ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠯᠠᠱ᠌ᠠ ᠠᠶ᠋ᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠠᠰᠠᠮᠠᠯ ᠵᠠᠮ᠎ᠤᠨ ᠠᠮᠤᠷ ᠲᠦᠪᠰᠢᠨ ᠰᠠᠭ᠋ᠠᠳ ᠥᠬᠡᠶ ᠨᠡᠪᠲᠡᠷᠡᠬᠦ ᠵᠢ ᠦᠨᠡᠨ ᠬᠦ᠌ ᠪᠠᠲᠤᠯᠠᠪᠠ
ᠨᠡᠶ᠋ᠢᠲᠡᠯᠡᠭᠰᠡᠨ ᠴᠠᠭ᠄ 2025-10-21

ᠨᠠᠮᠤᠷ᠎ᠤᠨ ᠠᠭᠤᠷ ᠣᠷᠣᠵᠤ᠂ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠯᠲᠠ 《ᠪᠣᠭᠣᠮᠲᠠ ᠰᠢᠪᠲᠤᠯᠬᠤ ᠰᠢᠵᠢᠷ ᠠᠯᠳᠠᠨ ᠬᠤᠭᠤᠴᠠᠭ᠋ᠠᠨ》᠎ᠳᠤ ᠣᠷᠣᠪᠠ᠃ ᠠᠯᠠᠱ᠌ᠠ ᠵᠢᠨ ᠵᠠᠮ ᠬᠠᠷᠢᠯᠴᠠᠭ᠋ᠠᠨ᠎ᠤ ᠠᠵᠢᠯᠲᠠᠨ ᠵᠠᠮ᠎ᠤᠨ ᠭᠠᠳᠠᠷᠭᠤ ᠵᠢᠨ ᠭᠡᠮ᠎ᠤᠨ ᠬᠥᠨᠥᠭᠡᠯ᠎ᠢ ᠰᠢᠢᠳᠪᠦᠷᠢᠯᠡᠬᠦ᠂ ᠵᠠᠮ᠎ᠤᠨ ᠪᠠᠢ᠌ᠳᠠᠯ᠎ᠢ ᠴᠡᠭᠴᠡᠯᠡᠨ ᠵᠠᠰᠠᠬᠤ ᠵᠢ ᠴᠢᠩᠭ᠋ᠠᠳᠬᠠᠵᠤ᠂ ᠵᠠᠰᠠᠮᠠᠯ ᠵᠠᠮ᠎ᠤᠨ ᠠᠮᠤᠷ ᠲᠦᠪᠰᠢᠨ ᠰᠠᠭ᠋ᠠᠳ ᠥᠬᠡᠶ ᠨᠡᠪᠲᠡᠷᠡᠬᠦ ᠵᠢ ᠦᠨᠡᠨ ᠬᠦ᠌ ᠪᠠᠲᠤᠯᠠᠪᠠ᠃

ᠬᠠᠷᠠᠯᠲᠠ᠎ᠲᠠᠢ᠎ᠪᠠᠷ ᠪᠣᠭᠣᠮᠲᠠ ᠰᠢᠪᠲᠤᠯᠵᠤ᠂ ᠵᠠᠮ᠎ᠤᠨ ᠭᠠᠳᠠᠷᠭᠤ ᠵᠢᠨ ᠭᠡᠮ᠎ᠤᠨ ᠬᠥᠨᠥᠭᠡᠯ᠎ᠳᠤ ᠪᠣᠳᠠᠲᠤ ᠦᠷ᠎ᠡ ᠠᠰᠢᠭ᠎ᠢ ᠡᠷᠬᠢᠮᠯᠡᠪᠡ᠃ 《ᠲᠣᠭᠣᠷᠢᠨ ᠪᠠᠢ᠌ᠴᠠᠭ᠋ᠠᠬᠤ + ᠵᠠᠰᠠᠵᠤ ᠰᠡᠷᠭᠦᠭᠡᠬᠦ》 ᠠᠷᠭ᠎ᠠ ᠬᠡᠯᠪᠡᠷᠢ᠎ᠪᠠᠷ ᠵᠠᠮ᠎ᠤᠨ ᠠᠩ ᠵᠠᠪᠰᠠᠷ᠎ᠲᠠᠬᠢ ᠡᠯᠳᠡᠪ ᠪᠣᠳᠠᠰ᠂ ᠬᠣᠭ ᠲᠣᠭᠣᠰᠣ ᠵᠢ ᠴᠡᠪᠡᠷᠯᠡᠨ ᠠᠷᠢᠯᠭ᠋ᠠᠵᠤ᠂ ᠠᠩ ᠵᠠᠪᠰᠠᠷ᠎ᠲᠤ ᠴᠢᠳᠬᠤᠬᠤ ᠮᠡᠷᠭᠡᠵᠢᠯ᠎ᠢ ᠬᠡᠷᠡᠭᠯᠡᠨ ᠳᠠᠬᠢᠨ ᠦᠷᠭᠡᠵᠢᠬᠦ ᠵᠢ ᠰᠡᠷᠭᠡᠢ᠌ᠯᠡᠪᠡ; ᠬᠡᠰᠡᠭ ᠨᠦᠬᠡᠨ᠎ᠳᠤ᠂ ᠥᠨᠳᠥᠷ ᠳᠤᠯᠠᠭ᠋ᠠᠨ᠂ ᠥᠨᠳᠥᠷ ᠴᠢᠨᠠᠷ ᠪᠦᠬᠦᠢ ᠪᠠᠷᠤᠭᠰᠢᠨ᠎ᠤ ᠬᠣᠯᠢᠮᠠᠭ ᠮᠠᠲ᠋ᠧᠷᠢᠶᠠᠯ᠎ᠢ ᠬᠡᠷᠡᠭᠯᠡᠵᠦ ᠨᠦᠬᠡᠨ᠎ᠳᠤ ᠳᠦᠭᠦᠷᠭᠡᠬᠦ ᠵᠢᠨ ᠬᠠᠮᠲᠤ ᠭᠦᠢ᠍ᠴᠡᠳ ᠳᠠᠷᠤᠰᠢᠭᠤᠯᠵᠤ᠂ ᠵᠠᠮ᠎ᠤᠨ ᠲᠡᠭᠰᠢᠬᠡᠨ ᠪᠠᠢ᠌ᠬᠤ ᠵᠢ ᠪᠠᠲᠤᠯᠠᠪᠠ; ᠲᠡᠷᠭᠡᠨ ᠮᠥᠷ᠂ ᠭᠦᠳᠦᠢ᠌ᠭᠰᠡᠨ ᠬᠡᠰᠡᠭ ᠵᠡᠷᠭᠡ ᠵᠢ ᠲᠥᠪᠯᠡᠷᠡᠭᠦᠯᠦᠨ ᠬᠣᠪᠢᠯᠳᠠᠬᠤ ᠠᠷᠭ᠎ᠠ ᠮᠠᠶᠢᠭ ᠵᠶ᠋ᠠᠷ ᠰᠢᠢᠳᠪᠦᠷᠢᠯᠡᠵᠦ᠂ ᠵᠠᠰᠠᠮᠠᠯ ᠵᠠᠮ᠎ᠤᠨ ᠠᠮᠤᠷ ᠲᠦᠪᠰᠢᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠵᠠᠢ᠃ ᠨᠠᠮᠤᠷ᠎ᠠᠴᠠ ᠨᠠᠭ᠋ᠠᠰᠢ᠂ ᠲᠣᠭᠣᠷᠢᠨ ᠪᠠᠢ᠌ᠴᠠᠭ᠋ᠠᠭᠰᠠᠨ ᠵᠠᠮ᠎ᠤᠨ ᠤᠷᠳᠤ᠎ᠨᠢ 67.7 ᠲᠦᠮᠡᠨ ᠺᠢᠯᠣᠮᠧᠲᠷ᠎ᠲᠤ ᠬᠦᠷᠴᠦ᠂ ᠠᠷᠠᠴᠢᠯᠠᠨ ᠬᠠᠮᠠᠭ᠋ᠠᠯᠠᠬᠤ ᠠᠵᠢᠯᠲᠠᠨ᠎ᠢ 11802 ᠬᠥᠮᠦᠨ ᠤᠳᠠᠭ᠎ᠠ ᠵᠢ ᠬᠥᠳᠡᠯᠭᠡᠪᠡ; ᠵᠠᠮ᠎ᠤᠨ ᠭᠠᠳᠠᠷᠭᠤ ᠵᠢᠨ ᠠᠩ ᠵᠠᠪᠰᠠᠷ᠎ᠢ ᠴᠢᠳᠬᠤᠭᠰᠠᠨ᠎ᠢ 55.2 ᠲᠦᠮᠡᠨ ᠤᠷᠲᠤᠳᠬᠠᠯ ᠮᠧᠲᠷ ᠪᠡᠶᠡᠯᠡᠭᠦᠯᠵᠦ᠂ ᠵᠠᠮ᠎ᠤᠨ ᠭᠠᠳᠠᠷᠭᠤ ᠵᠢᠨ ᠭᠡᠮ᠎ᠤᠨ ᠬᠥᠨᠥᠭᠡᠯ᠎ᠢ 8957 ᠲᠡᠭᠰᠢ ᠳᠥᠷᠪᠡᠯᠵᠢᠨ ᠮᠧᠲᠷ ᠰᠢᠢ᠍ᠳᠪᠦᠷᠢᠯᠡᠪᠡ᠃

ᠶᠡᠷᠦᠩᠬᠡᠢ᠌ᠯᠡᠨ ᠴᠡᠭᠴᠡᠯᠡᠨ ᠵᠠᠰᠠᠵᠤ᠂ ᠵᠠᠮ ᠱᠤᠭᠤᠮ᠎ᠤᠨ ᠣᠷᠴᠢᠨ ᠲᠣᠭᠣᠷᠢᠨ᠎ᠢ ᠰᠢᠨᠡᠳᠬᠡᠪᠡ᠃ ᠵᠠᠮ᠎ᠤᠨ ᠭᠠᠳᠠᠷᠭᠤ ᠵᠢ ᠠᠷᠢᠭᠤᠨ ᠴᠡᠪᠡᠷ ᠪᠠᠢ᠌ᠯᠭ᠋ᠠᠬᠤ᠂ ᠵᠠᠮ᠎ᠤᠨ ᠳᠦᠷᠢ ᠪᠠᠢ᠌ᠳᠠᠯ᠎ᠢ ᠲᠡᠭᠰᠢᠯᠡᠨ ᠵᠠᠰᠠᠬᠤ᠂ ᠤᠰᠤ ᠵᠠᠯᠠᠬᠤ ᠵᠢ ᠨᠡᠪᠲᠡᠷᠡᠭᠦᠯᠬᠦ᠂ ᠬᠥᠭᠥᠷᠭᠡᠨ ᠭᠤᠯᠳᠤᠩ᠎ᠢ ᠬᠠᠮᠠᠭ᠋ᠠᠯᠠᠬᠤ᠎ᠪᠠᠷ ᠭᠣᠣᠯ ᠠᠭᠤᠯᠭ᠎ᠠ ᠪᠣᠯᠭ᠋ᠠᠭᠰᠠᠨ ᠶᠡᠷᠦᠩᠬᠡᠢ᠌ᠯᠡᠨ ᠴᠡᠭᠴᠡᠯᠡᠨ ᠵᠠᠰᠠᠬᠤ ᠠᠵᠢᠯᠯᠠᠭ᠎ᠠ ᠵᠢ ᠪᠦᠬᠦ ᠲᠠᠯ᠎ᠠ᠎ᠪᠠᠷ ᠥᠷᠨᠢᠭᠦᠯᠪᠡ᠃ ᠵᠠᠮ᠎ᠤᠨ ᠭᠠᠳᠠᠷᠭᠤ᠎ᠳᠤ ᠠᠰᠬᠠᠭᠰᠠᠨ ᠪᠣᠳᠠᠰ᠂ ᠬᠣᠭ ᠨᠣᠪᠰᠢ ᠡᠯᠳᠡᠪ ᠪᠣᠳᠠᠰ᠎ᠢ ᠱᠦᠭᠦᠷᠳᠡᠨ ᠴᠡᠪᠡᠷᠯᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠵᠠᠮ᠎ᠤᠨ ᠮᠥᠷᠥ ᠬᠠᠵᠠᠭᠤ ᠬᠥᠲᠥᠯ᠎ᠢ ᠵᠠᠰᠠᠵᠤ᠂ ᠬᠠᠵᠠᠭᠤ ᠵᠢᠨ ᠰᠤᠪᠠᠭ᠂ ᠭᠤᠯᠳᠤᠩ ᠨᠦᠬᠡ ᠵᠢ ᠨᠡᠪᠲᠡᠷᠡᠭᠦᠯᠵᠦ᠂ ᠡᠪᠳᠡᠷᠡᠵᠦ ᠴᠤᠴᠠᠷᠠᠭᠰᠠᠨ᠂ ᠬᠡᠯᠪᠡᠷᠢ᠎ᠨᠢ ᠬᠤᠪᠢᠷᠠᠭᠰᠠᠨ ᠵᠠᠰᠠᠮᠠᠯ ᠵᠠᠮ᠎ᠤᠨ ᠲᠦᠭᠦᠭᠡᠷᠤᠮᠵᠢ ᠵᠢ ᠰᠡᠯᠪᠢᠨ ᠵᠠᠰᠠᠵᠤ ᠰᠣᠯᠢᠬᠤ᠂ ᠤᠰᠤᠨ᠎ᠳᠤ ᠡᠪᠳᠡᠭᠳᠡᠭᠰᠡᠨ ᠰᠤᠪᠠᠭ᠎ᠢ ᠰᠡᠯᠪᠢᠨ ᠵᠠᠰᠠᠬᠤ ᠵᠡᠷᠭᠡ᠎ᠪᠠᠷ ᠳᠠᠮᠵᠢᠭᠤᠯᠤᠨ ᠵᠠᠮ᠎ᠤᠨ ᠳᠦᠷᠢ ᠪᠠᠢ᠌ᠳᠠᠯ᠎ᠤᠨ ᠠᠮᠤᠷ ᠲᠦᠪᠰᠢᠨ ᠮᠥᠷᠲᠡᠭᠡᠨ ᠭᠤᠶᠤ ᠪᠠᠢ᠌ᠬᠤ ᠵᠢ ᠪᠠᠲᠤᠯᠠᠪᠠ᠃ ᠵᠠᠮ᠎ᠤᠨ ᠣᠷᠴᠢᠨ ᠲᠣᠭᠣᠷᠢᠨ᠎ᠢ ᠨᠡᠢ᠌ᠲᠡ 7901 ᠺᠢᠯᠦᠮᠸᠲᠷ ᠵᠠᠰᠠᠵᠤ᠂ ᠵᠠᠮ᠎ᠤᠨ ᠭᠠᠳᠠᠷᠭᠤ ᠵᠢ 1871 ᠲᠦᠮᠡᠨ ᠲᠡᠭᠰᠢ ᠳᠥᠷᠪᠡᠯᠵᠢᠨ ᠮᠧᠲᠷ ᠴᠡᠪᠡᠷᠯᠡᠵᠦ᠂ ᠬᠠᠵᠠᠭᠤ ᠭᠤᠤ ᠵᠢ 1.3 ᠲᠦᠮᠡᠨ ᠣᠷᠲᠤᠳᠬᠠᠯ ᠮᠧᠲᠷ᠂ ᠭᠤᠯᠳᠤᠩ ᠠᠭᠤᠶ ᠵᠢ 72 ᠵᠠᠮ᠂ ᠬᠥᠭᠥᠷᠭᠡ ᠵᠢᠨ ᠰᠤᠨᠤᠵᠤ ᠠᠪᠴᠢᠬᠤ ᠵᠠᠪᠰᠠᠷ᠎ᠢ 2002 ᠮᠧᠲᠷ ᠠᠷᠢᠯᠭ᠋ᠠᠵᠤ᠂ ᠭᠣᠣᠯ᠎ᠤᠨ ᠵᠠᠮ᠎ᠢ 18730 ᠪᠣᠰᠣᠭ᠎ᠠ ᠳᠥᠷᠪᠡᠯᠵᠢᠨ ᠮᠧᠲᠷ ᠨᠡᠪᠲᠡᠷᠡᠭᠦᠯᠪᠡ᠃

ᠵᠠᠰᠠᠯᠲᠠ ᠵᠢ ᠴᠢᠩᠭ᠋ᠠᠳᠬᠠᠵᠤ᠂ ᠨᠡᠪᠲᠡᠷᠡᠬᠦ ᠠᠮᠤᠷ ᠲᠦᠪᠰᠢᠨ᠎ᠢ ᠪᠠᠲᠤᠯᠠᠪᠠ᠃ ᠨᠠᠮᠤᠷ᠎ᠤᠨ ᠤᠯᠠᠷᠢᠯ᠎ᠤᠨ ᠰᠠᠯᠬᠢ ᠡᠯᠡᠰᠦᠨ᠎ᠤ ᠴᠠᠭ ᠠᠭᠤᠷ ᠣᠯᠠᠨᠲᠠ ᠡᠭᠦᠰᠴᠦ᠂ ᠬᠡᠰᠡᠭ ᠵᠠᠮ᠎ᠤᠨ ᠬᠡᠰᠡᠭ᠎ᠲᠤ ᠡᠯᠡᠰᠦ ᠬᠤᠷᠠᠬᠤ ᠦᠵᠡᠭᠳᠡᠯ ᠠᠮᠠᠷᠬᠠᠨ ᠭᠠᠷᠬᠤ ᠪᠠᠢ᠌ᠳᠠᠯ᠎ᠳᠤ ᠴᠢᠭᠯᠡᠭᠦᠯᠦᠨ᠂ ᠮᠠᠰᠢᠨ ᠮᠧᠬᠠᠨᠢᠭ ᠵᠶ᠋ᠠᠷ ᠭᠣᠤᠯ ᠪᠣᠯᠭ᠋ᠠᠬᠤ᠂ ᠬᠥᠮᠦᠨ᠎ᠤ ᠬᠦᠴᠦ ᠵᠢ ᠬᠠᠪᠰᠤᠷᠭ᠋ᠠᠬᠤ ᠠᠷᠭ᠎ᠠ ᠮᠠᠶᠢᠭ᠎ᠢ ᠠᠪᠴᠤ᠂ ᠬᠤᠷᠠᠭᠰᠠᠨ ᠡᠯᠡᠰᠦ ᠰᠢᠷᠣᠶ ᠵᠢ 24.98 ᠲᠦᠮᠡᠨ ᠪᠣᠰᠣᠭ᠎ᠠ ᠳᠥᠷᠪᠡᠯᠵᠢᠨ ᠮᠧᠲᠷ ᠴᠡᠪᠡᠷᠯᠡᠵᠦ᠂ ᠵᠠᠮ ᠨᠡᠪᠲᠡᠷᠡᠬᠦ ᠠᠮᠤᠷ ᠲᠦᠪᠰᠢᠨ᠎ᠢ ᠪᠠᠲᠤᠯᠠᠪᠠ᠃ ᠡᠭᠦᠨ᠎ᠤ ᠬᠠᠮᠲᠤ ᠵᠠᠰᠠᠮᠠᠯ ᠵᠠᠮ᠎ᠤᠨ ᠬᠣᠶᠠᠷ ᠬᠠᠵᠠᠭᠤ᠎ᠪᠠᠷ ᠡᠯᠡᠰᠦᠨ ᠬᠠᠯᠬᠠᠪᠴᠢ ᠪᠠᠢ᠌ᠭᠤᠯᠬᠤ᠂ ᠬᠢᠯᠪᠠᠷᠬᠠᠨ ᠡᠯᠡᠰᠦ ᠬᠤᠷᠠᠬᠤ ᠣᠷᠣᠨ ᠪᠦᠰᠡ᠎ᠳᠤ ᠵᠠᠭ ᠮᠣᠳᠣ ᠲᠠᠷᠢᠬᠤ᠂ ᠭᠣᠣᠯᠳᠠᠯᠭ᠎ᠠ᠎ᠲᠠᠢ ᠵᠠᠮ᠎ᠤᠨ ᠬᠡᠰᠡᠭ᠎ᠲᠤ ᠡᠪᠡᠰᠦᠨ ᠳᠦᠷᠪᠡᠯᠵᠢᠨ ᠵᠶ᠋ᠡᠷ 2.37 ᠲᠦᠮᠡᠨ ᠮᠦ᠍ ᠡᠯᠡᠰᠦ ᠳᠠᠷᠤᠬᠤ ᠵᠡᠷᠭᠡ ᠠᠷᠭ᠎ᠠ ᠮᠠᠶᠢᠭ᠎ᠢ ᠠᠪᠬᠤ᠎ᠪᠠᠷ ᠳᠠᠮᠵᠢᠭᠤᠯᠤᠨ᠂ 《ᠵᠠᠮ ᠵᠶ᠋ᠠᠷ ᠡᠯᠡᠰᠦ ᠵᠢ ᠵᠠᠰᠠᠬᠤ》 ᠠᠵᠢᠯ᠎ᠢ ᠦᠨᠡᠨ ᠬᠦ᠌ ᠰᠠᠢ᠌ᠲᠤᠷ ᠬᠢᠪᠡ᠃

ᠢᠷᠡᠯᠲᠡ᠄ ᠠᠯᠠᠱ᠌ᠠ ᠠᠢ᠌ᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            