠡᠷᠦᠩᠬᠡᠶ ᠬᠠᠷᠠᠯᠲᠠ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠪᠠ᠃ 

ᠢᠷᠡᠯᠲᠡ᠄ ᠪᠠᠶᠠᠨᠨᠠᠭᠤᠷ ᠬᠤᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            