ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠷᠳᠣᠰ ᠬᠤᠲᠠ ᠪᠠᠷᠠᠭᠠᠨ᠎ᠤ ᠲᠡᠷᠭᠡᠨ ᠵᠢᠯᠣᠭᠤᠴᠢ᠎ᠶ᠋ᠢᠨ ᠡᠷᠬᠡ ᠠᠱᠢᠭ᠎ᠢ ᠪᠠᠲᠤᠯᠠᠬᠤ ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠦᠨ᠎ᠡ
ᠨᠡᠶ᠋ᠢᠲᠡᠯᠡᠭᠰᠡᠨ ᠴᠠᠭ᠄ 2025-11-24

ᠣᠢᠷ᠎ᠠ᠎ᠶ᠋ᠢᠨ ᠬᠤᠭᠤᠴᠠᠭᠠᠨ᠎ᠠᠴᠠ ᠨᠠᠭᠠᠰᠢ᠂ ᠣᠷᠳᠣᠰ ᠬᠤᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ ᠣᠯᠠᠨ ᠠᠷᠭ᠎ᠠ ᠬᠡᠮᠵᠢᠶ᠎ᠡ᠎ᠪᠠᠷ ᠪᠠᠷᠠᠭᠠᠨ᠎ᠤ ᠲᠡᠷᠭᠡ᠎ᠶ᠋ᠢᠨ ᠵᠢᠯᠣᠭᠤᠴᠢ᠎ᠶ᠋ᠢᠨ ᠡᠷᠬᠡ ᠠᠱᠢᠭ᠎ᠤᠨ ᠪᠠᠲᠤᠯᠠᠭ᠎ᠠ᠎ᠶ᠋ᠢ ᠠᠬᠢᠭᠤᠯᠵᠤ᠂ ᠴᠡᠭ ᠪᠠ ᠪᠦᠬᠦ ᠲᠠᠯ᠎ᠠ᠎ᠶᠢ ᠤᠶᠠᠯᠳᠤᠭᠤᠯᠬᠤ ᠬᠠᠮᠢᠶ᠎ᠠ ᠪᠥᠬᠦᠶ ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠬᠦ᠌᠎ᠲᠠᠢ ᠤᠶᠠᠯᠳᠤᠭᠤᠯᠤᠨ ᠢᠳᠡᠪᠬᠢᠲᠡᠶ ᠦᠷ᠎ᠡ ᠪᠦᠲᠦᠮᠵᠢ ᠤᠯᠪᠠ᠃

ᠬᠠᠲᠠᠭᠤ ᠲᠣᠨᠣᠭ᠎ᠤᠨ ᠲᠤᠯᠭᠠᠭᠤᠷᠢᠯᠠᠯ᠎ᠢ ᠴᠢᠩᠭᠠᠷᠠᠭᠤᠯᠤᠨ᠎ᠠ᠃ ᠵᠠᠰᠠᠮᠠᠯ ᠵᠠᠮ ᠳᠠᠭᠠᠤ᠎ᠶ᠋ᠢᠨ ᠦᠶ᠋ᠯᠡᠴᠢᠯᠡᠭᠡᠨ᠎ᠤ ᠲᠣᠭᠤᠷᠢᠭ᠎ᠢ ᠲᠠᠰ ᠳᠡᠪᠱᠢᠭᠦᠯᠬᠦ᠌᠎ᠪᠠᠷ ᠭᠠᠷᠳᠠᠴᠠ ᠪᠣᠯᠭᠠᠵᠤ᠂ 《ᠵᠢᠯᠣᠭᠤᠴᠢ᠎ᠶ᠋ᠢᠨ ᠭᠡᠷ》 ᠎ᠤᠨ ᠪᠥᠲᠥᠭᠡᠨ ᠪᠠᠢᠭᠤᠯᠤᠯᠲᠠ ᠡᠵᠡᠩᠨᠡᠯᠲᠡ᠎ᠶ᠋ᠢ ᠴᠢᠨᠠᠷ ᠰᠠᠢᠲᠠᠶ ᠠᠬᠢᠭᠤᠯᠤᠨ᠎ᠠ᠃ ᠣᠳᠣᠬᠠᠨ᠎ᠳᠤ ᠪᠥᠬᠦ᠌ ᠬᠤᠲᠠ᠎ᠶ᠋ᠢᠨ 13 ᠦᠢᠯᠡᠴᠢᠯᠡᠭᠡᠨ᠎ᠤ ᠲᠣᠭᠤᠷᠢᠭ᠎ᠤᠨ 《ᠵᠢᠯᠣᠭᠤᠴᠢ᠎ᠶ᠋ᠢᠨ ᠭᠡᠷ》 ᠎ᠨᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠂ ᠪᠥᠬᠦ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠎ᠤᠨ ᠱᠢᠯᠭᠠᠨ ᠪᠠᠢᠴᠠᠭᠠᠯᠲᠠ᠎ᠳᠤ ᠬᠢᠷᠢ ᠲᠡᠩᠴᠡᠭ᠌ᠰᠡᠨ ᠲᠤᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠳᠤ ᠣᠷᠣᠪᠠ᠃ S24 ᠲᠤᠭᠤᠢ᠌ᠳᠠᠯ᠎ᠠ ᠦᠢᠯᠡᠴᠢᠯᠡᠭᠡᠨ᠎ᠤ ᠲᠣᠭᠤᠷᠢᠭ ᠵᠡᠷᠭᠡ ᠱᠢᠨ᠎ᠡ᠎ᠪᠠᠷ ᠪᠠᠢᠭᠤᠯᠬᠤ ᠲᠥᠷᠥᠯ ᠵᠦᠢᠯ᠎ᠢ ᠠᠬᠢᠭᠤᠯᠵᠤ᠂ ᠣᠲᠣ᠎ᠶ᠋ᠢᠨ ᠪᠠᠢᠭ᠎ᠠ ᠥᠷᠲᠡᠭᠡ ᠴᠡᠭ᠎ᠢ ᠬᠥᠳᠡᠯᠦᠩᠭᠦᠶ᠎ᠪᠠᠷ ᠲᠠᠰ ᠳᠡᠪᠱᠢᠭᠦᠯᠵᠦ᠍᠂ ᠬᠠᠷᠰᠢ ᠰᠠᠭᠠᠳ ᠥᠬᠡᠶ ᠠᠮᠠᠷᠠᠯᠲᠠ᠎ᠶ᠋ᠢᠨ ᠥᠷᠥᠭᠡ᠂ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢᠨ ᠴᠡᠭ᠎ᠢ ᠨᠡᠮᠡᠨ ᠪᠠᠢᠭᠤᠯᠵᠤ᠂ ᠳ᠋ᠢᠭᠢᠲᠴᠢᠯᠡᠭᠰᠡᠨ ᠬᠠᠮᠢᠶᠠᠷᠤᠯᠲᠠ᠎ᠶ᠋ᠢᠨ ᠠᠷᠭ᠎ᠠ ᠪᠠᠷᠢᠯ᠎ᠢ ᠣᠷᠣᠭᠤᠯᠤᠨ ᠦᠢᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃

ᠤᠷᠲᠤ ᠬᠤᠭᠤᠴᠠᠭᠠᠨ᠎ᠤ ᠪᠦᠲᠦᠮᠵᠢᠲᠦ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠴᠠᠯᠢᠩ ᠥᠷᠢᠲᠦᠬᠦ᠌ ᠠᠰᠠᠭᠤᠳᠠᠯ᠎ᠢ ᠲᠤᠰᠭᠠᠶ ᠵᠦᠢᠯ᠎ᠢᠶᠠᠷ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠵᠦ᠍᠂ 2262 ᠪᠠᠷᠠᠭᠠᠨ᠎ᠤ ᠲᠡᠭᠡᠭᠡᠪᠦᠷᠢ ᠵᠢᠴᠢ ᠪᠠᠷᠠᠭᠠᠨ᠎ᠤ ᠭᠦᠢᠯᠭᠡᠭᠡᠨ᠎ᠤ ᠠᠵᠤ ᠠᠬᠤᠢᠯᠠᠯ᠎ᠢ ᠪᠦᠬᠦᠨ᠎ᠢ ᠬᠠᠮᠤᠷᠤᠨ ᠵᠢᠭ᠍ᠰᠠᠭᠠᠨ ᠪᠠᠢᠴᠠᠭᠠᠵᠤ᠂ 67 ᠵᠤᠷᠪᠤᠰ ᠭᠣᠮᠣᠳᠠᠯ ᠲᠣᠭ᠋ᠠᠴᠢᠬᠤ ᠱᠠᠭᠠᠷᠳᠠᠯᠭ᠎ᠠ᠎ᠶᠢᠨ ᠰᠦᠪᠡᠭᠴᠢ᠎ᠶᠢ ᠥᠨᠳᠥᠷ ᠪᠦᠲᠦᠮᠵᠢᠲᠡᠶ᠎ᠪᠡᠷ ᠭᠦᠢᠴᠡᠳᠭᠡᠵᠦ᠍᠂ ᠭᠦᠢᠴᠡᠳᠭᠡᠵᠦ᠍ ᠳᠠᠭᠤᠰᠭᠠᠭ᠍ᠰᠠᠨ ᠨᠣᠷᠮ᠎ᠠ᠎ᠨᠢ 97% ᠎ᠳᠤ ᠬᠦᠷᠴᠦ᠍᠂ ᠦᠯᠡᠳᠡᠭ᠌ᠰᠡᠨ 2 ᠵᠤᠷᠪᠤᠰ᠎ᠢ ᠶᠠᠭ ᠪᠥᠬᠦ᠌ ᠬᠦᠴᠦᠨ᠎ᠢᠶᠠᠷ᠎ᠢᠶᠠᠨ ᠠᠬᠢᠭᠤᠯᠵᠤ ᠪᠠᠢᠨ᠎ᠠ᠃ 《ᠵᠢᠯᠣᠭᠤᠴᠢ᠎ᠶ᠋ᠢᠨ ᠭᠣᠮᠣᠳᠠᠯ ᠲᠣᠭ᠋ᠠᠴᠢᠬᠤ ᠱᠢᠭᠤᠳ ᠨᠡᠪᠲᠡᠷᠡᠬᠦ᠌ ᠲᠡᠷᠭᠡ》 ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠬᠤᠯᠪᠣᠭᠠᠯᠠᠨ ᠬᠥᠳᠡᠯᠦᠯᠴᠡᠭ᠌ᠰᠡᠨ 12328 ᠬᠠᠯᠠᠮᠱᠢᠯ ᠤᠲᠠᠰᠤ᠎ᠶᠢᠨ ᠴᠤᠤᠷᠢᠶᠠᠳᠤᠨ ᠳᠠᠭᠠᠬᠤ ᠵᠠᠮ᠎ᠢ ᠪᠠᠢᠭᠤᠯᠵᠤ᠂ ᠡᠨᠡ ᠵᠢᠯ ᠪᠠᠷᠠᠭᠠᠨ᠎ᠤ ᠲᠡᠷᠭᠡ᠎ᠶ᠋ᠢᠨ ᠵᠢᠯᠣᠭᠤᠴᠢ᠎ᠶ᠋ᠢᠨ ᠠᠵᠢᠯ᠎ᠤᠨ ᠬᠠᠭᠤᠳᠠᠰᠤ᠎ᠶ᠋ᠢ ᠨᠡᠢᠲᠡ 608 ᠬᠤᠪᠢ ᠭᠥᠯᠢᠶᠡᠨ ᠠᠪᠴᠤ᠌ ᠱᠢᠢᠳᠪᠦᠷᠢᠯᠡᠭ᠌ᠰᠡᠨ ᠪᠥᠭᠡᠳ ᠪᠦᠬᠦᠨ᠎ᠢ ᠭᠦᠢ᠍ᠴᠡᠳᠭᠡᠵᠦ ᠳᠠᠭᠤᠰᠭᠠᠪᠠ᠃ ᠰᠦᠯᠵᠢᠶᠡᠨ᠎ᠤ ᠪᠠᠷᠠᠭᠠᠨ᠎ᠤ ᠲᠡᠭᠡᠭᠡᠪᠦᠷᠢ᠎ᠶ᠋ᠢᠨ ᠲᠠᠪᠴᠠᠩ᠎ᠤᠨ 《ᠰᠠᠬᠢᠯᠭ᠎ᠠ᠎ᠶᠢᠨ ᠭᠡᠷ᠎ᠡ》 ᠎ᠶ᠋ᠢ ᠬᠠᠮᠵᠢᠨ ᠨᠠᠢᠳᠠᠪᠤᠷᠢᠵᠢᠭᠤᠯᠵᠤ᠂ ᠪᠠᠷᠠᠭᠠᠨ᠎ᠤ ᠡᠵᠡᠨ ᠦᠨᠡᠨ ᠨᠡᠷ᠎ᠡ᠎ᠪᠠᠷ ᠭᠡᠷᠡᠴᠢᠯᠡᠬᠦ᠌ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠠᠷᠠᠯᠵᠢᠶᠠᠨ᠎ᠤ ᠡᠬᠢ ᠡᠭᠦᠰᠦᠯ᠎ᠠᠴᠠ᠎ᠨᠢ ᠵᠢᠯᠣᠭᠤᠴᠢ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠨ᠎ᠠ᠃

ᠬᠠᠯᠠᠮᠵᠢᠯᠠᠯ᠎ᠤᠨ ᠤᠷᠮᠠᠱᠢᠭᠤᠯᠤᠯ᠎ᠢ  ᠭᠦᠨᠵᠡᠭᠡᠢ᠌ᠷᠡᠭᠦᠯᠦᠨ᠎ᠡ᠃ 2025 ᠣᠨ᠎ᠳᠤ 40 ᠨᠡᠷᠡᠰ ᠵᠢᠯᠣᠭᠤᠴᠢ᠎ᠶ᠋ᠢ ᠵᠣᠬᠢᠶᠠᠨ ᠪᠠᠢᠭᠤᠯᠵᠤ ᠡᠷᠡᠭᠦᠯ ᠮᠡᠨᠳᠦ᠍᠎ᠶ᠋ᠢᠨ ᠪᠡᠶ᠎ᠡ᠎ᠶ᠋ᠢᠨ ᠪᠠᠢᠴᠠᠭᠠᠯᠲᠠ᠂ ᠰᠡᠳᠭᠢᠴᠡ᠎ᠶ᠋ᠢᠨ ᠵᠢᠯᠣᠭᠤᠳᠤᠮᠵᠢ ᠠᠭᠤᠯᠤᠭ᠍ᠰᠠᠨ ᠰᠤᠪᠢᠯᠠᠯᠲᠠ᠎ᠶ᠋ᠢᠨ ᠠᠵᠢᠯᠯᠠᠭ᠎ᠠ᠎ᠳᠤ ᠣᠷᠣᠯᠴᠠᠭᠤᠯᠪᠠ᠃ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ 《ᠵᠢᠯᠣᠭᠤᠴᠢ᠎ᠶ᠋ᠢᠨ ᠱᠢᠭᠤᠳ ᠨᠡᠪᠲᠡᠷᠡᠬᠦ᠌ ᠲᠡᠷᠭᠡ》 ᠎ᠶ᠋ᠢᠨ ᠸᠢᠴᠠᠲ᠎ᠤᠨ ᠵᠢᠵᠢᠭ ᠫᠷᠤᠭ᠌ᠷᠠᠮ᠎ᠳᠤ ᠲᠦᠱᠢᠭ᠌ᠯᠡᠨ ᠦᠢᠯᠡᠴᠢᠯᠡᠭᠡᠨ᠎ᠤ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠬᠤᠲᠠ᠂ ᠬᠤᠱᠢᠭᠤ (ᠲᠣᠭᠤᠷᠢᠭ) ᠬᠤᠶᠠᠷ ᠱᠠᠲᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ᠎ᠶ᠋ᠢᠨ ᠲᠣᠪᠴᠢᠶᠠᠨ ᠳᠠᠷᠤᠭ᠎ᠠ᠎ᠶ᠋ᠢᠨ ᠬᠠᠷᠢᠯᠴᠠᠬᠤ ᠲᠣᠭ᠍ᠲᠠᠴᠠ᠎ᠶ᠋ᠢ ᠪᠠᠢᠭᠤᠯᠵᠤ᠂ ᠣᠳᠣᠬᠠᠨ᠎ᠳᠤ ᠨᠢᠭᠡᠨᠲᠡ ᠵᠢᠯᠣᠭᠤᠴᠢ ᠨᠠᠮ᠎ᠤᠨ ᠭᠡᠱᠢᠭᠦᠨ ᠵᠢᠴᠢ ᠵᠢᠯᠣᠭᠤᠴᠢ᠎ᠶ᠋ᠢᠨ ᠲᠥᠯᠥᠭᠡᠯᠡᠭ᠌ᠴᠢ᠎ᠶ᠋ᠢᠨ 140 ᠬᠥᠮᠦᠨ᠎ᠲᠠᠢ ᠱᠢᠭᠤᠳ ᠬᠠᠷᠢᠯᠴᠠᠵᠤ᠂ ᠨᠠᠮ᠎ᠤᠨ ᠪᠠᠢᠭᠤᠯᠤᠯᠲᠠ᠎ᠶ᠋ᠢᠨ ᠠᠵᠢᠯ ᠬᠢᠭᠡᠳ ᠡᠷᠬᠡ ᠠᠱᠢᠭ᠎ᠤᠨ ᠪᠠᠲᠤᠯᠠᠭ᠎ᠠ᠎ᠶ᠋ᠢᠨ ᠭᠦᠨᠵᠡᠭᠡᠶ ᠠᠭᠤᠰᠤᠯᠴᠠᠯ᠎ᠢ ᠪᠡᠶᠡᠯᠡᠭᠦᠯᠦᠭ᠌ᠰᠡᠨ ᠪᠥᠭᠡᠳ ᠪᠠᠰᠠ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠠᠵᠢᠯ᠎ᠢ ᠤᠯᠠᠮ ᠨᠢᠭᠡ ᠠᠯᠬᠤᠮ ᠠᠬᠢᠭᠤᠯᠬᠤ᠎ᠳᠤ ᠰᠠᠭᠤᠷᠢ᠎ᠶ᠋ᠢ ᠪᠡᠬᠢᠵᠢᠭᠦᠯᠦᠭᠰᠡᠨ ᠪᠠᠢ᠌ᠨ᠎ᠠ᠃

ᠢᠷᠡᠯᠲᠡ᠄ ᠣᠷᠳᠣᠰ ᠬᠤᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            