ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠰᠠᠯᠠᠭ᠎ᠠ ᠮᠥᠴᠢᠷ ᠴᠡᠭᠡ ᠬᠢᠯᠢ᠎ᠶᠢᠨ ᠪᠣᠭᠤᠮᠲᠠ᠎ᠳᠤ ᠬᠠᠯᠠᠭᠤᠨ ᠳᠤᠯᠠᠭᠠᠨ ᠳᠤᠬᠤᠨᠢᠭᠤᠯᠭ᠎ᠠ᠎ᠶ᠋ᠢᠨ ᠠᠵᠢᠯᠯᠠᠭ᠎ᠠ᠎ᠶᠢ ᠥᠷᠨᠢᠭᠦᠯᠪᠡ
ᠨᠡᠶ᠋ᠢᠲᠡᠯᠡᠭᠰᠡᠨ ᠴᠠᠭ᠄ 2025-12-17

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ᠎ᠤᠨ ᠨᠠᠮ᠎ᠤᠨ ᠬᠤᠷᠢᠶ᠎ᠠ ᠠᠯᠠᠱᠠ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ᠎ᠲᠠᠢ ᠬᠠᠮᠲᠤᠷᠠᠨ ᠴᠡᠭᠡ ᠬᠢᠯᠢ᠎ᠶᠢᠨ ᠪᠣᠭᠤᠮᠲᠠ᠎ᠶ᠋ᠢᠨ ᠣᠯᠠᠨ ᠤᠯᠤᠰ᠎ᠤᠨ ᠵᠠᠮ ᠲᠡᠭᠡᠭᠡᠪᠦᠷᠢ᠎ᠶ᠋ᠢᠨ 《ᠵᠢᠯᠣᠭᠤᠴᠢ᠎ᠶ᠋ᠢᠨ ᠭᠡᠷ》᠂ ᠣᠯᠠᠨ ᠤᠯᠤᠰ᠎ᠤᠨ ᠠᠶᠠᠨᠴᠢᠳ᠎ᠤᠨ ᠲᠡᠭᠡᠭᠡᠪᠦᠷᠢ᠎ᠶ᠋ᠢᠨ ᠥᠷᠲᠡᠭᠡ ᠵᠡᠷᠭᠡ ᠲᠠᠯᠠᠪᠤᠷ᠎ᠲᠤ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠍᠂ ᠬᠢᠯᠢ᠎ᠶ᠋ᠢᠨ ᠪᠣᠭᠤᠮᠲᠠ᠎ᠶ᠋ᠢᠨ ᠨᠢᠭᠡᠳᠦᠭᠡᠷ ᠹᠷᠣᠨᠲ᠎ᠲᠤ ᠠᠵᠢᠯᠯᠠᠵᠤ ᠪᠠᠢᠭ᠎ᠠ ᠬᠥᠮᠦᠰ᠎ᠲᠤ ᠳᠤᠯᠠᠭᠠᠨ᠎ᠢ ᠬᠠᠮᠠᠭᠠᠯᠠᠬᠤ ᠳᠡᠪᠦᠷ᠎ᠡ᠂ ᠤᠬᠢᠶᠠᠯᠭ᠎ᠠ᠎ᠶ᠋ᠢᠨ ᠪᠣᠭ᠍ᠴᠣ ᠵᠡᠷᠭᠡ ᠬᠠᠯᠠᠭᠤᠨ ᠳᠤᠯᠠᠭᠠᠨ ᠪᠡᠯᠡᠭ ᠬᠦᠷᠭᠡᠭ᠌ᠰᠡᠨ ᠪᠥᠭᠡᠳ ᠦᠢᠯᠡᠴᠢᠯᠡᠭᠡᠨ᠎ᠤ ᠪᠡᠯᠡᠳᠭᠡᠮᠵᠢ᠎ᠶ᠋ᠢ ᠱᠢᠯᠢᠳᠡᠭ᠌ᠵᠢᠭᠦᠯᠬᠦ᠂ ᠠᠮᠠᠷᠠᠬᠤ ᠣᠷᠴᠢᠨ ᠨᠦᠬᠦᠴᠡᠯ᠎ᠢ ᠰᠠᠢᠵᠢᠷᠠᠭᠤᠯᠬᠤ ᠵᠡᠷᠭᠡ ᠲᠠᠯ᠎ᠠ᠎ᠪᠠᠷ ᠰᠠᠨᠠᠯ ᠬᠤᠷᠢᠶᠠᠪᠠ᠃

ᠣᠢᠷ᠎ᠠ᠎ᠶ᠋ᠢᠨ ᠵᠢᠯ᠎ᠤᠳ᠎ᠲᠤ᠌᠂ ᠴᠡᠭᠡ ᠬᠢᠯᠢ᠎ᠶᠢᠨ ᠪᠣᠭᠤᠮᠲᠠ᠎ᠶ᠋ᠢᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠲᠠᠰᠤᠷᠠᠯᠲᠠ ᠥᠬᠡᠶ ᠲᠡᠭᠦᠯᠳᠡᠷᠵᠢᠬᠦ᠌ ᠪᠠ ᠪᠣᠭᠤᠮᠲᠠ᠎ᠪᠠᠷ ᠥᠩᠭᠡᠷᠡᠬᠦ᠌ ᠦᠷ᠎ᠡ ᠪᠦᠲᠦᠮᠵᠢ᠎ᠶ᠋ᠢᠨ ᠦᠷᠭᠦᠯᠵᠢᠯᠡᠨ ᠳᠡᠭᠡᠭ᠌ᠰᠢᠯᠡᠬᠦ᠌᠎ᠶ᠋ᠢ ᠳᠠᠭᠠᠯᠳᠤᠨ᠂ ᠳᠤᠮᠳᠠᠳᠤ ᠮᠣᠩᠭᠤᠯ ᠬᠤᠶᠠᠷ ᠤᠯᠤᠰ᠎ᠤᠨ ᠠᠵᠤ ᠠᠬᠤᠶ ᠠᠷᠠᠯᠵᠢᠶᠠᠨ᠎ᠤ ᠶᠠᠪᠤᠯᠴᠠᠭ᠎ᠠ᠎ᠶ᠋ᠢ ᠬᠤᠯᠪᠣᠭ᠍ᠰᠠᠨ ᠴᠢᠬᠤᠯᠠ ᠬᠦᠢᠰᠦ ᠪᠣᠯᠤᠭ᠍ᠰᠠᠨ ᠪᠠᠢᠨ᠎ᠠ᠃ ᠴᠡᠭᠡ ᠬᠢᠯᠢ᠎ᠶᠢᠨ ᠪᠣᠭᠤᠮᠲᠠ᠎ᠶ᠋ᠢᠨ ᠣᠯᠠᠨ ᠤᠯᠤᠰ᠎ᠤᠨ ᠵᠠᠮ ᠲᠡᠭᠡᠭᠡᠪᠦᠷᠢ᠎ᠶ᠋ᠢᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ᠎ᠲᠠᠢ ᠪᠠᠢᠬᠤ᠎ᠶ᠋ᠢ ᠪᠠᠲᠤᠯᠠᠬᠤ᠎ᠶ᠋ᠢᠨ ᠲᠥᠯᠥᠭᠡ᠂ ᠵᠠᠮ ᠲᠡᠭᠡᠭᠡᠪᠦᠷᠢ᠎ᠶ᠋ᠢᠨ ᠰᠠᠯᠠᠭ᠎ᠠ ᠮᠥᠴᠢᠷ᠎ᠤᠨ᠎ᠬᠢᠨ ᠨᠠᠮ᠎ᠤᠨ ᠪᠠᠢᠭᠤᠯᠤᠯᠲᠠ᠎ᠶ᠋ᠢᠨ ᠬᠥᠲᠥᠯᠦᠨ ᠳᠠᠭᠠᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠣᠯᠠᠨ ᠲᠠᠯ᠎ᠠ᠎ᠶ᠋ᠢᠨ ᠬᠦᠴᠦᠨ᠎ᠢ ᠨᠢᠭ᠍ᠲᠠᠷᠠᠭᠤᠯᠤᠨ ᠣᠯᠠᠨ ᠤᠯᠤᠰ᠎ᠤᠨ ᠵᠠᠮ ᠲᠡᠭᠡᠭᠡᠪᠦᠷᠢ᠎ᠶ᠋ᠢᠨ ᠦᠶ᠋ᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠬᠠᠮᠵᠢᠯᠴᠠᠨ ᠠᠬᠢᠭᠤᠯᠵᠤ᠂ 《ᠨᠠᠮ᠎ᠤᠨ ᠭᠡᠱᠢᠭᠦᠨ᠎ᠤ ᠬᠤᠱᠢᠭᠤᠴᠢ ᠠᠵᠢᠯ᠎ᠤᠨ ᠪᠠᠢᠷᠢ》 ᠎ᠶᠢ ᠪᠠᠢᠭᠤᠯᠬᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠤ ᠠᠩᠭᠢ᠎ᠶ᠋ᠢ ᠵᠣᠬᠢᠶᠠᠨ ᠪᠠᠢᠭᠤᠯᠬᠤ᠎ᠪᠠᠷ ᠳᠠᠮᠵᠢᠭᠤᠯᠤᠨ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠠᠷᠠᠳ᠎ᠲᠤ ᠲᠥᠬᠦᠮ ᠦᠵᠡᠭᠦᠯᠬᠦ᠌ ᠦᠶ᠋ᠯᠡᠴᠢᠯᠡᠭᠡ ᠪᠠ ᠪᠠᠴᠢᠮ ᠪᠠᠢᠳᠠᠯ᠎ᠢ ᠠᠷᠭ᠋ᠠᠴᠠᠭ᠋ᠠᠬᠤ ᠪᠠᠲᠤᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢ ᠠᠵᠢᠯ ᠲᠥᠷᠥᠯ᠎ᠤᠨ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ ᠪᠣᠯᠭᠠᠨ ᠬᠣᠪᠢᠷᠠᠭᠤᠯᠪᠠ᠃ ᠡᠭᠦᠨ᠎ᠤ ᠬᠠᠮᠲᠤ᠌᠂ ᠵᠢᠯᠣᠭᠤᠴᠢ᠎ᠶᠢᠨ ᠰᠦᠷᠦᠭᠵᠢᠯ ᠪᠡᠶ᠎ᠡ᠎ᠶᠢᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠵᠢᠯᠣᠭᠤᠴᠢ᠎ᠶ᠋ᠢᠨ ᠬᠡᠷ》 ᠎ᠤᠨ ᠴᠢᠳᠠᠮᠵᠢ᠎ᠶ᠋ᠢ ᠢᠵᠢ ᠪᠥᠷᠢᠳᠦᠭᠦᠯᠬᠦ᠌᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠢᠳᠡᠭᠡᠨ ᠤᠮᠳᠠᠭᠠᠨ᠂ ᠠᠮᠠᠷᠠᠬᠤ᠂ ᠰᠡᠯᠪᠢᠨ ᠵᠠᠰᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠦᠶ᠋ᠯᠡᠴᠢᠯᠡᠭᠡᠨ᠎ᠤ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠥᠷᠭᠡᠨ ᠣᠯᠠᠨ ᠠᠵᠢᠯᠯᠠᠭ᠍ᠰᠠᠳ᠎ᠲᠤ ᠵᠣᠬᠢᠶᠠᠨ ᠪᠠᠢᠭᠤᠯᠤᠯᠲᠠ᠎ᠶ᠋ᠢᠨ ᠬᠠᠢᠷ᠎ᠠ ᠬᠠᠯᠠᠮᠵᠢ ᠪᠠ ᠠᠵᠢᠯ ᠲᠥᠷᠥᠯ᠎ᠤᠨ ᠬᠠᠢᠷ᠎ᠠ ᠬᠠᠯᠠᠮᠵᠢ᠎ᠶ᠋ᠢ ᠮᠡᠳᠡᠷᠡᠭᠦᠯᠪᠡ᠃

ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠰᠠᠯᠠᠭ᠎ᠠ ᠮᠥᠴᠢᠷ᠎ᠤᠳ ᠪᠠᠰᠠ ᠠᠷᠠᠳ᠎ᠲᠤ ᠲᠥᠬᠦᠮ ᠦᠵᠡᠭᠦᠯᠬᠦ᠌ ᠦᠶ᠋ᠯᠡᠴᠢᠯᠡᠭᠡ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠂ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠬᠤ᠂ ᠰᠠᠭᠤᠷᠢ ᠲᠥᠬᠦᠭᠡᠷᠦᠮᠵᠢ ᠵᠡᠷᠭᠡ ᠲᠠᠯ᠎ᠠ᠎ᠶ᠋ᠢᠨ ᠲᠣᠭᠤᠷᠢᠨ᠎ᠳᠤ᠂ ᠣᠯᠠᠨ ᠵᠦᠶ᠋ᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠦᠶ᠋ᠯᠡᠴᠢᠯᠡᠭᠡᠨ᠎ᠤ ᠬᠦᠴᠦᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠣᠯᠠᠨ ᠤᠯᠤᠰ᠎ᠤᠨ ᠵᠠᠮ ᠲᠡᠭᠡᠭᠡᠪᠦᠷᠢ᠎ᠶ᠋ᠢᠨ 《ᠵᠢᠯᠣᠭᠤᠴᠢ᠎ᠶ᠋ᠢᠨ ᠭᠡᠷ》᠂ 《ᠵᠠᠮ ᠬᠠᠷᠢᠯᠴᠠᠭᠠᠨ᠎ᠤ ᠬᠠᠤᠯᠢ ᠬᠡᠷᠡᠭᠵᠢᠭᠦᠯᠬᠦ ᠠᠷᠠᠳ᠎ᠲᠤ ᠲᠥᠬᠦᠮ ᠦᠵᠡᠭᠦᠯᠬᠦ᠌ ᠦᠶ᠋ᠯᠡᠴᠢᠯᠡᠭᠡᠨ᠎ᠤ ᠥᠷᠲᠡᠭᠡ》 ᠵᠡᠷᠭᠡ ᠦᠶ᠋ᠯᠡᠴᠢᠯᠡᠭᠡᠨ᠎ᠤ ᠵᠢᠭ᠍ᠰᠠᠭᠠᠯ᠎ᠤᠨ ᠭᠠᠵᠠᠷ᠎ᠲᠤ ᠲᠦᠱᠢᠭ᠌ᠯᠡᠨ᠂ ᠬᠢᠯᠢ ᠠᠯᠤᠰᠯᠠᠭ᠍ᠰᠠᠨ ᠰᠠᠭᠠᠳ ᠥᠬᠡᠶ ᠨᠡᠪᠲᠡᠷᠡᠬᠦ᠌ ᠵᠠᠮ᠎ᠢ ᠨᠡᠭᠡᠭᠡᠬᠦ᠂ ᠬᠡᠷᠡᠭ᠌ᠯᠡᠯᠲᠡ᠎ᠶ᠋ᠢ ᠤᠷᠢᠳᠴᠢᠯᠠᠨ ᠭᠤᠶᠤᠴᠢᠯᠠᠨ ᠮᠡᠳᠡᠭᠦᠯᠬᠦ᠂ 《ᠬᠤᠤᠰ ᠬᠡᠯᠡᠨ᠎ᠤ ᠦᠶ᠋ᠯᠡᠴᠢᠯᠡᠭᠡ 》 ᠬᠠᠩᠭᠠᠬᠤ᠂ 24 ᠴᠠᠭ᠎ᠢᠶᠠᠷ ᠪᠣᠯᠵᠣᠬᠤ ᠵᠡᠷᠭᠡ ᠠᠷᠠᠳ᠎ᠲᠤ ᠲᠥᠬᠦᠮ ᠦᠵᠡᠭᠦᠯᠬᠦ᠌ ᠦᠶ᠋ᠯᠡᠴᠢᠯᠡᠭᠡᠨ᠎ᠤ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠣᠯᠠᠨ ᠤᠯᠤᠰ᠎ᠤᠨ ᠵᠠᠮ ᠲᠡᠭᠡᠭᠡᠪᠦᠷᠢ᠎ᠶ᠋ᠢᠨ ᠠᠵᠤ ᠠᠬᠤᠢᠯᠠᠯ ᠵᠢᠴᠢ ᠠᠵᠢᠯ ᠡᠷᠭᠢᠯᠡᠭ᠌ᠰᠡᠳ᠎ᠤᠨ ᠪᠣᠭᠤᠮᠲᠠ᠎ᠪᠠᠷ ᠥᠩᠭᠡᠷᠡᠬᠦ᠌ ᠲᠡᠭᠡᠭᠡᠪᠦᠷᠢ᠎ᠶ᠋ᠢᠨ ᠶᠠᠪᠤᠴᠠ᠎ᠳᠤ ᠲᠤᠯᠭᠠᠷᠠᠭ᠍ᠰᠠᠨ ᠪᠣᠳᠠᠲᠠᠶ ᠬᠦᠴᠢᠷᠳᠡᠯ᠎ᠢ ᠴᠠᠭ ᠲᠤᠬᠠᠶ᠎ᠳᠤ ᠨᠢ ᠰᠢᠢ᠍ᠳᠪᠦᠷᠢᠯᠡᠪᠡ᠃

ᠢᠷᠡᠯᠲᠡ᠄ ᠠᠯᠠᠱᠠ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ
          
ᠬᠠᠮᠢᠶ᠎ᠡ ᠪᠦᠬᠦᠢ ᠰᠣᠨᠢᠨ
 
            