12 ᠳ᠋ᠤᠭ᠋ᠠᠷ ᠰᠠᠷ᠎ᠠ᠎ᠶ᠋ᠢᠨ 22 ᠤᠨ ᠡᠳᠦᠷ᠂ ᠬᠠᠬᠢᠷ ᠬᠦᠢᠲᠡᠨ ᠠᠭᠠᠷ᠎ᠤᠨ ᠨᠥᠯᠥᠭᠡ᠎ᠪᠠᠷ᠂ ᠬᠢᠩᠭᠠᠨ ᠠᠢᠮᠠᠭ᠎ᠲᠤ ᠳᠤᠮᠳᠠ ᠠ᠋ᠴᠠ ᠶᠡᠬᠡ ᠴᠠᠰᠤ ᠣᠷᠣᠵᠤ᠂ ᠬᠡᠰᠡᠭ ᠭᠠᠵᠠᠷ᠎ᠲᠤ ᠶᠡᠬᠡ ᠴᠠᠰᠤ ᠣᠷᠣᠵᠤ᠂ ᠬᠠᠮᠤᠭ᠎ᠤᠨ ᠶᠡᠬᠡ ᠬᠤᠷᠠᠭᠰᠠᠨ ᠴᠠᠰᠤᠨ᠎ᠤ ᠬᠡᠮᠵᠢᠶ᠎ᠡ ᠨᠢ 30 ᠰᠠᠨᠲ᠋ᠢᠮᠧᠲᠷ ᠭᠦᠷᠦᠭᠰᠡᠨ ᠪᠠᠢᠨ᠎ᠠ᠃

ᠣᠯᠠᠨ ᠲᠦᠮᠡᠨ᠎ᠤ ᠶᠠᠪᠤᠵᠤ ᠰᠠᠭᠤᠬᠤ ᠠᠮᠤᠷ ᠲᠦᠪᠱᠢᠨ᠎ᠢ ᠪᠠᠲᠤᠯᠠᠬᠤ᠎ᠶ᠋ᠢᠨ ᠲᠥᠯᠥᠭᠡ᠂ ᠥᠪᠥᠷ ᠮᠣᠩᠭᠤᠯ᠎ᠤᠨ ᠵᠠᠮ ᠬᠠᠷᠢᠯᠴᠠᠭᠠᠨ᠎ᠤ ᠪᠦᠯᠦᠭ᠌ᠯᠡᠯ᠎ᠤᠨ ᠮᠧᠩ ᠲᠦᠩ ᠬᠢᠩᠭᠠᠨ ᠠᠢᠮᠠᠭ᠎ᠤᠨ ᠬᠤᠪᠢᠶᠠᠷᠢ ᠺᠣᠮᠫᠠᠨᠢ ᠬᠦᠳᠡᠯᠦᠯᠴᠡᠵᠦ᠂ ᠪᠠᠴᠢᠮ ᠪᠠᠢᠳᠠᠯ᠎ᠢ ᠠᠷᠭ᠋ᠠᠴᠠᠭ᠋ᠠᠬᠤ ᠲᠥᠰᠥᠯ᠎ᠢ ᠦᠳᠲᠡᠷ ᠲᠦᠷᠭᠡᠨ ᠡᠬᠢᠯᠡᠭᠦᠯᠵᠦ᠂ ᠠᠶᠤᠯ᠎ᠠᠴᠠ ᠠᠪᠤᠷᠠᠬᠤ ᠭᠤᠣᠯᠯᠠᠭ᠍ᠴᠢ ᠡᠩᠨᠡᠭᠡ᠎ᠶ᠋ᠢ ᠲᠦᠷᠭᠡᠨ ᠪᠠᠢᠭᠤᠯᠵᠤ᠂ ᠴᠠᠰᠤ ᠠᠷᠢᠯᠭᠠᠬᠤ ᠮᠠᠱᠢᠨ᠂ ᠰᠠᠴᠤᠬᠤ ᠮᠠᠱᠢᠨ ᠵᠡᠷᠭᠡ ᠪᠠᠴᠢᠮ ᠪᠠᠢᠳᠠᠯ᠎ᠢ ᠠᠷᠭ᠋ᠠᠴᠠᠭ᠋ᠠᠬᠤ ᠡᠳ᠋ ᠪᠣᠳᠠᠰ᠎ᠢ ᠭᠦᠢᠴᠡᠳ ᠪᠡᠯᠡᠳᠭᠡᠵᠦ᠍᠂ 《ᠮᠠᠱᠢᠨ᠎ᠢᠶᠠᠷ ᠭᠤᠤᠯ ᠪᠣᠯᠭᠠᠵᠤ᠂ ᠬᠥᠮᠦᠨ᠎ᠤ ᠬᠦᠴᠦ᠍᠎ᠪᠠᠷ ᠬᠠᠪᠰᠤᠷᠴᠤ᠌᠂ ᠭᠤᠤᠯᠳᠠᠯᠭ᠎ᠠ᠎ᠲᠠᠢ ᠱᠢᠪᠲᠤᠯᠤᠯᠲᠠ ᠬᠢᠵᠦ᠍᠂ ᠪᠥᠬᠦ᠌ ᠣᠷᠣᠨ ᠪᠦᠰᠡ᠎ᠪᠠᠷ ᠠᠬᠢᠭᠤᠯᠬᠤ》 ᠠᠵᠢᠯ᠎ᠤᠨ ᠲᠥᠰᠦᠯ᠎ᠢ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠮᠥᠰᠥ᠍ ᠴᠠᠰᠤᠨ᠎ᠤ ᠨᠠᠭᠠᠳᠤᠮ᠎ᠤᠨ ᠭᠤᠤᠯ ᠵᠠᠮ᠂ ᠤᠷᠤᠯᠳᠤᠭᠠᠨ᠎ᠤ ᠵᠠᠮ ᠳᠠᠭᠠᠤ ᠵᠢᠴᠢ ᠤᠯᠤᠰ᠎ᠤᠨ ᠪᠠ ᠮᠤᠵᠢ᠎ᠶ᠋ᠢᠨ ᠭᠤᠤᠯ ᠱᠤᠭᠤᠮ᠎ᠤᠨ ᠣᠭ᠍ᠵᠣᠮ ᠮᠣᠷᠣᠢᠬᠤ ᠡᠭ᠌ᠴᠡ ᠬᠥᠲᠥᠯ᠂ ᠬᠥᠭᠦᠷᠭᠡ᠎ᠶ᠋ᠢᠨ ᠬᠤᠯᠪᠤᠭ᠋ᠠᠰᠦ ᠵᠠᠮ ᠵᠡᠷᠭᠡ ᠠᠮᠠᠷᠬᠠᠨ ᠮᠥᠰᠥ᠍ ᠬᠥᠯᠳᠡᠵᠦ᠍ ᠲᠦᠭ᠌ᠵᠢᠷᠡᠭ᠌ᠰᠡᠨ ᠵᠠᠮ᠎ᠤᠨ ᠬᠡᠰᠡᠭ᠎ᠢᠶᠠᠷ ᠭᠤᠤᠯᠳᠠᠯᠭ᠎ᠠ ᠪᠣᠯᠭᠠᠨ᠂ 24 ᠴᠠᠭ᠎ᠢᠶᠠᠷ ᠡᠭᠡᠯᠵᠢᠯᠡᠨ ᠵᠢᠵᠢᠭᠦᠷᠯᠡᠵᠦ ᠂ ᠠᠵᠢᠯ᠎ᠢᠶᠠᠨ ᠲᠠᠰᠤᠯᠳᠠᠭᠤᠯᠬᠤ ᠦᠭᠡᠢ ᠪᠠᠢᠬᠤ ᠶᠢ ᠬᠡᠷᠡᠭᠵᠢᠭᠦᠯᠵᠦ᠂ ᠬᠤᠷᠠᠭ᠍ᠰᠠᠨ ᠴᠠᠰᠤ᠎ᠶ᠋ᠢ ᠱᠦᠭᠦᠷᠳᠡᠨ ᠴᠡᠪᠡᠷᠯᠡᠵᠦ᠍᠂ ᠴᠠᠰᠤ ᠬᠠᠢᠯᠤᠭᠤᠯᠤᠭ᠍ᠴᠢ ᠡᠳ᠋ ᠳᠡᠪᠢᠰᠭᠦ ᠵᠢᠴᠢ ᠵᠠᠮ ᠳᠡᠭᠡᠷᠡᠬᠢ ᠬᠠᠯᠲᠤᠷᠢᠬᠤ᠎ᠠᠴᠠ ᠰᠡᠷᠭᠡᠢᠯᠡᠨ ᠱᠢᠢᠳᠪᠦᠷᠢᠯᠡᠬᠦ᠌ ᠠᠵᠢᠯ᠎ᠢ ᠥᠨᠳᠥᠷ ᠪᠦᠲᠦᠮᠵᠢᠲᠡᠶ᠎ᠪᠠᠷ ᠥᠷᠨᠢᠭᠦᠯᠪᠡ᠃
ᠦᠷᠭᠦᠯᠵᠢᠯᠡᠨ ᠪᠠᠢᠯᠳᠤᠬᠤ᠎ᠪᠠᠷ ᠳᠡᠮᠵᠢᠨ᠂ ᠮᠧᠩ ᠲᠦᠩ ᠠᠷᠠᠴᠢᠯᠠᠨ ᠬᠠᠮᠠᠭᠠᠯᠠᠬᠤ ᠬᠢᠩᠭ᠋ᠠᠨ ᠠᠢ᠌ᠮᠠᠭ᠎ᠤᠨ ᠬᠤᠪᠢᠶᠠᠷᠢ ᠺᠣᠮᠫᠠᠨᠢ᠎ᠶᠢᠨ ᠬᠠᠷᠢᠶᠠᠨ᠎ᠳᠠᠬᠢ ᠵᠠᠮ᠎ᠤᠨ ᠬᠤᠷᠠᠭᠰᠠᠨ ᠴᠠᠰᠤ᠎ᠶᠢ ᠪᠦᠬᠦᠨ᠎ᠢ ᠴᠡᠪᠡᠷᠯᠡᠨ ᠠᠷᠢᠯᠭᠠᠵᠤ᠂ ᠬᠡᠪ᠎ᠦᠨ ᠪᠠᠢᠳᠠᠯ᠎ᠢᠶᠠᠷ ᠨᠡᠪᠲᠡᠷᠡᠬᠦ᠎ᠶᠢ ᠰᠡᠷᠭᠦᠭᠡᠪᠡ᠃
ᠲᠣᠰ ᠬᠤᠪᠢᠶᠠᠷᠢ ᠺᠣᠮᠫᠠᠨᠢ ᠴᠠᠭ ᠠᠭᠤᠷ᠎ᠤᠨ ᠬᠤᠪᠢᠷᠠᠯᠲᠠ᠎ᠶ᠋ᠢ ᠦᠷᠭᠦᠯᠵᠢᠯᠡᠨ ᠴᠢᠩᠭ᠎ᠠ ᠠᠩᠬᠠᠷᠴᠤ᠌᠂ ᠠᠵᠢᠯᠯᠠᠭ᠎ᠠ᠎ᠶ᠋ᠢᠨ ᠬᠤᠭᠤᠴᠠᠭᠠᠨ᠎ᠳᠠᠬᠢ ᠵᠠᠮ᠎ᠤᠨ ᠪᠠᠢᠳᠠᠯ᠎ᠢ ᠲᠣᠭᠤᠷᠢᠨ ᠪᠠᠢᠴᠠᠭᠠᠬᠤ ᠤᠳᠠᠭ᠎ᠠ᠎ᠪᠠᠨ ᠨᠢᠭᠲᠠᠵᠢᠭᠤᠯᠤᠨ᠂ ᠨᠡᠪᠲᠡᠷᠡᠬᠦ᠌ ᠪᠠᠢᠳᠠᠯ᠎ᠢ ᠴᠠᠭ ᠲᠤᠬᠠᠶ᠎ᠳᠤᠨᠢ ᠡᠵᠡᠮᠱᠢᠵᠦ᠍᠂ ᠪᠠᠴᠢᠮ ᠪᠠᠢᠳᠠᠯ᠎ᠢ ᠠᠷᠭ᠋ᠠᠴᠠᠭ᠋ᠠᠬᠤ ᠲᠣᠭ᠍ᠲᠠᠴᠠ ᠪᠠ ᠠᠵᠢᠯ᠎ᠤᠨ ᠶᠠᠪᠤᠴᠠ᠎ᠶ᠋ᠢ ᠱᠢᠯᠢᠳᠡᠭ᠌ᠵᠢᠭᠦᠯᠦᠨ᠂ ᠡᠪᠦᠯ᠎ᠤᠨ ᠤᠯᠠᠷᠢᠯ᠎ᠤᠨ ᠵᠠᠮ ᠨᠡᠪᠲᠡᠷᠡᠬᠦ ᠠᠮᠤᠷ ᠲᠦᠪᠱᠢᠨ᠎ᠢ ᠰᠠᠬᠢᠨ ᠬᠠᠮᠠᠭᠠᠯᠠᠨ᠎ᠠ᠃