ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠯᠥᠨ ᠪᠤᠢᠷ ᠬᠤᠲᠠ᠎ᠶ᠋ᠢᠨ ᠵᠠᠰᠠᠮᠠᠯ ᠵᠠᠮ ᠨᠡᠪᠲᠡᠷᠡᠬᠦ᠌ ᠰᠦᠢᠳᠭᠡᠯ ᠬᠤᠷᠢᠶᠠᠬᠤ ᠲᠥᠪ᠎ᠤᠨ ᠱᠢᠩ ᠯᠦᠩ ᠰᠦᠢᠳᠭᠡᠯ ᠬᠤᠷᠢᠶᠠᠬᠤ ᠥᠷᠲᠡᠭᠡ ᠴᠠᠰᠤ᠎ᠲᠠᠢ ᠡᠳᠦᠷ ᠵᠢᠯᠣᠭᠤᠴᠢ ᠠᠶᠠᠨᠴᠢᠳ᠎ᠲᠤ ᠬᠠᠢᠷ᠎ᠠ ᠬᠠᠯᠠᠮᠵᠢ ᠬᠦᠷᠭᠡᠪᠡ
ᠨᠡᠶ᠋ᠢᠲᠡᠯᠡᠭᠰᠡᠨ ᠴᠠᠭ᠄ 2025-12-08

ᠤᠢᠷ᠎ᠠ᠎ᠳᠤ᠂ ᠬᠥᠯᠥᠨ ᠪᠤᠢᠷ ᠬᠤᠲᠠ ᠴᠠᠰᠤ ᠱᠢᠭᠤᠷᠭ᠎ᠠ᠎ᠲᠠᠢ ᠠᠭᠤᠷ ᠠᠮᠢᠰᠭᠤᠯ᠎ᠢ ᠤᠭ᠍ᠲᠤᠨ ᠠᠪᠴᠢᠷᠠᠪᠠ᠃ ᠴᠠᠰᠤ ᠣᠷᠣᠬᠤ᠎ᠶᠢᠨ ᠡᠮᠦᠨ᠎ᠡ᠂ ᠬᠥᠯᠥᠨ ᠪᠤᠢᠷ ᠬᠤᠲᠠ᠎ᠶ᠋ᠢᠨ ᠵᠠᠰᠠᠮᠠᠯ ᠵᠠᠮ ᠨᠡᠪᠲᠡᠷᠡᠬᠦ᠌ ᠰᠦᠶ᠋ᠳᠭᠡᠯ ᠬᠤᠷᠢᠶᠠᠬᠤ ᠲᠥᠪ᠎ᠤᠨ ᠱᠢᠩ ᠯᠦᠩ ᠰᠦᠶ᠋ᠳᠭᠡᠯ ᠬᠤᠷᠢᠶᠠᠬᠤ ᠥᠷᠲᠡᠭᠡ᠎ᠶ᠋ᠢᠨ ᠪᠥᠬᠦ᠌ ᠠᠵᠢᠯᠲᠠᠨ ᠠᠵᠢᠯᠴᠢᠨ ᠵᠠᠷᠯᠢᠭ᠋᠎ᠤᠨ ᠳᠠᠭᠠᠤ ᠬᠥᠳᠡᠯᠦᠯᠴᠡᠵᠦ᠍᠂ ᠰᠦᠶ᠋ᠳᠭᠡᠯ ᠬᠤᠷᠢᠶᠠᠬᠤ ᠲᠠᠯᠠᠪᠠᠶ᠂ ᠲᠡᠷᠭᠡᠨ ᠵᠠᠮ᠂ ᠥᠷᠲᠡᠭᠡ᠎ᠶ᠋ᠢᠨ ᠲᠣᠭᠤᠷᠢᠭ᠎ᠤᠨ ᠣᠷᠣᠵᠤ ᠭᠠᠷᠬᠤ ᠭᠠᠵᠠᠷ ᠵᠡᠷᠭᠡ ᠵᠠᠩᠭᠢᠯᠠᠭ᠎ᠠ᠎ᠶ᠋ᠢᠨ ᠣᠷᠣᠨ ᠪᠦᠰᠡ᠎ᠶ᠋ᠢᠨ ᠬᠤᠷᠠᠭ᠍ᠰᠠᠨ ᠴᠠᠰᠤ᠎ᠶ᠋ᠢ ᠲᠥᠪᠯᠡᠷᠡᠭᠦᠯᠦᠨ ᠴᠡᠪᠡᠷᠯᠡᠪᠡ᠃

ᠪᠥᠬᠦ᠌ ᠬᠦᠴᠦᠨ᠎ᠢᠶᠠᠷ᠎ᠢᠶᠠᠨ ᠴᠠᠰᠤ ᠠᠷᠢᠯᠭᠠᠵᠤ ᠰᠠᠭᠠᠳ ᠥᠬᠡᠶ ᠨᠡᠪᠲᠡᠷᠡᠭᠦᠯᠬᠦ᠌᠎ᠶ᠋ᠢᠨ ᠬᠠᠮᠲᠤ᠌᠂ ᠲᠤᠰ ᠥᠷᠲᠡᠭᠡ ᠢᠮᠠᠭ᠍ᠲᠠ 《ᠠᠷᠠᠳ ᠲᠦᠮᠡᠨ᠎ᠳᠤ ᠦᠶ᠋ᠯᠡᠴᠢᠯᠡᠬᠦ᠌》 ᠣᠭ ᠰᠠᠨᠠᠭ᠎ᠠ᠎ᠪᠠᠨ ᠪᠠᠷᠢᠮᠲᠠᠯᠠᠵᠤ᠂ ᠬᠠᠱᠢᠭ᠍ᠳᠠᠭ᠍ᠰᠠᠨ ᠲᠡᠷᠭᠡᠨ᠎ᠤ ᠡᠵᠡᠨ᠎ᠳᠤ ᠢᠳᠡᠪᠬᠢᠲᠡᠶ᠎ᠪᠠᠷ ᠰᠡᠳᠭᠢᠯ᠎ᠢ ᠳᠤᠯᠠᠭᠠᠴᠠᠭᠤᠯᠬᠤ ᠦᠢᠯᠡᠴᠢᠯᠡᠭᠡ ᠬᠠᠩᠭ᠋ᠠᠪᠠ᠃ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡᠨ᠎ᠤ ᠲᠠᠪᠴᠠᠩ ᠎ᠳᠦ ᠬᠠᠯᠠᠭᠤᠨ ᠤᠰᠤ᠂ ᠪᠡᠯᠡᠨ ᠮᠢᠨᠲᠤᠤᠷ᠂ ᠪᠠᠢᠩᠭᠤ ᠬᠡᠷᠡᠭ᠌ᠯᠡᠬᠦ᠌ ᠡᠮ᠎ᠤᠨ ᠵᠦᠢᠯ ᠵᠡᠷᠭᠡ ᠡᠳ᠋ ᠪᠣᠳᠠᠰ᠎ᠢ ᠭᠦᠢ᠍ᠴᠡᠳ ᠪᠠᠯᠡᠳᠭᠡᠵᠦ᠂ ᠰᠦᠯᠵᠢᠯᠳᠦᠨ ᠥᠩᠭᠡᠷᠡᠬᠦ ᠵᠢᠯᠣᠭᠣᠴᠢ᠎ᠳᠤ ᠰᠠᠨᠠᠭᠠᠴᠢᠯᠠᠭ᠎ᠠ ᠠ᠋ᠴᠠ᠎ᠪᠠᠨ ᠬᠠᠯᠠᠭᠤᠨ ᠤᠰᠤ᠂ ᠬᠠᠯᠠᠭᠤᠨ ᠢᠳᠡᠭᠡᠨ ᠬᠦᠷᠭᠡᠵᠦ᠂ ᠲᠡᠷᠭᠡᠨ᠎ᠦ ᠡᠵᠡᠨ᠎ᠦ ᠠᠰᠠᠭᠤᠨ ᠯᠠᠪᠯᠠᠭᠰᠠᠨ ᠢ᠋ ᠬᠦᠯᠢᠴᠡᠩᠭᠦᠢ᠎ᠪᠡᠷ ᠬᠠᠷᠢᠭᠤᠯᠵᠤ᠂ ᠵᠠᠮ᠎ᠤᠨ ᠪᠠᠢᠳᠠᠯ᠎ᠤᠨ ᠮᠡᠳᠡᠭᠡ ᠵᠠᠩᠭᠢ ᠶ᠋ᠢ ᠨᠠᠷᠢᠨ ᠲᠣᠳᠣᠷᠬᠠᠢ ᠮᠡᠳᠡᠭᠳᠡᠵᠦ᠂ ᠣᠯᠠᠨ᠎ᠤ ᠪᠠᠴᠢᠮᠳᠠᠵᠤ ᠰᠠᠨᠳᠤᠷᠤᠭᠰᠠᠨ ᠰᠡᠳᠬᠢᠯᠭᠡ ᠶ᠋ᠢ ᠲᠠᠢ᠌ᠳᠬᠤᠷᠠᠭᠤᠯᠤᠭᠰᠠᠨ ᠪᠠᠢ᠌ᠨ᠎ᠠ᠃ 

ᠭᠡᠨᠡᠳᠲᠡ ᠴᠠᠰᠤ ᠣᠷᠣᠬᠤ᠎ᠶᠢ ᠠᠷᠭ᠋ᠠᠴᠠᠭ᠋ᠠᠬᠤ᠎ᠳᠤ᠂ ᠲᠣᠰ ᠥᠷᠲᠡᠭᠡᠨ᠎ᠦ ᠪᠥᠬᠥ ᠠᠵᠢᠯᠲᠠᠨ ᠠᠵᠢᠯᠴᠢᠨ ᠳᠡᠭᠡᠳᠦ ᠬᠡᠮᠵᠢᠶᠡᠨ᠎ᠦ ᠬᠠᠷᠢᠭᠤᠴᠠᠯᠭ᠎ᠠ ᠡᠭᠦᠷᠭᠡᠯᠡᠯ᠎ᠢᠶᠡᠷ᠂ ᠪᠠᠴᠢᠮ ᠪᠠᠢᠳᠠᠯ᠎ᠢ ᠠᠷᠭ᠋ᠠᠴᠠᠭ᠋ᠠᠨ ᠰᠢᠢᠳᠪᠦᠷᠢᠯᠡᠬᠦ ᠪᠠ ᠠᠷᠠᠳ᠎ᠲᠤ ᠲᠥᠬᠥᠮ ᠦᠵᠡᠭᠦᠯᠬᠦ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ ᠂ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠡᠮᠬᠢ ᠵᠢᠷᠤᠮ᠎ᠲᠠᠢ ᠰᠠᠭᠠᠳ ᠦᠭᠡᠢ ᠨᠡᠪᠲᠡᠷᠡᠬᠦ᠎ᠶᠢ ᠪᠠᠲᠤᠯᠠᠨ ᠂ ᠰᠦᠢᠳᠬᠡᠯ ᠬᠤᠷᠢᠶᠠᠬᠤ ᠥᠷᠲᠡᠭᠡ᠎ᠶᠢᠨ 《ᠬᠥᠮᠥᠨ᠎ᠢᠶᠡᠷ ᠦᠨᠳᠦᠰᠦ ᠪᠣᠯᠭᠠᠵᠤ᠂ ᠠᠷᠠᠳ᠎ᠤᠨ ᠲᠥᠯᠥᠭᠡ ᠦᠢᠯᠡᠴᠢᠯᠡᠬᠦ》 ᠠᠵᠢᠯ᠎ᠤᠨ ᠣᠢᠯᠠᠭᠠᠭᠳᠠᠬᠤᠨ᠎ᠢ ᠢᠯᠡᠷᠡᠭᠦᠯᠵᠦ᠂ ᠰᠦᠯᠵᠢᠯᠳᠦᠨ ᠥᠩᠭᠡᠷᠡᠬᠦ ᠲᠡᠷᠭᠡᠨ᠎ᠡᠵᠡᠨ᠎ᠦ ᠥᠷᠭᠡᠨ ᠳᠡᠯᠭᠡᠷ ᠰᠠᠢᠨ ᠦᠨᠡᠯᠡᠯᠲᠡ᠎ᠶᠢ ᠣᠯᠣᠭᠰᠠᠨ ᠪᠠᠢᠨ᠎ᠠ᠃ (ᠵᠠᠩ ᠯᠧᠢ) 

ᠢᠷᠡᠯᠲᠡ᠄ ᠬᠥᠯᠥᠨ ᠪᠤᠢᠷ ᠬᠤᠲᠠ᠎ᠶ᠋ᠢᠨ ᠵᠠᠰᠠᠮᠠᠯ ᠵᠠᠮ ᠨᠡᠪᠲᠡᠷᠡᠬᠦ᠌ ᠰᠦᠢᠳᠭᠡᠯ ᠬᠤᠷᠢᠶᠠᠬᠤ ᠲᠥᠪ᠎ᠤᠨ ᠰᠢᠩ ᠯᠦᠩ ᠰᠦᠢᠳᠭᠡᠯ ᠬᠤᠷᠢᠶᠠᠬᠤ ᠥᠷᠲᠡᠭᠡ
          
ᠬᠠᠮᠢᠶ᠎ᠡ ᠪᠦᠬᠦᠢ ᠰᠣᠨᠢᠨ
 
            