11 ᠳ᠋ᠦ᠍ᠭᠡᠷ ᠰᠠᠷ᠎ᠠ᠎ᠶ᠋ᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠶᠡᠷᠦᠩᠬᠡᠶ ᠠᠩᠭᠢ᠎ᠶ᠋ᠢᠨ ᠳᠣᠯᠣᠳᠤᠭᠠᠷ ᠰᠠᠯᠪᠤᠷᠢ ᠠᠩᠭᠢ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ ᠡᠷᠭᠢᠯᠡᠪᠡ᠃ ᠲᠤᠰ ᠰᠠᠯᠪᠤᠷᠢ ᠠᠩᠭᠢ᠎ᠶ᠋ᠢᠨ ᠪᠠᠢᠭᠤᠯᠭ᠎ᠠ᠎ᠶ᠋ᠢᠨ ᠪᠦᠬᠦ᠌ ᠺᠠᠳ᠋ᠷ ᠠᠵᠢᠯᠲᠠᠨ᠂ ᠡᠯ᠎ᠡ ᠶᠡᠭᠡ ᠠᠩᠭᠢ᠎ᠶ᠋ᠢᠨ ᠬᠠᠷᠢᠭᠤᠴᠠᠯᠭᠠᠲᠠᠨ ᠵᠢᠴᠢ ᠨᠠᠮ᠎ᠤᠨ ᠭᠡᠱᠢᠭᠦᠨ᠎ᠤ ᠲᠥᠯᠥᠭᠡᠯᠡᠭ᠌ᠴᠢ ᠰᠤᠷᠤᠯᠴᠠᠯᠭ᠎ᠠ᠎ᠳᠤ ᠣᠷᠣᠯᠴᠠᠪᠠ᠃
ᠮᠡᠳᠡᠭᠦᠯᠦᠯᠲᠡ᠎ᠶ᠋ᠢᠨ ᠬᠤᠷᠠᠯ᠎ᠨᠢ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭᠠᠨ᠎ᠤ ᠭᠤᠣᠯ ᠴᠢᠬᠤᠯᠠ ᠠᠭᠤᠯᠭ᠎ᠠ᠎ᠠᠴᠠ᠂ 《ᠠᠷᠪᠠᠨ ᠲᠠᠪᠤᠳᠤᠭᠠᠷ ᠲᠠᠪᠤᠨ ᠵᠢᠯ》 ᠤᠨ ᠬᠤᠭᠤᠴᠠᠭᠠᠨ᠎ᠳᠤ ᠣᠷᠣᠱᠢᠵᠤ ᠪᠠᠢᠭ᠎ᠠ ᠲᠡᠦᠬᠡᠨ ᠣᠷᠣᠨ ᠪᠠᠢᠷᠢ᠎ᠶ᠋ᠢ ᠲᠣᠳᠣᠷᠬᠠᠶ ᠲᠠᠢᠯᠪᠤᠷᠢᠯᠠᠵᠤ᠂ ᠢᠷᠡᠬᠦ᠌ ᠲᠠᠪᠤᠨ ᠵᠢᠯ᠎ᠤᠨ ᠬᠥᠭ᠌ᠵᠢᠯᠲᠡ᠎ᠶ᠋ᠢᠨ ᠵᠢᠯᠣᠭᠤᠳᠭᠤ ᠴᠢᠭ᠌ᠯᠡᠯᠲᠡ ᠪᠣᠯᠤᠨ ᠭᠤᠤᠯ ᠬᠠᠷᠠᠯᠲᠠ᠎ᠶ᠋ᠢ ᠲᠣᠳᠣᠷᠬᠠᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠦᠷᠭᠦᠯᠵᠢᠯᠡᠨ ᠠᠬᠢᠭᠤᠯᠬᠤ ᠶᠡᠷᠦᠩᠬᠡᠶ ᠪᠠᠢᠷᠢᠯᠠᠭᠤᠯᠤᠯᠲᠠ ᠵᠢᠴᠢ ᠭᠤᠤᠯᠳᠠᠯᠭ᠎ᠠ᠎ᠲᠠᠢ ᠡᠭᠦᠷᠭᠡ᠎ᠳᠤ ᠦᠨᠳᠦᠰᠦᠨ ᠱᠠᠲᠤᠨ᠎ᠤ ᠪᠣᠳᠠᠲᠤ ᠪᠠᠢᠳᠠᠯ᠎ᠲᠠᠢ ᠨᠡᠢᠴᠡᠭ᠌ᠰᠡᠨ ᠲᠠᠢᠯᠤᠮᠵᠢ ᠬᠢᠵᠦ᠍᠂ ᠰᠠᠯᠪᠤᠷᠢ ᠠᠩᠭᠢ᠎ᠶ᠋ᠢᠨ ᠺᠠᠳ᠋ᠷ ᠠᠵᠢᠯᠲᠠᠨ ᠠᠵᠢᠯᠴᠢᠨ᠎ᠤ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠶ ᠡᠵᠡᠮᠳᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤᠨ ᠬᠥᠭ᠌ᠵᠢᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠢ ᠲᠦᠷᠭᠡᠳᠭᠡᠨ ᠪᠥᠲᠥᠭᠡᠨ ᠪᠠᠢᠭᠤᠯᠬᠤ ᠶᠡᠭᠡ ᠲᠠᠯ᠎ᠠ᠎ᠠᠴᠠ ᠲᠣᠰ ᠪᠡᠶ᠎ᠡ᠎ᠶ᠋ᠢᠨ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠣᠯᠵᠤ᠂ ᠦᠢᠯᠡᠳᠦᠯᠭᠡ᠎ᠶ᠋ᠢᠨ ᠠᠷᠭ᠎ᠠ ᠵᠠᠮ᠎ᠢᠶᠠᠨ ᠲᠣᠳᠣᠷᠬᠠᠢᠯᠠᠬᠤ᠎ᠳᠤ ᠬᠦᠴᠦᠲᠡᠶ ᠵᠢᠯᠣᠭᠤᠳᠣᠯᠭ᠎ᠠ ᠬᠠᠩᠭᠠᠪᠠ᠃
ᠬᠤᠷᠠᠯ᠎ᠳᠤ ᠣᠷᠣᠯᠴᠠᠭ᠍ᠰᠠᠳ ᠰᠠᠨᠠᠯ ᠨᠢᠭᠡᠲᠡᠶ ᠢᠯᠡᠷᠭᠡᠢᠯᠡᠭ᠌ᠰᠡᠨᠨᠢ᠂ ᠲᠤᠰ ᠤᠳᠠᠭ᠎ᠠ᠎ᠶᠢᠨ ᠤᠬᠠᠭᠤᠯᠤᠨ ᠲᠠᠢᠯᠪᠤᠷᠢᠯᠠᠭᠰᠠᠨ ᠠᠭᠤᠯᠭ᠎ᠠ ᠨᠢ ᠡᠯᠪᠡᠭ ᠪᠠᠶᠠᠯᠢᠭ᠋ ᠨᠠᠷᠢᠨ ᠪᠣᠳᠠᠲᠠᠢ᠂ ᠭᠦᠨ ᠭᠦᠨᠵᠡᠭᠡᠢ ᠵᠠᠳᠠᠯᠤᠯᠲᠠ ᠬᠢᠵᠦ᠂ ᠤᠨᠤᠯ᠎ᠤᠨ ᠦᠨᠳᠦᠷᠴᠡ᠂ ᠦᠢᠯᠡᠳᠦᠯᠭᠡ᠎ᠶ᠋ᠢᠨ ᠭᠦᠨᠴᠡ ᠪᠠ ᠵᠢᠯᠣᠭᠤᠳᠭᠤ ᠡᠷᠴᠢᠮ᠎ᠢ ᠴᠢᠩᠭᠠᠷᠠᠭᠤᠯᠵᠤ᠂ ᠤᠯᠠᠨ᠎ᠢ ᠪᠦᠲᠦᠮᠵᠢᠲᠡᠶ᠎ᠪᠠᠷ ᠬᠠᠪᠰᠤᠷᠤᠨ ᠪᠥᠬᠦᠳᠡ ᠬᠤᠷᠠᠯ᠎ᠤᠨ ᠵᠣᠷᠢᠭ ᠰᠠᠨᠠᠭᠠᠨ᠎ᠤ ᠮᠥᠨ ᠴᠢᠨᠠᠷ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ ᠣᠨᠣᠪᠴᠢᠲᠠᠶ ᠡᠵᠡᠮᠳᠡᠭᠦᠯᠪᠡ ᠭᠡᠪᠡ᠃