ᠬᠡᠳᠦᠨ ᠡᠳᠦᠷ᠎ᠤᠨ ᠲᠣᠷᠰᠢ᠂ ᠣᠷᠳᠣᠰ ᠬᠣᠲᠠ ᠵᠢᠨ ᠵᠠᠮ ᠠᠷᠠᠴᠢᠯᠠᠨ ᠬᠠᠮᠠᠭ᠋ᠠᠯᠠᠬᠤ ᠦᠢ᠍ᠯᠡᠴᠢᠯᠡᠭᠡᠨ᠎ᠤ ᠲᠥᠪ᠎ᠤᠨ ᠵᠡᠭᠦᠨᠭ᠋ᠠᠷ ᠵᠠᠰᠠᠮᠠᠯ ᠵᠠᠮ᠎ᠤᠨ ᠠᠵᠢᠯ᠎ᠤᠨ ᠲᠣᠭᠣᠷᠢᠭ ᠨᠠᠮᠤᠷ᠎ᠤᠨ ᠤᠯᠠᠷᠢᠯ᠎ᠤᠨ ᠠᠷᠠᠴᠢᠯᠠᠨ ᠬᠠᠮᠠᠭ᠋ᠠᠯᠠᠬᠤ ᠵᠠᠩᠭᠢᠯᠠᠭ᠎ᠠ ᠵᠢᠨ ᠬᠤᠭᠤᠴᠠᠭ᠎ᠠ᠎ᠲᠠᠢ ᠨᠢᠭᠲᠠ ᠤᠶᠠᠯᠳᠤᠭᠤᠯᠤᠨ᠂ 《ᠡᠷᠲᠡ ᠪᠠᠢ᠌ᠷᠢᠯᠠᠭᠤᠯᠬᠤ᠂ ᠲᠦᠷᠭᠡᠨ ᠬᠥᠳᠡᠯᠦᠯᠴᠡᠬᠦ᠂ ᠪᠣᠳᠠᠲᠠᠢ ᠠᠷᠭ᠎ᠠ ᠬᠡᠮᠵᠢᠶ᠎ᠡ》᠎ᠪᠠᠷ ᠵᠠᠷᠴᠢᠮ ᠪᠣᠯᠭ᠋ᠠᠵᠤ᠂ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠵᠤ᠂ ᠣᠯᠠᠨ ᠲᠦᠮᠡᠨ᠎ᠤ ᠨᠠᠮᠤᠷ ᠡᠪᠦᠯ᠎ᠤᠨ ᠠᠮᠤᠷ ᠲᠦᠪᠰᠢᠨ ᠳᠥᠭᠥᠮ ᠲᠦᠳᠡ ᠶᠠᠪᠤᠵᠤ ᠰᠠᠭᠤᠬᠤ ᠵᠢ ᠦᠨᠡᠨ ᠬᠦ᠌ ᠪᠠᠲᠤᠯᠠᠪᠠ᠃
ᠵᠠᠮ᠎ᠤᠨ ᠭᠠᠳᠠᠷᠭᠤ ᠵᠢᠨ ᠪᠠᠶ᠋ᠢᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠡᠷᠭᠡᠶ᠋ᠢᠯᠡᠯᠲᠡ ᠵᠢᠨ ᠴᠢᠨᠠᠷᠲᠠᠶ ᠠᠷᠠᠴᠢᠯᠠᠯᠲᠠ ᠵᠢ ᠦᠷᠨᠢᠭᠦᠯᠪᠡ᠃ ᠨᠠᠮᠤᠷ᠎ᠤᠨ ᠤᠯᠠᠷᠢᠯ᠎ᠤᠨ ᠠᠭᠤᠷ ᠠᠮᠢᠰᠬᠤᠯ᠎ᠤᠨ ᠣᠨᠴᠠᠯᠢᠭᠲᠤ ᠴᠢᠭᠯᠡᠭᠦᠯᠦᠨ᠂ ᠲᠣᠰ ᠠᠵᠢᠯ᠎ᠤᠨ ᠲᠣᠭᠤᠷᠢᠭ᠎ᠤᠨ᠎ᠬᠢᠨ ᠵᠠᠮ᠎ᠤᠨ ᠭᠠᠳᠠᠷᠭᠤ ᠵᠢᠨ ᠲᠣᠭᠤᠷᠢᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠵᠠᠮ᠎ᠤᠨ ᠭᠠᠳᠠᠷᠭᠤ ᠵᠢᠨ ᠮᠡᠷᠭᠡᠵᠢᠯ᠎ᠤᠨ ᠪᠠᠶ᠋ᠢᠳᠠᠯ᠎ᠤᠨ ᠬᠤᠪᠢᠷᠠᠯᠲᠠ ᠵᠢ ᠨᠢᠭᠲᠠ ᠠᠩᠬᠠᠷᠤᠨ᠎ᠠ᠃ ᠲᠣᠭᠤᠷᠢᠨ ᠪᠠᠶ᠋ᠢᠴᠠᠭ᠋ᠠᠬᠤ ᠶᠠᠪᠤᠴᠠ᠎ᠳᠤ ᠣᠯᠵᠤ ᠮᠡᠳᠡᠭᠰᠡᠨ ᠨᠦᠭᠡ ᠬᠤᠩᠭᠢᠯ᠂ ᠠᠩ ᠵᠠᠪᠰᠠᠷ ᠵᠡᠷᠭᠡ ᠭᠡᠮ᠎ᠤᠨ ᠬᠥᠨᠥᠭᠡᠯ᠎ᠢ ᠵᠢᠷᠤᠮᠵᠢᠭᠤᠯᠤᠨ ᠵᠠᠰᠠᠬᠤ ᠵᠢᠨ ᠬᠠᠮᠲᠤ ᠤᠷᠠᠨ ᠮᠡᠷᠭᠡᠵᠢᠯ᠎ᠤᠨ ᠴᠤᠪᠤᠷᠠᠯ᠎ᠢ ᠴᠢᠩᠭ᠎ᠠ ᠵᠢᠷᠤᠮᠯᠠᠨ ᠠᠵᠢᠯᠯᠠᠵᠤ᠂ ᠰᠡᠯᠪᠢᠨ ᠵᠠᠰᠠᠭᠰᠠᠨ ᠶᠠᠰᠤ ᠴᠢᠨᠠᠷ᠎ᠢ ᠪᠠᠷᠢᠮᠵᠢᠶ᠎ᠠ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠨ᠂ ᠵᠠᠮ᠎ᠤᠨ ᠭᠠᠳᠠᠷᠭᠤ ᠵᠢᠨ ᠲᠡᠭᠰᠢᠯᠡᠯᠲᠡ ᠪᠠ ᠲᠡᠷᠭᠡ ᠶᠠᠪᠤᠭᠤᠯᠬᠤ ᠵᠢᠨ ᠠᠮᠤᠷ ᠲᠦᠪᠰᠢᠨ ᠴᠢᠨᠠᠷ᠎ᠢ ᠦᠨᠡᠨ ᠬᠦ᠌ ᠪᠠᠲᠤᠯᠠᠪᠠ᠃
ᠵᠠᠮ᠎ᠤᠨ ᠬᠡᠪᠴᠢᠶᠡᠨ᠎ᠤ ᠴᠡᠭᠴᠡᠯᠡᠨ ᠵᠠᠰᠠᠯᠲᠠ ᠵᠢ ᠴᠢᠩᠭ᠋ᠠᠳᠬᠠᠵᠤ᠂ ᠵᠠᠮ ᠨᠡᠪᠲᠡᠷᠡᠯᠭᠡ ᠵᠢᠨ ᠣᠷᠴᠢᠨ ᠲᠣᠭᠤᠷᠢᠨ᠎ᠢ ᠰᠢᠯᠢᠳᠡᠭᠵᠢᠭᠦᠯᠪᠡ᠃ ᠲᠣᠰ ᠠᠵᠢᠯ᠎ᠤᠨ ᠲᠣᠭᠤᠷᠢᠭ᠎ᠨᠢ ᠵᠠᠮ᠎ᠤᠨ ᠴᠠᠷᠠᠭ᠎ᠠ ᠵᠢ ᠴᠡᠭᠴᠡᠯᠡᠨ ᠵᠠᠰᠠᠬᠤ ᠵᠢ ᠪᠠᠶ᠋ᠢᠩᠭᠤᠵᠢᠭᠤᠯᠬᠤ ᠠᠵᠢᠯ᠎ᠳᠤ ᠣᠷᠣᠭᠤᠯᠵᠤ᠂ ᠵᠠᠮ᠎ᠤᠨ ᠰᠠᠭᠤᠷᠢ᠂ ᠬᠠᠵᠠᠭᠤ ᠬᠥᠲᠥᠯ᠂ ᠬᠠᠵᠠᠭᠤ ᠵᠢᠨ ᠭᠤᠤ ᠵᠢᠨ ᠳᠣᠲᠣᠷᠠᠬᠢ ᠡᠯᠳᠡᠪ ᠪᠣᠳᠠᠰ᠎ᠤᠨ ᠬᠤᠭ ᠨᠣᠪᠰᠢ ᠵᠢ ᠲᠦᠢ᠍ᠯᠪᠤᠷᠢᠲᠠᠶ ᠴᠡᠪᠡᠷᠯᠡᠵᠦ᠂ ᠵᠠᠮ᠎ᠤᠨ ᠭᠠᠳᠠᠷᠭᠤ ᠵᠢᠨ ᠲᠠᠷᠠᠬᠠᠶ ᠪᠤᠲᠠᠷᠬᠠᠶ ᠵᠦᠢ᠍ᠯᠡᠰ᠎ᠢ ᠴᠠᠭ ᠲᠤᠬᠠᠶ᠎ᠳᠤᠨᠢ ᠴᠡᠪᠡᠷᠯᠡᠬᠦ ᠵᠢᠨ ᠬᠠᠮᠲᠤ ᠵᠠᠮ ᠳᠠᠭ᠋ᠠᠤ ᠵᠢᠨ ᠵᠠᠮ ᠬᠠᠷᠢᠯᠴᠠᠭ᠋ᠠᠨ᠎ᠤ ᠲᠡᠮᠳᠡᠭ᠂ ᠲᠡᠮᠳᠡᠭ ᠱᠤᠭᠤᠮ ᠵᠡᠷᠭᠡ ᠲᠦᠭᠦᠭᠡᠷᠦᠮᠵᠢ ᠵᠢ ᠪᠥᠬᠦ ᠲᠠᠯ᠎ᠠ᠎ᠪᠠᠷ ᠪᠠᠶ᠋ᠢᠴᠠᠭ᠋ᠠᠨ ᠵᠠᠰᠠᠵᠤ ᠬᠠᠮᠠᠭ᠋ᠠᠯᠠᠬᠤ ᠠᠵᠢᠯ᠎ᠢ ᠥᠷᠨᠢᠭᠦᠯᠵᠦ᠂ ᠵᠠᠰᠠᠮᠠᠯ ᠵᠠᠮ᠎ᠤᠨ 《ᠥᠩᠭᠡ ᠵᠢᠰᠦ》 ᠬᠢᠭᠡᠳ 《ᠴᠢᠳᠠᠮᠵᠢ》 ᠵᠢ ᠵᠡᠷᠭᠡ᠎ᠪᠠᠷ ᠭᠠᠷᠭ᠋ᠠᠵᠤ᠂ ᠵᠢᠯᠣᠭᠤᠴᠢ ᠪᠠ ᠠᠶᠠᠨᠴᠢᠳ᠎ᠲᠤ ᠲᠠᠭ᠋ᠠᠯᠠᠮᠵᠢᠲᠠᠶ ᠨᠡᠪᠲᠡᠷᠡᠬᠦ ᠣᠷᠴᠢᠨ ᠲᠣᠭᠤᠷᠢᠨ᠎ᠢ ᠪᠣᠶ ᠪᠣᠯᠭ᠋ᠠᠵᠤ ᠥᠭᠪᠡ᠃
ᠲᠥᠬᠦᠭᠡᠷᠦᠮᠵᠢ ᠵᠢᠨ ᠠᠮᠤᠷ ᠲᠦᠪᠰᠢᠨ᠎ᠢ ᠵᠠᠰᠠᠨ ᠰᠡᠷᠭᠦᠭᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠡᠷᠭᠡᠶ᠋ᠢᠯᠡᠨ ᠬᠠᠮᠠᠭ᠋ᠠᠯᠠᠬᠤ ᠴᠢᠳᠠᠪᠤᠷᠢ ᠵᠢ ᠳᠠᠬᠢᠨ ᠳᠡᠭᠡᠭᠰᠢᠯᠡᠭᠦᠯᠪᠡ᠃ 《ᠳᠠᠯᠳᠠ ᠭᠡᠮ᠎ᠢ ᠠᠷᠢᠯᠭ᠋ᠠᠨ᠂ ᠰᠡᠷᠭᠡᠶ᠋ᠢᠯᠡᠨ ᠬᠠᠮᠠᠭ᠋ᠠᠯᠠᠬᠤ ᠵᠢ ᠪᠠᠬᠢᠵᠢᠭᠦᠯᠬᠦ》᠎ᠪᠠᠷ ᠭᠤᠣᠯᠳᠠᠯᠭ᠎ᠠ ᠪᠣᠯᠭ᠋ᠠᠨ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠦᠭᠦᠭᠡᠷᠦᠮᠵᠢ ᠵᠢ ᠲᠤᠰᠬᠠᠢ ᠵᠦᠢ᠍ᠯ ᠵᠶ᠋ᠠᠷ ᠴᠡᠭᠴᠡᠯᠡᠨ ᠵᠠᠰᠠᠬᠤ ᠵᠢ ᠦᠷᠨᠢᠭᠦᠯᠪᠡ᠃ ᠠᠷᠠᠴᠢᠯᠠᠨ ᠬᠠᠮᠠᠭ᠋ᠠᠯᠠᠬᠤ ᠵᠠᠮ᠎ᠤᠨ ᠬᠡᠰᠡᠭ᠎ᠤᠨ ᠳᠣᠯᠭᠢᠶᠠᠨ ᠬᠡᠯᠪᠡᠷᠢ ᠵᠢᠨ ᠬᠠᠯᠬᠠᠪᠴᠢ ᠬᠡᠷᠡᠰᠬᠡ ᠵᠢ ᠪᠥᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠲᠡᠷᠭᠡ ᠬᠥᠰᠬᠡ ᠮᠥᠷᠭᠦᠯᠳᠦᠵᠦ᠂ ᠠᠶᠠᠨᠳᠠᠭ᠋ᠠᠨ ᠬᠠᠭᠤᠴᠢᠷᠠᠬᠤ᠎ᠠᠴᠠ ᠪᠣᠯᠤᠭᠰᠠᠨ ᠡᠪᠳᠡᠷᠡᠵᠦ ᠰᠦᠢ᠍ᠳᠦᠭᠰᠡᠨ ᠳᠣᠯᠭᠢᠶᠠᠨ ᠬᠡᠯᠪᠡᠷᠢ ᠵᠢᠨ ᠬᠠᠯᠬᠠᠪᠴᠢ ᠬᠡᠷᠡᠰᠬᠡ᠎ᠳᠤ ᠴᠢᠭᠯᠡᠭᠦᠯᠦᠨ᠂ ᠲᠤᠯᠭ᠋ᠠᠭᠤᠷᠢ᠎ᠨᠢ ᠴᠠᠭ ᠲᠤᠬᠠᠶ᠎ᠳᠤᠨᠢ ᠰᠣᠯᠢᠵᠤ᠂ ᠬᠡᠯᠪᠡᠷᠢ᠎ᠨᠢ ᠬᠤᠪᠢᠷᠠᠭᠰᠠᠨ ᠬᠠᠯᠬᠠᠪᠴᠢ ᠬᠠᠪᠲᠠᠰᠤ ᠵᠢ ᠰᠡᠯᠪᠢᠨ ᠵᠠᠰᠠᠵᠤ᠂ ᠰᠡᠷᠭᠡᠶ᠋ᠢᠯᠡᠨ ᠬᠠᠮᠠᠭ᠋ᠠᠯᠠᠬᠤ ᠲᠥᠬᠦᠭᠡᠷᠦᠮᠵᠢ ᠵᠢᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠶ᠋ᠢᠬᠤ ᠵᠢ ᠦᠨᠡᠨ ᠬᠦ᠌ ᠪᠠᠲᠤᠯᠠᠪᠠ᠃
ᠡᠪᠦᠯ᠎ᠤᠨ ᠤᠯᠠᠷᠢᠯ᠎ᠤᠨ ᠠᠷᠠᠴᠢᠯᠠᠨ ᠬᠠᠮᠠᠭ᠋ᠠᠯᠠᠬᠤ ᠪᠡᠯᠡᠳᠭᠡᠯ᠎ᠢ ᠤᠷᠢᠳᠴᠢᠯᠠᠨ ᠰᠠᠢ᠌ᠳᠤᠷ ᠬᠢᠪᠡ᠃ ᠲᠣᠰ ᠠᠵᠢᠯ᠎ᠤᠨ ᠲᠣᠭᠤᠷᠢᠭ᠎ᠨᠢ ᠣᠳᠣᠬᠠᠨ᠎ᠤ ᠠᠷᠠᠴᠢᠯᠠᠨ ᠬᠠᠮᠠᠭ᠋ᠠᠯᠠᠬᠤ ᠠᠵᠢᠯ᠎ᠢ ᠰᠠᠶ᠋ᠢᠲᠤᠷ ᠠᠳᠬᠤᠬᠤ ᠵᠢᠨ ᠬᠠᠮᠲᠤ᠂ ᠡᠪᠦᠯ᠎ᠤᠨ ᠤᠯᠠᠷᠢᠯ᠎ᠤᠨ ᠠᠷᠠᠴᠢᠯᠠᠨ ᠬᠠᠮᠠᠭ᠋ᠠᠯᠠᠬᠤ ᠡᠮᠦᠨᠡᠬᠢ ᠬᠤᠭᠤᠴᠠᠭ᠋ᠠᠨ᠎ᠤ ᠪᠡᠯᠡᠳᠬᠡᠯ ᠠᠵᠢᠯ᠎ᠢ ᠭᠠᠷᠳᠠᠨ ᠦᠷᠨᠢᠭᠦᠯᠪᠡ᠃ ᠠᠵᠢᠯᠲᠠᠨ ᠵᠶ᠋ᠠᠨ ᠵᠣᠬᠢᠶᠠᠨ ᠪᠠᠶ᠋ᠢᠭᠤᠯᠤᠨ ᠲᠥᠬᠦᠭᠡᠷᠦᠮᠵᠢ ᠵᠢ ᠪᠠᠶ᠋ᠢᠴᠠᠭ᠋ᠠᠨ ᠵᠠᠰᠠᠵᠤ ᠠᠷᠠᠴᠢᠯᠠᠨ ᠬᠠᠮᠠᠭ᠋ᠠᠯᠠᠵᠤ᠂ ᠲᠥᠬᠦᠭᠡᠷᠦᠮᠵᠢ ᠵᠢᠨ ᠰᠠᠶ᠋ᠢᠨ ᠰᠠᠶ᠋ᠢᠬᠠᠨ ᠪᠠᠶ᠋ᠢᠳᠠᠯ᠎ᠳᠤ ᠪᠠᠶ᠋ᠢᠬᠤ ᠵᠢ ᠦᠨᠡᠨ ᠬᠦ᠌ ᠪᠠᠲᠤᠯᠠᠨ᠎ᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠣᠳᠠᠰ᠎ᠤᠨ ᠨᠥᠭᠡᠴᠡᠯᠡᠯᠲᠡ ᠵᠢᠨ ᠪᠠᠶ᠋ᠢᠳᠠᠯ᠎ᠳᠤ ᠪᠠᠶ᠋ᠢᠴᠠᠭ᠋ᠠᠯᠲᠠ ᠬᠢᠵᠦ᠂ ᠪᠣᠳᠠᠲᠠᠶ ᠬᠡᠷᠡᠭᠴᠡᠭᠡ᠎ᠪᠠᠨ ᠦᠨᠳᠦᠰᠦᠯᠡᠨ ᠴᠠᠭᠲᠤᠨᠢ ᠲᠣᠬᠢᠷᠠᠭᠤᠯᠤᠨ ᠨᠥᠬᠦᠪᠥᠷᠢᠯᠡᠬᠦ ᠵᠢᠨ ᠬᠠᠮᠲᠤ ᠣᠭᠵᠣᠮ ᠮᠣᠷᠣᠶ᠂ ᠡᠭᠴᠡ ᠬᠥᠲᠥᠯ᠂ ᠬᠥᠭᠦᠷᠭᠡ ᠵᠢᠨ ᠭᠠᠳᠠᠷᠭᠤ ᠵᠡᠷᠭᠡ ᠭᠤᠤᠯᠳᠠᠯᠭ᠎ᠠ᠎ᠲᠠᠢ ᠵᠠᠮ᠎ᠤᠨ ᠬᠡᠰᠡᠭ᠎ᠢ ᠤᠷᠢᠳᠴᠢᠯᠠᠨ ᠪᠠᠶ᠋ᠢᠷᠢᠯᠠᠭᠤᠯᠵᠤ᠂ ᠮᠥᠰᠥ ᠴᠠᠰᠤᠨ᠎ᠤ ᠴᠠᠭ ᠠᠭᠤᠷ᠎ᠢ ᠠᠷᠭ᠋ᠠᠴᠠᠬᠤ᠂ ᠭᠡᠨᠡᠳᠲᠡ ᠵᠢᠨ ᠪᠠᠶ᠋ᠢᠳᠠᠯ᠎ᠢ ᠲᠦᠷᠭᠡᠨ ᠰᠢᠢ᠍ᠳᠪᠦᠷᠢᠯᠡᠬᠦ᠎ᠳᠤ ᠭᠦᠢ᠍ᠴᠡᠳ ᠪᠡᠯᠡᠳᠬᠡᠯ ᠬᠢᠪᠡ᠃ (ᠭᠤᠤ ᠶᠧ ᠶᠢᠩ)